ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠤᠭᠤᠲᠤ ᠬᠣᠲᠠ ᠵᠢᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠠᠢ᠌ᠭᠤᠯᠤᠯᠲᠠ ᠵᠢ ᠤᠯᠠᠨ ᠠᠷᠭ᠎ᠠ᠎ᠪᠠᠷ ᠠᠬᠢᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2024-12-16

  《ᠬᠥᠳᠡᠭᠡ ᠲᠣᠰᠬᠣᠨ᠎ᠤ ᠠᠯᠳᠠᠷᠲᠤ ᠠᠵᠢᠯᠯᠠᠭ᠎ᠠ》 ᠵᠢ ᠥᠷᠨᠢᠭᠦᠯᠦᠭᠰᠡᠨ᠎ᠠᠴᠠ ᠨᠠᠭ᠋ᠠᠰᠢ  ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ》᠎ᠢ ᠪᠥᠬᠥ ᠲᠠᠯ᠎ᠠ᠎ᠪᠠᠷ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢ ᠤᠬᠠᠭᠤᠯᠵᠤ ᠵᠢᠯᠤᠭᠣᠳᠬᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠴᠤᠭᠯᠠᠭᠤᠯᠬᠤ᠂ ᠭᠠᠵᠠᠷ᠎ᠤᠨ ᠨᠡᠷᠡᠰ᠎ᠤᠨ ᠰᠣᠶᠣᠯ᠎ᠢ ᠤᠬᠠᠭᠤᠯᠬᠤ ᠲᠠᠯ᠎ᠠ᠎ᠪᠠᠷ ᠬᠦᠴᠦ ᠲᠠᠯᠪᠢᠵᠤ᠂ ᠪᠥᠬᠥ ᠬᠣᠲᠠ ᠵᠢᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠦᠲᠦᠭᠡᠨ ᠪᠠᠢ᠌ᠭᠤᠯᠤᠯᠲᠠ ᠵᠢ ᠣᠯᠠᠨ ᠠᠷᠭ᠎ᠠ᠎ᠪᠠᠷ ᠠᠬᠢᠭᠤᠯᠵᠤ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠪᠠᠷᠢᠮᠵᠢᠶᠠᠵᠢᠭᠤᠯᠤᠨ ᠨᠠᠷᠢᠯᠢᠭᠵᠢᠭᠤᠯᠬᠤ  ᠲᠦᠪᠰᠢᠨ᠎ᠢ ᠳᠡᠭᠡᠭᠰᠢᠯᠡᠭᠦᠯᠦᠨ᠂ 《ᠬᠥᠳᠡᠭᠡ ᠲᠣᠰᠬᠣᠨ᠎ᠤ ᠨᠠᠷᠠᠲᠤ ᠠᠵᠢᠯᠯᠠᠭ᠎ᠠ》 ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃


ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠬᠦᠳᠤᠯᠤᠮᠵᠢ ᠵᠢ ᠴᠢᠡᠭᠭ᠋ᠠᠳᠬᠠᠪᠠ
 
    3 ᠬᠤᠭᠤᠴᠠᠭ᠋ᠠᠨ᠎ᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠢ᠌ᠭᠤᠯᠵᠤ᠂ ᠪᠥᠬᠥ ᠬᠣᠲᠠ ᠵᠢᠨ ᠣᠷᠣᠨ  ᠬᠤᠪᠢᠶᠠᠷᠢᠯᠠᠯ  ᠭᠠᠵᠠᠷ᠎ᠤᠨ  ᠨᠡᠷᠡᠰ᠎ᠤᠨ ᠠᠵᠢᠯᠲᠠᠨ᠎ᠢ ᠵᠢᠯᠣᠭᠣᠳᠤᠨ ᠬᠥᠳᠡᠭᠡ ᠲᠣᠰᠬᠣᠨ᠎ᠤ ᠨᠠᠷᠠᠲᠤ ᠠᠵᠢᠯᠯᠠᠭ᠎ᠠ ᠵᠢ ᠪᠥᠬᠥ ᠲᠠᠯ᠎ᠠ᠎ᠪᠠᠷ ᠣᠢ᠌ᠯᠠᠭ᠋ᠠᠨ ᠪᠠᠢ᠌ᠴᠠᠭ᠋ᠠᠬᠤ᠂ ᠵᠢᠷᠤᠭ ᠴᠤᠭᠯᠠᠭᠤᠯᠬᠤ᠂ ᠨᠡᠷᠡᠢ᠌ᠳᠦᠨ ᠪᠠᠷᠢᠮᠵᠢᠶ᠎ᠠ ᠲᠣᠭᠲᠠᠭ᠋ᠠᠬᠤ ᠵᠡᠷᠭᠡ ᠡᠯ᠎ᠡ ᠵᠦᠢ᠍ᠯ᠎ᠤᠨ ᠠᠵᠢᠯ᠎ᠤᠨ ᠭᠣᠭᠴᠣᠭ᠎ᠠ ᠵᠢ ᠥᠷᠨᠢᠭᠦᠯᠵᠦ᠂ ᠣᠨᠣᠯ ᠪᠠ ᠪᠣᠳᠠᠲᠠᠢ ᠪᠣᠯᠪᠠᠰᠤᠷᠠᠯ᠎ᠤᠨ ᠠᠷᠭ᠎ᠠ᠎ᠪᠠᠷ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠴᠤᠭᠯᠠᠭᠤᠯᠬᠤ ᠠᠵᠢᠯ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠢ᠌ᠨ᠎ᠠ᠃   ᠲᠤᠷᠰᠢᠯᠲᠠ ᠬᠢᠬᠦ ᠠᠷᠭ᠎ᠠ᠎ᠪᠠᠷ ᠵᠢᠤᠶᠤᠸᠠᠨ ᠲᠣᠭᠣᠷᠢᠭ᠂ ᠲᠦᠮᠡᠳ ᠪᠠᠷᠠᠭᠤᠨ ᠬᠣᠰᠢᠭᠤ ᠵᠡᠷᠭᠡ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠤ 《ᠬᠥᠳᠡᠭᠡ ᠲᠣᠰᠬᠣᠨ᠎ᠤ ᠨᠠᠷᠠᠲᠤ ᠠᠵᠢᠯᠯᠠᠭ᠎ᠠ》 ᠵᠢᠨ ᠶᠠᠪᠤᠴᠨ   ᠵᠢᠨ ᠵᠢᠯᠣᠭᠣᠳᠤᠮᠵᠢ᠂ ᠭᠦᠢ᠍ᠴᠡᠳᠬᠡᠬᠦ ᠨᠠᠷᠢᠨ ᠬᠠᠭᠤᠳᠠᠰᠤ᠂ ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ ᠵᠡᠷᠭᠡ ᠮᠠᠲ᠋ᠧᠷᠢᠶᠠᠯ᠎ᠤᠨ ᠭᠠᠷ ᠳᠡᠪᠲᠡᠷ ᠲᠣᠭᠲᠠᠭ᠋ᠠᠬᠤ ᠵᠢ ᠵᠢᠯᠤᠭᠣᠳᠴᠤ᠂ ᠡᠯ᠎ᠡ ᠰᠠᠯᠠᠭ᠎ᠠ ᠮᠥᠴᠢᠷ᠂ ᠡᠯ᠎ᠡ ᠪᠠᠯᠭ᠋ᠠᠰᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠯᠦᠭᠡ ᠵᠢᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠳᠤᠮᠳᠠᠬᠢ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠪᠠᠯᠭ᠋ᠠᠰᠤ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠠᠷᠢᠶ᠎ᠠ ᠲᠣᠰᠬᠣᠨ᠂ ᠨᠡᠢ᠌ᠭᠡᠮ ᠲᠣᠭᠣᠷᠢᠭ᠎ᠤᠨ 《ᠲᠣᠣᠷᠵᠢᠯ》᠎ᠤᠨ ᠬᠦᠴᠦᠨ᠎ᠢ ᠭᠦᠢ᠍ᠴᠡᠳ ᠳᠠᠶ᠋ᠢᠴᠢᠯᠠᠨ᠂ ᠬᠥᠳᠡᠭᠡ ᠲᠣᠰᠬᠣᠨ᠎ᠤ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢ ᠨᠠᠷᠢᠯᠢᠭ ᠣᠨᠣᠴᠠᠲᠠᠢ᠂ ᠵᠢᠷᠤᠮᠵᠢᠭᠤᠯᠤᠨ ᠴᠤᠬᠯᠠᠭᠤᠯᠪᠠ᠃


ᠲᠣᠰᠬᠣᠨ᠎ᠤ ᠠᠷᠠᠳ᠎ᠲᠤ ᠬᠥᠳᠡᠭᠡ ᠲᠣᠰᠬᠣᠨ᠎ᠤ ᠠᠯᠳᠠᠷᠲᠤ ᠠᠵᠢᠯᠯᠠᠭ᠎ᠠ ᠵᠢᠨ ᠰᠠᠨᠠᠭ᠋ᠠᠴᠢᠯᠠᠭ᠎ᠠ ᠵᠢᠨ ᠪᠢᠴᠢᠭ ᠲᠠᠷᠬᠠᠭ᠋ᠠᠵᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠢ ᠴᠤᠬᠯᠠᠭᠤᠯᠬᠤ ᠠᠵᠢᠯ᠎ᠤᠨ ᠡᠷᠴᠢᠮ᠎ᠢ ᠴᠢᠡᠭᠭ᠋ᠠᠷᠠᠭᠤᠯᠪᠠ
 
   ᠦᠢ᠍ᠯᠡᠴᠢᠯᠡᠭᠡᠨ᠎ᠤ ᠤᠳᠤᠷᠢᠳᠤᠮᠵᠢ ᠵᠢ ᠪᠠᠷᠢᠮᠲᠠᠯᠠᠵᠤ᠂ ᠬᠥᠳᠡᠭᠡ ᠲᠣᠰᠬᠣᠨ᠎ᠤ ᠵᠠᠰᠠᠯᠲᠠ ᠵᠢᠨ ᠨᠠᠷᠢᠯᠢᠭᠵᠢᠭᠤᠯᠬᠤ ᠬᠡᠷᠡᠭᠴᠡᠭᠡ᠎ᠳᠤ ᠴᠢᠭᠯᠡᠭᠦᠯᠦᠨ᠂ ᠬᠣᠲᠠ᠂ ᠲᠣᠭᠣᠷᠢᠭ᠎ᠤᠨ ᠬᠣᠶᠠᠷ ᠱᠠᠲᠤᠨ᠎ᠤ ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ ᠵᠶ᠋ᠠᠷ ᠬᠥᠳᠡᠭᠡ ᠲᠣᠰᠬᠣᠨ᠎ᠤ ᠠᠯᠳᠠᠷᠲᠤ ᠠᠵᠢᠯᠯᠠᠭ᠋ᠠᠨ᠎ᠤ ᠤᠬᠠᠭᠤᠯᠭ᠎ᠠ ᠵᠢ ᠢᠳᠡᠪᠬᠢᠲᠡᠢ ᠥᠷᠨᠢᠭᠦᠯᠵᠦ᠂ ᠲᠦᠮᠡᠳ ᠪᠠᠷᠠᠭᠤᠨ ᠬᠣᠰᠢᠭᠤᠨ᠎ᠤ᠎ᠬᠢᠨ 《ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠢᠷᠡᠯᠲᠡ ᠵᠢᠨ ᠬᠠᠷᠢᠶ᠎ᠠ ᠵᠢ ᠪᠠᠶ᠋ᠢᠭᠤᠯᠬᠤ》 ᠠᠵᠢᠯᠯᠠᠭ᠎ᠠ ᠥᠷᠨᠢᠭᠦᠯᠵᠦ᠂ ᠵᠢᠤᠶᠤᠸᠠᠨ ᠲᠣᠭᠣᠷᠢᠭ᠎ᠲᠤ 《  ᠨᠤᠲᠤᠭ ᠎ᠤᠨ ᠵᠶ᠋ᠡᠨ ᠭᠠᠵᠠᠷ᠎ᠤᠨ ᠨᠡᠷᠡᠰ᠎ᠤᠨ ᠠᠵᠢᠯ᠎ᠳᠤ ᠬᠦᠴᠤ᠎ᠪᠠᠨ ᠡᠷᠬᠦᠬᠦ》 ᠠᠵᠢᠯᠯᠠᠭ᠎ᠠ ᠥᠷᠨᠢᠭᠦᠯᠵᠦ᠂ ᠲᠣᠰᠬᠣᠨ᠎ᠤ ᠠᠷᠠᠳ᠂ ᠲᠣᠰᠬᠣᠨ᠎ᠤ ᠺᠠᠳ᠋ᠷ᠂ ᠰᠠᠢ᠌ᠨ ᠳᠤᠷ᠎ᠠ ᠵᠢᠨ ᠠᠵᠢᠯᠯᠠᠭᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠵᠢᠨ ᠠᠶᠠᠨᠳᠠᠭ᠋ᠠᠨ ᠣᠷᠣᠯᠴᠠᠬᠤ ᠵᠢ ᠥᠷᠭᠡᠨ ᠵᠶ᠋ᠡᠷ ᠳᠠᠶ᠋ᠢᠴᠢᠯᠠᠵᠤ᠂ 《ᠬᠥᠳᠡᠭᠡ ᠲᠣᠰᠬᠣᠨ᠎ᠤ ᠨᠠᠷᠠᠲᠤ ᠠᠵᠢᠯᠯᠠᠭ᠋ᠠᠨ᠎ᠤ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠴᠤᠭᠯᠠᠭᠤᠯᠬᠤ ᠵᠢᠷᠤᠭ᠎ᠤᠨ ᠲᠠᠪᠴᠠᠩ》 ᠵᠶ᠋ᠠᠷ ᠳᠠᠮᠵᠢᠭᠤᠯᠤᠨ ᠬᠠᠷᠢᠶᠠᠲᠤ ᠣᠷᠣᠨ᠎ᠤ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ᠂ ᠰᠣᠨᠢᠷᠬᠠᠯ᠎ᠤᠨ ᠴᠡᠭ᠂ ᠲᠦᠷᠭᠡᠨ ᠬᠦᠷᠭᠡᠬᠦ ᠥᠷᠲᠡᠭᠡ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠲᠦᠬᠦᠬᠡᠷᠤᠮᠵᠢ ᠵᠡᠷᠭᠡ ᠵᠢ ᠴᠤᠭᠯᠠᠭᠤᠯᠵᠤ᠂ ᠣᠯᠠᠨ ᠲᠦᠮᠡᠨ᠎ᠤ ᠶᠠᠪᠤᠵᠤ ᠰᠠᠭᠤᠬᠤ ᠵᠠᠮᠴᠢᠯᠠᠯ ᠪᠠ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡ᠂ ᠲᠦᠷᠭᠡᠨ ᠬᠦᠷᠭᠡᠯᠲᠡ ᠵᠢ ᠲᠣᠰᠬᠣᠨ᠎ᠳᠤ ᠣᠷᠣᠭᠤᠯᠬᠤ᠂ ᠵᠤᠭ᠋ᠠᠴᠠᠭᠰᠠᠳ᠎ᠤᠨ ᠺᠠᠷᠲ ᠵᠶ᠋ᠠᠨ ᠪᠦᠷᠢᠳᠬᠡᠭᠦᠯᠬᠦ᠎ᠳᠤ ᠬᠦᠴᠦᠨ ᠨᠡᠮᠡᠷᠢᠯᠡᠪᠡ᠃ ᠵᠠᠰᠠᠭ᠎ᠤᠨ ᠣᠷᠳᠣᠨ  ᠵᠢᠯᠤᠭᠣᠳᠬᠤ᠂ ᠠᠷᠠᠳ᠎ᠤᠨ ᠶᠠᠪᠤᠳᠠᠯ᠎ᠤᠨ ᠎ᠬᠢᠨ ᠴᠤᠭᠯᠠᠭᠤᠯᠬᠤ᠂ ᠣᠯᠠᠨ ᠨᠡᠶ᠋ᠢᠲᠡ᠎ᠪᠠᠷ ᠵᠶ᠋ᠡᠨ ᠣᠷᠣᠯᠴᠠᠬᠤ ᠵᠡᠷᠭᠡ ᠠᠷᠭ᠎ᠠ ᠎ᠪᠠᠷ ᠭᠠᠴᠠᠭ᠎ᠠ ᠲᠣᠰᠬᠣᠨ᠎ᠤ ᠵᠢᠮᠢᠰ ᠲᠡᠭᠦᠬᠦ ᠬᠦᠷᠢᠶᠡᠯᠡᠩ᠂ ᠵᠢᠭᠤᠯᠴᠢᠯᠠᠯ᠎ᠤᠨ ᠴᠡᠭ᠂ ᠰᠣᠨᠢᠷᠬᠠᠯ᠎ᠤᠨ ᠴᠡᠭ᠂ ᠲᠦᠷᠭᠡᠨ ᠬᠦᠷᠭᠡᠬᠦ ᠴᠡᠭ ᠵᠡᠷᠭᠡ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠲᠣᠭ᠎ᠠ ᠪᠠᠷᠢᠮᠲᠠ ᠵᠢ 4000 ᠭᠠᠷᠤᠢ ᠴᠤᠭᠯᠠᠭᠤᠯᠵᠤ᠂ ᠵᠡᠷᠭᠡ᠎ᠪᠠᠷ 《ᠰᠦᠯᠵᠢᠶᠡᠨ᠎ᠳᠤ ᠣᠷᠣᠭᠤᠯᠵᠤ》 《ᠵᠢᠷᠤᠭ᠎ᠲᠤ ᠣᠷᠣᠭᠤᠯᠵᠤ》᠂ ᠣᠯᠠᠨ ᠲᠦᠮᠡᠨ᠎ᠤ ᠵᠤᠭ᠋ᠠᠴᠠᠨ ᠲᠣᠭᠣᠷᠢᠬᠤ ᠵᠠᠮᠴᠢᠯᠠᠬᠤ᠎ᠳᠤ ᠲᠥᠬᠥᠮ ᠦᠵᠡᠬᠦᠯᠪᠡ᠃

 

ᠭᠠᠵᠠᠷ᠎ᠤᠨ ᠨᠡᠷᠡᠰ᠎ᠤᠨ ᠰᠣᠶᠣᠯ᠎ᠢ ᠪᠠᠳᠠᠷᠠᠭᠤᠯᠵᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠤᠬᠠᠭᠤᠯᠭ᠎ᠠ ᠵᠢᠨ ᠴᠢᠡᠭᠭ᠋ᠠᠳᠬᠠᠪᠠ
 
      ᠵᠢᠤᠶᠤᠸᠠᠨ ᠲᠣᠭᠣᠷᠢᠭ᠎ᠤᠨ 《ᠨᠤᠲᠤᠭ᠎ᠤᠨ ᠵᠶ᠋ᠠᠨ ᠭᠠᠵᠠᠷ᠎ᠤᠨ ᠨᠡᠷᠡᠰ᠎ᠤᠨ ᠦᠯᠢᠭᠡᠷ᠎ᠢ ᠰᠠᠢ᠌ᠲᠤᠷ ᠶᠠᠷᠢᠵᠤ ᠲᠡᠦᠬᠡ ᠭᠠᠵᠠᠷ᠎ᠤᠨ ᠨᠡᠷᠡᠰ᠎ᠤᠨ ᠰᠣᠶᠣᠯ᠎ᠢ ᠪᠠᠳᠠᠷᠠᠭᠤᠯᠤᠶ᠎ᠠ》 ᠭᠡᠬᠦ ᠭᠣᠣᠯ ᠰᠡᠳᠦᠪ ᠵᠶ᠋ᠡᠷ ᠴᠤᠭᠯᠠᠭᠤᠯᠬᠤ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ ᠲᠤᠬᠠᠢ ᠵᠢᠨ ᠭᠠᠵᠠᠷ᠎ᠲᠤ᠎ᠨᠢ ᠰᠤᠷᠪᠤᠯᠵᠢᠯᠠᠬᠤ᠂ ᠲᠠᠷᠢᠶᠠᠨ ᠭᠠᠵᠠᠷ᠎ᠲᠤ ᠭᠦᠨᠵᠡᠭᠡᠢ᠌ᠷᠡᠨ ᠲᠤᠬᠠᠢ ᠵᠢᠨ ᠭᠠᠵᠠᠷ᠎ᠤᠨ ᠨᠠᠰᠤᠲᠠᠢ᠌ᠴᠤᠳ᠎ᠲᠠᠢ ᠵᠣᠭᠣᠭᠳᠠᠬᠤ᠂ ᠡᠬᠢ ᠰᠤᠷᠪᠤᠯᠵᠢ ᠵᠢ᠎ᠨᠢ ᠠᠰᠠᠭᠤᠬᠤ᠎ᠪᠠᠷ ᠳᠠᠮᠵᠢᠭᠤᠯᠵᠤ᠂ ᠮᠠ ᡂᠢ ᠵᠢᠨ ᠡᠷᠲᠡᠨ᠎ᠤ ᠬᠤᠳᠠ᠂ ᠶᠠᠨ ᠵᠢᠶᠠ ᠯᠢᠶᠠᠩ᠎ᠤᠨ ᠪᠠᠭᠤᠷᠢ᠂ ᠵᠠᠩ ᠯᠦᠩ ᠭᠧ ᠳ᠋ᠠᠨ᠎ᠤ ᠡᠷᠲᠡᠨ᠎ᠤ ᠤᠩᠭᠤᠨ᠎ᠤ ᠰᠦᠷᠦᠭ ᠵᠡᠷᠭᠡ ᠮᠢᠩᠭ᠋ᠠᠨ ᠣᠨ᠎ᠤ ᠰᠣᠶᠣᠯ᠎ᠤᠨ ᠦᠯᠡᠳᠡᠭᠳᠡᠯ᠎ᠢ ᠭᠦᠨᠵᠡᠭᠡᠢ ᠤᠬᠠᠭᠤᠯᠪᠠ᠃ ᠲᠦᠮᠡᠳ ᠪᠠᠷᠠᠭᠤᠨ ᠬᠣᠰᠢᠭᠤᠨ᠎ᠤ᠎ᠬᠢᠨ 《ᠭᠠᠵᠠᠷ᠎ᠤᠨ  ᠨᠡᠷᠡᠰ᠎ᠤᠨ ᠰᠣᠶᠣᠯ᠎ᠢ ᠪᠠᠳᠠᠷᠠᠭᠤᠯᠵᠤ ᠲᠡᠦᠬᠡ ᠵᠢᠨ ᠳᠤᠷᠠᠰᠤᠮᠵᠢ ᠵᠢ ᠤᠯᠠᠮᠵᠢᠯᠠᠨ ᠵᠠᠯᠭ᠋ᠠᠮᠵᠢᠯᠠᠬᠤ》᠎ᠪᠠᠷ ᠭᠣᠣᠯ ᠰᠡᠳᠦᠪ ᠪᠣᠯᠭ᠋ᠠᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠦᠯᠢᠭᠡᠷ᠎ᠢ ᠠᠭᠤᠳᠠᠯᠬᠤ ᠵᠢᠨ ᠬᠠᠮᠲᠤ  ᠮᠠᠢ᠌ᠳᠠᠷ ᠵᠤᠤ᠂ ᠭᠦᠸᠧ ᠧᠨ ᠴᠠᠨ ᠰᠧ ᠬᠡᠢ᠌ᠳ᠂ ᠴᠢᠩ ᠴᠢᠤᠸᠠᠨ ᠰᠧ ᠬᠡᠢ᠌ᠳ᠂ ᠭᠤᠸᠠᠨ ᠳ᠋ᠢ ᠮᠢᠶᠣᠣ ᠰᠦᠮ᠎ᠡ᠂ ᠵᠢᠦ ᠹᠧᠩ ᠱᠠᠨ ᠠᠭᠤᠯᠠ ᠵᠢᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠡᠷᠭᠡ ᠵᠢ ᠲᠤᠬᠠᠢ ᠵᠢᠨ ᠭᠠᠵᠠᠷ᠎ᠤᠨ ᠭᠠᠵᠠᠷ᠎ᠤᠨ  ᠨᠡᠷᠡᠰ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ᠂ ᠸᠠᠩ ᠨᠠᠰᠤᠲᠠᠨ᠎ᠤ ᠬᠠᠭᠤᠴᠢᠨ ᠰᠠᠭᠤᠴᠠ᠂ ᠯᠢ ᠵᠢᠩ ᠴᠢᠤᠸᠠᠨ᠎ᠤ ᠳᠤᠷᠠᠰᠬᠠᠯ᠎ᠤᠨ ᠪᠠᠭᠤᠷᠢ ᠵᠡᠷᠭᠡ ᠵᠢ  ᠬᠤᠪᠢᠰᠬᠠᠯᠳᠤ ᠨᠡᠷᠡᠰ᠎ᠤᠨ ᠬᠠᠮᠠᠭ᠋ᠠᠯᠠᠯᠲᠠ ᠵᠢᠨ ᠲᠡᠮᠳᠡᠭᠯᠡᠯ᠎ᠳᠤ ᠣᠷᠣᠭᠤᠯᠬᠤ ᠠᠵᠢᠯ᠎ᠢ ᠢᠳᠡᠪᠬᠢᠲᠡᠢ ᠠᠬᠢᠭᠤᠯᠵᠤ᠂ ᠣᠳᠣᠬᠠᠨ᠎ᠳᠤ ᠬᠣᠶᠠᠷ ᠭᠠᠵᠠᠷ᠎ᠤᠨ᠎ᠬᠢᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠰᠢᠷᠢᠰ ᠮᠡᠳᠡᠭᠡᠯᠡᠯ᠎ᠢ ᠨᠢᠭᠡᠨᠲᠡ 20 ᠭᠠᠷᠤᠢ ᠬᠤᠭᠤᠴᠠᠭ᠎ᠠ ᠨᠡᠢ᠌ᠲᠡᠯᠡᠭᠰᠡᠨ ᠪᠠᠢ᠌ᠨ᠎ᠠ᠃ ᠲᠡᠦᠬᠡ ᠰᠣᠶᠣᠯ᠎ᠤᠨ ᠦᠨ᠎ᠡ ᠥᠷᠲᠡᠭ᠎ᠲᠠᠢ ᠪᠠ ᠳᠤᠷᠠᠰᠬᠠᠯ᠎ᠤᠨ ᠠᠴᠢ ᠬᠣᠯᠪᠣᠭᠳᠠᠯ᠎ᠲᠠᠢ ᠵᠡᠷᠭᠡ ᠭᠠᠵᠠᠷ᠎ᠤᠨ ᠨᠡᠷᠡᠰ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ ᠸᠢᠴᠠᠲ᠎ᠲᠤ 《ᠭᠠᠵᠠᠷ᠎ᠤᠨ  ᠨᠡᠷᠡᠰ᠎ᠤᠨ ᠰᠣᠶᠣᠯ᠎ᠤᠨ ᠰᠠᠭᠤᠭᠳᠠᠯ᠎ᠲᠠᠢ ᠪᠤᠭᠤᠲᠤ》 ᠲᠤᠰᠬᠠᠢ ᠪᠤᠯᠤᠩ ᠭᠠᠷᠭ᠋ᠠᠵᠤ ᠪᠢᠴᠢᠭ ᠮᠠᠲ᠋ᠧᠷᠢᠶᠠᠯ᠎ᠤᠨ ᠵᠢᠭᠤᠯᠴᠢᠯᠠᠯ᠎ᠤᠨ ᠰᠠᠯᠠᠭ᠎ᠠ ᠮᠥᠴᠢᠷ᠂ ᠲᠠᠩᠰᠠ ᠡᠪᠬᠡᠮᠡᠯ᠎ᠤᠨ ᠲᠣᠪᠴᠢᠶ᠎ᠠ᠂ ᠮᠦᠽᠧᠢ ᠵᠡᠷᠭᠡ ᠣᠯᠠᠨ ᠰᠠᠯᠠᠭ᠎ᠠ ᠮᠥᠴᠢᠷ᠎ᠤᠨ ᠴᠤᠭᠯᠠᠭᠤᠯᠤᠭᠰᠠᠨ ᠬᠠᠮᠢᠶ᠎ᠠ ᠪᠦᠬᠦᠢ ᠮᠠᠲ᠋ᠧᠷᠢᠶᠠᠯ᠎ᠲᠠᠢ ᠢᠳᠡᠪᠬᠢᠲᠡᠢ ᠵᠣᠯᠭ᠋ᠠᠭᠤᠯᠵᠤ᠂ 《ᠰᠢ ᠺᠧᠦ ᠵᠢᠨ ᠰᠣᠶᠣᠯ》 ᠵᠡᠷᠭᠡ ᠭᠠᠵᠠᠷ᠎ᠤᠨ  ᠨᠡᠷᠡᠰ᠎ᠤᠨ ᠰᠣᠶᠣᠯ᠎ᠤᠨ ᠰᠢᠷᠢᠰ ᠮᠡᠳᠡᠭᠡ ᠵᠠᠩᠭᠢ ᠵᠢ 30 ᠰᠢᠬᠠᠮ ᠨᠡᠢ᠌ᠲᠡᠯᠡᠵᠦ᠂ ᠬᠥᠳᠡᠭᠡ ᠲᠣᠰᠬᠣᠨ᠎ᠤ 100 ᠭᠠᠷᠤᠢ ᠭᠠᠵᠠᠷ᠎ᠤᠨ ᠨᠡᠷᠡᠰ᠎ᠲᠤ ᠬᠣᠯᠪᠣᠭᠳᠠᠨ᠎ᠠ᠃
     ᠳᠠᠷᠠᠭ᠋ᠠᠴᠢ᠎ᠪᠠᠷ ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠥᠳᠡᠭᠡ ᠲᠣᠰᠬᠣᠨ᠎ᠤ ᠭᠠᠵᠠᠷ᠎ᠤᠨ  ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ ᠤᠬᠠᠭᠤᠯᠭ᠎ᠠ ᠵᠢᠨ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠦᠢ᠍ᠯᠡᠴᠢᠯᠡᠭᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ ᠭᠠᠵᠠᠷ᠎ᠤᠨ ᠨᠡᠷᠡᠰ ᠪᠣᠯᠣᠨ ᠠᠵᠤ ᠦᠢ᠍ᠯᠡᠰ᠂ ᠰᠣᠶᠣᠯ ᠵᠤᠭ᠋ᠠᠴᠠᠯ᠂ ᠠᠮᠲᠠᠲᠤ ᠢᠳᠡᠭᠡᠨ ᠵᠡᠷᠭᠡ ᠵᠢ ᠣᠷᠭ᠋ᠠᠨᠢᠭ ᠵᠶ᠋ᠠᠷ ᠠᠭᠤᠰᠤᠯᠴᠠᠭᠤᠯᠤᠭᠰᠠᠨ 《ᠭᠠᠵᠠᠷ᠎ᠤᠨ ᠨᠡᠷᠡᠰ+N》᠎ᠤᠨ ᠰᠢᠨ᠎ᠡ ᠵᠠᠭᠪᠤᠷ ᠵᠶ᠋ᠠᠷ ᠰᠢᠨ᠎ᠡ ᠴᠠᠭ ᠦᠶ᠎ᠡ ᠵᠢᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ ᠬᠥᠳᠡᠭᠡ ᠲᠣᠰᠬᠣᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠵᠢ  ᠤᠯᠭᠤᠪᠠ᠃
 
  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ᠎ᠬᠢᠨ ᠨᠡᠭᠦᠳᠡᠯ ᠬᠡᠦᠬᠡᠳ᠎ᠤᠨ ᠬᠣᠲᠠ᠎ᠳᠤ ᠠᠭᠤᠰᠤᠯᠴᠠᠭᠤᠯᠬᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠳᠤ ᠫᠠᠢ᠌ᠰᠠ ᠣᠯᠭᠣᠬᠤ ᠶᠣᠰᠣᠯᠠᠯ᠎ᠢ ᠡᠬᠢᠯᠡᠬᠦᠯᠪᠡ
ᠣᠷᠳᠣᠰ ᠬᠤᠳᠠ ᠵᠢᠨ᠎ᠬᠢᠨ ᠬᠡᠦᠬᠡᠳ᠎ᠤᠨ ᠰᠡᠳᠬᠢᠴᠨ ᠵᠢ ᠬᠠᠢ᠌ᠷᠠᠯᠠᠨ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠵᠤ ᠪᠠᠢ᠌ᠨ᠎ᠠ — ᠨᠡᠢ᠌ᠭᠡᠮ᠎ᠤᠨ ᠠᠰᠠᠷᠠᠮᠵᠢ ᠵᠢᠨ ᠲᠥᠪ᠎ᠤᠨ᠎ᠬᠢᠨ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠰᠡᠳᠬᠢᠴᠡ ᠵᠢ ᠦᠨᠡᠯᠡᠬᠦ ᠠᠵᠢᠯ᠎ᠢ ᠦᠷᠨᠢᠬᠦᠯᠪᠡ
ᠣᠷᠳᠣᠰ ᠬᠣᠲᠠ ᠵᠢᠨ ᠲᠠᠯᠠᠳ ᠬᠣᠰᠢᠭᠤᠨ᠎ᠤ᠎ᠬᠢᠨ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠰᠢᠨ᠎ᠡ ᠠᠷᠭ᠎ᠠ᠎ᠪᠠᠷ ᠪᠦᠲᠦᠮᠵᠢᠲᠡᠶ ᠵᠤᠯᠭ᠋ᠠᠭᠤᠯᠵᠤ ᠪᠠᠢ᠌ᠨ᠎ᠠ
ᠰᠢᠯᠢ ᠵᠢᠨ ᠭᠣᠣᠯ ᠠᠢ᠌ᠮᠠᠭ᠎ᠤᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠴᠠᠭ᠋ᠠᠨ ᠰᠠᠷ᠎ᠠ ᠵᠢᠨ ᠪᠡᠯᠡᠭ ᠪᠣᠭᠴᠣ ᠬᠦᠷᠬᠡᠪᠡ
ᠬᠢᠩᠭ᠋ᠠᠨ ᠠᠢ᠌ᠮᠠᠭ᠎ᠤᠨ᠎ᠬᠢᠨ ᠨᠠᠰᠤᠲᠠᠢ᠌ᠴᠤᠳ᠎ᠤᠨ ᠵᠣᠯ ᠵᠢᠷᠭ᠋ᠠᠯᠲᠤ ᠠᠮᠢᠳᠤᠷᠠᠯ᠎ᠢ ᠲᠦᠪᠬᠢᠨᠡᠬᠦᠯᠵᠤ ᠪᠠᠢ᠌ᠨ᠎ᠠ
 
            