ᠶᠤᠸᠠᠨ ᠪᠦᠦ ᠱᠠᠨ ᠲᠤᠭᠤᠷᠢᠭ᠎ᠤᠨ 30.26 ᠲᠦᠮᠡ ᠬᠦᠮᠦᠨ᠎ᠤ ᠳᠣᠲᠣᠷ᠎ᠠ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ 7.42 ᠲᠦᠮᠡ᠂ ᠪᠥᠬᠥ ᠬᠥᠮᠥᠨ ᠤ 24.5% ᠵᠢ ᠡᠵᠡᠯᠡᠵᠦ᠂ ᠨᠠᠰᠤᠵᠢᠯ᠎ᠤᠨ ᠬᠡᠮᠵᠢᠶ᠎ᠡ ᠨᠡᠯᠢᠶᠡᠳ ᠥᠨᠳᠥᠷ ᠲᠤ ᠪᠠᠬᠳᠠᠬᠤ ᠶᠤᠮ᠃ ᠶᠤᠸᠠᠨ ᠪᠦᠦ ᠱᠠᠨ ᠲᠣᠭᠣᠷᠢᠭ᠎ᠤᠨ᠎ᠬᠢᠨ ᠤᠷᠴᠢᠮ᠎ᠤᠨ ᠵᠢᠯ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠥᠭᠵᠢᠯᠲᠡ ᠵᠢ ᠢᠮᠠᠭᠲᠠ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠰᠠᠯᠠᠭ᠎ᠠ ᠮᠥᠴᠢᠷ᠎ᠤᠳ ᠬᠠᠷᠢᠭᠤᠴᠠᠬᠤ᠂ ᠨᠡᠢ᠌ᠭᠡᠮ ᠵᠶ᠋ᠡᠷ ᠵᠶ᠋ᠡᠨ ᠣᠷᠣᠯᠴᠠᠬᠤ᠂ ᠵᠠᠬ᠎ᠠ ᠳᠡᠯᠭᠡᠭᠦᠷ ᠵᠶ᠋ᠡᠷ ᠠᠵᠢᠯᠯᠠᠭᠤᠯᠬᠤ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠲᠣᠭᠲᠠᠴᠠ ᠵᠢ ᠬᠦᠴᠦᠯᠡᠨ ᠪᠦᠷᠢᠨᠰᠢᠭᠦᠯᠵᠦ᠂ ᠨᠠᠰᠤᠵᠢᠯ᠎ᠤᠨ ᠪᠠᠲᠤᠯᠠᠭ᠎ᠠ ᠵᠢᠨ ᠰᠢᠰᠲᠸᠮ᠎ᠢ ᠲᠡᠬᠦᠯᠳᠡᠷᠵᠢᠬᠦᠯᠤᠨ ᠨᠠᠰᠤᠵᠢᠯ᠎ᠤᠨ ᠦᠢ᠍ᠯᠡᠴᠢᠯᠡᠭᠡᠨ᠎ᠤ ᠲᠦᠪᠰᠢᠨ᠎ᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠨᠠᠰᠤᠲᠠᠢ᠌ᠴᠤᠳ᠎ᠲᠤ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠢ ᠡᠳ᠋ᠯᠡᠭᠦᠯᠬᠦ ᠠᠵᠢᠯ᠎ᠢ ᠠᠬᠢᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠢ 《ᠪᠠᠲᠤᠯᠠᠭ᠎ᠠ᠎ᠲᠠᠢ》 ᠪᠠᠢ᠌ᠭᠰᠠᠨ᠎ᠠᠴᠠ 《ᠶᠠᠰᠤ ᠴᠢᠨᠠᠷ ᠰᠠᠢ᠌ᠳᠠᠢ》 ᠪᠣᠯᠭ᠋ᠠᠨ ᠬᠤᠪᠢᠷᠠᠭᠤᠯᠪᠠ᠃
ᠨᠠᠰᠤᠲᠠᠢ᠌ᠴᠤᠳ᠎ᠲᠤ ᠠᠩᠬᠠᠷᠤᠯ ᠵᠶ᠋ᠠᠨ ᠲᠥᠪᠯᠡᠷᠡᠭᠦᠯᠵᠦ ᠨᠠᠰᠤᠵᠢᠯ᠎ᠤᠨ ᠠᠰᠠᠷᠠᠮᠵᠢ ᠵᠢᠨ ᠦᠨᠳᠤᠰᠤᠨ ᠬᠤᠷᠢᠭ᠎ᠠ ᠵᠢ ᠴᠢᠷᠮᠠᠢ᠌ᠨ ᠪᠠᠳᠤᠯᠠᠪᠠ
ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠬᠣᠲᠠ ᠬᠥᠳᠡᠭᠡ ᠵᠢᠨ ᠲᠤᠰᠠᠯᠠᠮᠵᠢ ᠵᠢᠨ ᠰᠢᠰᠲᠸᠮ᠎ᠳᠤ ᠣᠷᠣᠭᠤᠯᠵᠤ᠂ 《ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤᠯᠠᠬᠤ》 ᠵᠢ ᠪᠠᠷᠢᠮᠲᠠᠯᠠᠨ ᠠᠷᠠᠳ᠎ᠤᠨ ᠶᠠᠪᠤᠳᠠᠯ ᠵᠶ᠋ᠠᠷ ᠠᠷᠠᠳ᠎ᠲᠤ ᠠᠰᠢᠭ ᠬᠦᠷᠲᠡᠭᠡᠬᠦ ᠨᠠᠰᠤᠵᠢᠯ᠎ᠤᠨ ᠠᠰᠠᠷᠠᠮᠵᠢ ᠵᠢᠨ ᠨᠦᠮᠦᠷᠢ ᠵᠢ ᠪᠠᠢ᠌ᠭᠤᠯᠪᠠ᠃ ᠨᠢᠬᠡ᠎ᠳᠤ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠥᠬᠥᠪᠦᠷᠢ ᠬᠢᠭᠡᠳ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠪᠠᠢ᠌ᠳᠠᠯ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠵᠣᠯᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠲᠣᠭᠣᠷᠢᠭ ᠭᠤᠷᠪᠠᠨ ᠱᠠᠲᠤᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠪᠠ᠃ ᠦᠳᠡᠬᠦᠰ᠎ᠤᠨ ᠨᠦᠬᠦᠪᠤᠷᠢ᠂ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠨᠥᠬᠥᠪᠦᠷᠢ ᠵᠢ ᠥᠪᠡᠷᠲᠡᠭᠡᠨ ᠵᠠᠰᠠᠬᠤ ᠣᠷᠣᠨ᠎ᠠᠴᠠ 70% ᠵᠢ ᠬᠠᠡᠭᠭ᠋ᠠᠪᠠ᠃ ᠪᠦᠬᠦᠯᠢ 100 ᠨᠠᠰᠤ ᠪᠠ ᠲᠡᠭᠦᠨ᠎ᠠᠴᠠ ᠳᠡᠭᠡᠭᠰᠢᠬᠢ ᠨᠠᠰᠤᠲᠠᠢ᠌ᠴᠤᠳ᠎ᠤᠨ ᠦᠳᠡᠬᠦᠰ᠎ᠤᠨ ᠨᠦᠬᠦᠪᠤᠷᠢ ᠵᠢᠨ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠡᠯᠡ ᠮᠥᠩᠭᠥ᠎ᠠᠴᠠ ᠪᠦᠬᠦᠨ᠎ᠢ ᠬᠠᠷᠢᠭᠤᠴᠠᠪᠠ᠃ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠭ᠋ᠠᠵᠤ ᠳᠡᠶ᠋ᠢᠯᠬᠦ ᠦᠭᠡᠢ ᠭᠡᠵᠦ ᠲᠤᠬᠳᠠᠭ᠋ᠠᠬᠰᠠᠨ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠢ ᠠᠰᠠᠷᠠᠨ ᠰᠤᠪᠢᠯᠠᠬᠤ ᠨᠥᠬᠥᠪᠦᠷᠢ ᠵᠢᠨ ᠲᠣᠰ ᠱᠠᠲᠤᠨ᠎ᠤ ᠢᠵᠢ ᠪᠦᠷᠢᠳᠦᠭᠦᠯᠬᠦ ᠪᠡᠯᠡ ᠮᠥᠩᠭᠥ ᠵᠢᠨ 70% ᠵᠢ ᠲᠤᠬᠢᠷᠠᠭᠤᠯᠪᠠ᠃ 2024 ᠣᠨ᠎ᠠᠴᠠ ᠨᠠᠭ᠋ᠠᠰᠢ ᠦᠳᠡᠬᠦᠰ᠎ᠤᠨ ᠨᠦᠬᠦᠪᠤᠷᠢ 1063.09 ᠲᠦᠮᠡᠨ ᠲᠥᠭᠥᠷᠢᠭ᠂ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠥᠬᠥᠪᠦᠷᠢ 103.91 ᠲᠦᠮᠡᠨ ᠲᠥᠭᠥᠷᠢᠭ ᠣᠯᠭᠣᠵᠤ᠂ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠭ᠋ᠠᠵᠤ ᠳᠡᠶ᠋ᠢᠯᠬᠦ ᠦᠭᠡᠢ ᠭᠡᠵᠦ ᠮᠠᠭ᠋ᠠᠳᠯᠠᠨ ᠲᠣᠭᠲᠠᠭ᠋ᠠᠭᠰᠠᠨ ᠨᠠᠰᠤᠲᠠᠢ᠌ᠴᠤᠳ᠎ᠤᠨ ᠰᠤᠪᠢᠯᠠᠯᠲᠠ ᠵᠢᠨ ᠨᠥᠬᠥᠪᠦᠷᠢ 11.095 ᠲᠦᠮᠡᠨ ᠲᠥᠭᠥᠷᠢᠭ ᠣᠯᠭᠣᠵᠠᠢ᠃ ᠪᠥᠬᠥ ᠣᠷᠣᠨ᠎ᠤ 1415 ᠵᠡᠮᠳᠡᠭ ᠨᠠᠰᠤᠲᠠᠨ᠎ᠳᠤ ᠨᠡᠶ᠋ᠢᠲᠡ 155.65 ᠲᠦᠮᠡᠨ ᠲᠥᠭᠥᠷᠢᠭ᠎ᠤᠨ ᠠᠮᠢᠳᠤᠷᠠᠯ᠎ᠤᠨ ᠨᠥᠬᠥᠪᠦᠷᠢ ᠵᠢᠨ ᠪᠡᠯᠡ ᠮᠥᠩᠭᠥ ᠣᠯᠭᠣᠵᠤ᠂ 1784 ᠨᠤᠴᠢᠳᠠᠢ ᠵᠡᠮᠳᠡᠭ ᠨᠠᠰᠤᠲᠠᠨ᠎ᠳᠤ 296.24 ᠲᠦᠮᠡᠨ ᠲᠥᠭᠥᠷᠢᠭ᠎ᠤᠨ ᠰᠤᠪᠢᠯᠠᠯᠲᠠ ᠵᠢᠨ ᠨᠥᠬᠥᠪᠦᠷᠢ ᠣᠯᠭᠣᠪᠠ᠃
ᠬᠣᠶᠠᠷ᠎ᠲᠤ᠂ ᠪᠥᠬᠥ ᠣᠷᠣᠨ᠎ᠤ ᠪᠦᠬᠦᠯᠢ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠨᠠᠰᠤᠲᠠᠢ᠌ᠴᠤᠳ᠎ᠤᠨ ᠡᠨᠳᠡᠯ᠎ᠤᠨ ᠭᠡᠮᠲᠦᠯ᠎ᠤᠨ ᠳᠠᠭ᠋ᠠᠳᠬᠠᠯ ᠳᠠᠭ᠋ᠠᠳᠬᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠣᠷᠣᠵᠤ ᠰᠠᠭᠤᠭᠰᠠᠨ ᠨᠠᠰᠤᠲᠠᠢ᠌ᠴᠤᠳ᠎ᠲᠤ ᠳᠠᠭ᠋ᠠᠳᠬᠠᠯ᠎ᠤᠨ ᠪᠠᠢ᠌ᠭᠤᠯᠤᠮᠵᠢ ᠵᠢᠨ ᠡᠨᠳᠡᠯ᠎ᠤᠨ ᠰᠢᠷᠬᠠᠳᠤᠯ᠎ᠳᠤ ᠡᠷᠦᠬᠡ ᠵᠢᠨ ᠳᠣᠲᠣᠨ᠎ᠠ ᠭᠠᠳᠠᠨ᠎ᠠ ᠪᠠ ᠣᠯᠠᠨ ᠨᠡᠶ᠋ᠢᠲᠡ ᠵᠢᠨ ᠲᠠᠯᠠᠪᠤᠷ᠎ᠲᠤ ᠡᠭᠦᠰᠦᠭᠰᠡᠨ ᠡᠨᠳᠡᠯ᠎ᠤᠨ ᠰᠢᠷᠬᠠᠲᠤᠯ (ᠵᠢᠱ᠌ᠢᠶᠡᠯᠡᠪᠡᠯ ᠶᠠᠭᠤᠮ᠎ᠠ ᠬᠡᠤᠮ᠎ᠠ᠎ᠲᠠᠢ ᠮᠥᠷᠭᠥᠬᠦ᠂ ᠲᠡᠬᠡᠷ᠎ᠡ᠎ᠠᠴᠠ᠎ᠨᠢ ᠶᠠᠭᠤᠮ᠎ᠠ ᠤᠨᠠᠬᠤ᠂ ᠣᠢ᠌ᠴᠢᠬᠤ᠂ ᠴᠠᠬᠢᠯᠭ᠋ᠠᠨ᠎ᠳᠤ ᠴᠣᠬᠢᠭᠳᠠᠬᠤ᠂ ᠤᠰᠤᠨ᠎ᠳᠤ ᠴᠠᠴᠠᠬᠤ ᠵᠡᠷᠭᠡ) ᠪᠠ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ᠂ ᠣᠯᠠᠨ ᠨᠡᠶ᠋ᠢᠲᠡ ᠵᠢᠨ ᠲᠠᠯᠠᠪᠤᠷ᠎ᠤᠨ ᠠᠵᠢᠯᠯᠠᠭ᠎ᠠ᠎ᠳᠤ ᠣᠷᠣᠯᠴᠠᠬᠤ᠂ ᠨᠠᠰᠤᠲᠠᠨ᠎ᠢ ᠠᠰᠠᠷᠠᠬᠤ ᠬᠦᠷᠢᠶᠡᠯᠡᠩ᠎ᠳᠤ ᠰᠠᠭᠤᠬᠤ᠂ ᠭᠠᠳᠠᠭᠰᠢ ᠭᠠᠷᠴᠤ ᠵᠢᠭᠤᠯᠴᠢᠯᠠᠬᠤ᠂ ᠬᠡᠪ᠎ᠤᠨ ᠦᠢ᠍ᠯᠡᠳᠪᠦᠷᠢᠯᠡᠯ᠎ᠤᠨ ᠠᠵᠢᠯᠯᠠᠭ᠎ᠠ ᠵᠢᠨ ᠶᠠᠪᠤᠴᠠ᠎ᠳᠤ ᠡᠭᠦᠰᠦᠭᠰᠡᠨ ᠡᠨᠳᠡᠯ᠎ᠤᠨ ᠰᠢᠷᠬᠠᠲᠤᠯ ᠪᠠᠭᠲᠠᠨ᠎ᠠ᠃ ᠨᠠᠰᠤᠲᠠᠢ᠌ᠴᠤᠳ ᠪᠠ ᠲᠡᠳᠡᠨ᠎ᠤ ᠭᠡᠷ ᠪᠦᠯᠢ ᠵᠢᠨ ᠠᠶᠤᠯ ᠲᠦᠭᠰᠢᠭᠦᠷᠢ ᠵᠢ ᠠᠷᠭ᠋ᠠᠴᠠᠭ᠋ᠠᠬᠤ ᠴᠢᠳᠠᠪᠤᠷᠢ ᠵᠢ ᠤᠯᠠᠮ ᠳᠡᠭᠡᠭᠰᠢᠯᠡᠭᠦᠯᠵᠦ᠂ ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠲᠤᠯᠠᠪᠠ᠃
ᠰᠦᠯᠵᠢᠶᠡᠨ᠎ᠤ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠨᠠᠰᠤᠵᠢᠯ᠎ᠤᠨ ᠠᠰᠠᠷᠠᠮᠵᠢ ᠵᠢᠨ ᠬᠠᠡᠭᠭ᠋ᠠᠯᠭ᠎ᠠ ᠵᠢᠨ ᠴᠢᠳᠠᠮᠵᠢ ᠵᠢ ᠲᠡᠭᠡᠭᠰᠢᠯᠡᠬᠦᠯᠪᠡ
ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢ ᠶᠤᠸᠠᠨ ᠪᠦᠦ ᠱᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠭᠣᠣᠯᠳᠠᠯᠭ᠎ᠠ᠎ᠲᠠᠢ ᠠᠵᠢᠯ᠎ᠤᠨ ᠲᠥᠯᠦᠪᠵᠢᠭᠦᠯᠭᠡ᠎ᠳᠤ ᠣᠷᠣᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ ᠪᠠ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠤᠨ ᠲᠥᠷᠥᠯ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠲᠥᠷᠥᠯ ᠵᠦᠢ᠍ᠯ᠂ ᠲᠣᠭ᠎ᠠ᠂ ᠬᠡᠪᠴᠢᠶ᠎ᠡ ᠪᠠ ᠪᠠᠢ᠌ᠷᠢᠰᠢᠭᠤᠯᠤᠯᠲᠠ ᠵᠢ ᠲᠣᠭᠲᠠᠭ᠋ᠠᠵᠤ᠂ ᠪᠠᠢ᠌ᠭᠤᠯᠤᠮᠵᠢ᠎ᠨᠢ ᠰᠢᠨᠵᠢᠯᠡᠬᠦ ᠤᠬᠠᠭ᠋ᠠᠨᠴᠢ᠂ ᠴᠢᠳᠠᠮᠵᠢ᠎ᠨᠢ ᠪᠦᠷᠢᠨ ᠲᠡᠭᠦᠯᠳᠡᠷ᠂ ᠪᠠᠢ᠌ᠷᠢᠰᠢᠭᠤᠯᠤᠯᠲᠠ᠎ᠨᠢ ᠵᠦᠢ ᠵᠣᠬᠢᠰᠲᠠᠢ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠲᠤᠤᠷᠵᠢᠯ᠎ᠢ ᠪᠦᠷᠢᠯᠳᠤᠬᠦᠯᠪᠡ᠃ ᠣᠲᠣ ᠪᠣᠯᠲᠠᠯ᠎ᠠ ᠪᠥᠬᠥ ᠣᠷᠣᠨ᠎ᠳᠤ ᠵᠡᠭᠡᠯᠢ ᠭᠤᠳᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ 6᠂ ᠰᠤᠮᠤ ᠰᠢᠶᠠᠩ ᠪᠠᠯᠭ᠋ᠠᠰᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ 4᠂ ᠨᠡᠢ᠌ᠭᠡᠮ ᠲᠣᠭᠣᠷᠢᠭ᠎ᠤᠨ ᠡᠳᠦᠷ ᠲᠤᠲᠤᠮ᠎ᠤᠨ ᠠᠰᠠᠷᠠᠨ ᠬᠠᠷᠠᠭ᠋ᠠᠯᠵᠠᠬᠤ ᠲᠥᠪ 17᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ 2᠂ ᠲᠣᠰᠬᠣᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ 31᠂ ᠬᠥᠳᠡᠭᠡ ᠲᠣᠰᠬᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ 3 ᠪᠠᠢ᠌ᠵᠤ᠂ ᠶᠡᠷᠦᠩᠬᠡᠢ ᠲᠠᠯᠠᠪᠠᠶ᠎ᠨᠢ 24957 ᠲᠡᠭᠰᠢ ᠳᠥᠷᠪᠡᠯᠵᠢᠨ ᠮᠧᠲᠷ ᠪᠣᠯᠣᠨ᠎ᠠ᠃ ᠪᠥᠬᠥ ᠣᠷᠣᠨ᠎ᠤ 6 ᠵᠡᠭᠡᠯᠢ ᠭᠤᠳᠤᠮᠵᠢ᠎ᠳᠤ ᠴᠥᠮ 1 ᠵᠡᠭᠡᠯᠢ ᠭᠤᠳᠤᠮᠵᠢ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠲᠠᠢ᠂ ᠨᠢᠭᠡᠨᠲᠡ 《ᠨᠢᠭᠡ ᠲᠥᠪ᠂ ᠣᠯᠠᠨ ᠥᠷᠲᠡᠭᠡ ᠴᠡᠭ》᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠦᠢ᠍ᠯᠡᠴᠢᠯᠡᠭᠡᠨ᠎ᠤ ᠪᠦᠷᠬᠦᠴᠡ ᠵᠢᠨ ᠨᠣᠷᠮ᠎ᠠ ᠵᠢ 90%᠎ᠠᠴᠠ ᠳᠡᠭᠡᠭᠰᠢ᠎ᠳᠤ ᠬᠦᠷᠤᠬᠦᠯᠪᠡ᠃ 《15 ᠮᠢᠨᠦ᠋ᠲ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ》 ᠵᠢᠨ ᠲᠦᠬᠦᠬᠡᠷᠤᠮᠵᠢ ᠵᠢᠨ ᠳᠤᠲᠠᠭᠤᠳᠠᠯ᠎ᠢ ᠨᠥᠬᠥᠪᠦᠷᠢᠯᠡᠵᠦ᠂ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠮᠵᠢ ᠵᠢ ᠪᠦᠲᠦᠮᠵᠢᠲᠡᠶ ᠥᠷᠭᠡᠳᠬᠡᠪᠡ᠃ ᠰᠢᠨ᠎ᠡ᠎ᠪᠠᠷ ᠪᠠᠢ᠌ᠭᠤᠯᠤᠭᠰᠠᠨ ᠬᠣᠲᠠ ᠵᠢᠨ ᠲᠣᠭᠣᠷᠢᠭ᠂ ᠰᠢᠨ᠎ᠡ᠎ᠪᠠᠷ ᠪᠠᠢ᠌ᠭᠤᠯᠤᠭᠰᠠᠨ ᠣᠷᠣᠨ ᠰᠠᠭᠤᠴᠠ ᠵᠢᠨ ᠲᠣᠭᠣᠷᠢᠭ᠎ᠲᠤ 《ᠳᠥᠷᠪᠡ ᠵᠢ ᠵᠡᠷᠬᠡ᠎ᠪᠠᠷ ᠶᠠᠪᠤᠭᠳᠠᠭᠤᠯᠬᠤ》 ᠱᠠᠭ᠋ᠠᠷᠳᠠᠯᠭ᠎ᠠ ᠵᠢ ᠬᠡᠷᠡᠭᠵᠢᠭᠦᠯᠵᠦ ᠵᠠᠭᠤᠨ ᠡᠷᠦᠬᠡ ᠪᠦᠷᠢ᠎ᠳᠤ 20 ᠲᠡᠭᠰᠢ ᠳᠥᠷᠪᠡᠯᠵᠢᠨ ᠮᠧᠲᠷ᠎ᠤᠨ ᠪᠠᠷᠢᠯᠭ᠎ᠠ ᠵᠢᠨ ᠲᠠᠯᠠᠪᠠᠶ ᠵᠢᠨ ᠪᠠᠷᠢᠮᠵᠢᠶ᠎ᠠ᠎ᠪᠠᠷ ᠨᠠᠰᠤᠵᠢᠯ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢ ᠢᠵᠢ ᠪᠦᠷᠢᠳᠦᠭᠦᠯᠵᠦ᠂ ᠪᠠᠢ᠌ᠭᠤᠯᠤᠭᠰᠠᠨ ᠨᠣᠷᠮ᠎ᠠ ᠵᠢ 100%᠎ᠳᠤ ᠬᠦᠷᠪᠡ᠃ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ᠂ ᠡᠳᠦᠷ ᠲᠤᠲᠤᠮ᠎ᠤᠨ ᠬᠠᠷᠠᠭ᠋ᠠᠯᠵᠠᠯ ᠵᠡᠷᠭᠡ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠠᠭᠪᠤᠷ᠎ᠨᠢ ᠨᠠᠰᠤᠲᠠᠢ᠌ᠴᠤᠳ᠎ᠲᠤ ᠨᠠᠩ ᠲᠤᠰᠬᠠᠢ᠌ᠵᠢᠭᠰᠠᠨ᠂ ᠨᠠᠩ ᠲᠥᠬᠥᠮ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃
ᠣᠯᠠᠨ ᠲᠦᠮᠡᠨ᠎ᠤ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠰᠤᠵᠢᠯ᠎ᠤᠨ ᠠᠰᠠᠷᠠᠮᠵᠢ ᠵᠢᠨ ᠦᠨᠡᠮᠯᠡᠬᠦ᠎ᠲᠠᠢ ᠲᠤᠰᠬᠠᠢ ᠡᠡᠭᠨᠡᠭᠡ ᠵᠢ ᠪᠠᠢ᠌ᠭᠤᠯᠪᠠ
ᠨᠢᠭᠡ᠎ᠳᠤ᠂ ᠰᠤᠮᠤ ᠰᠢᠶᠠᠩ ᠪᠠᠯᠭ᠋ᠠᠰᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠢ ᠵᠢᠯᠤᠭᠣᠳᠴᠤ ᠪᠠᠢ᠌ᠭ᠋ᠠᠳ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠲᠤ ᠬᠣᠭᠣᠯᠠ ᠤᠮᠳᠠ ᠵᠢ ᠲᠤᠰᠠᠯᠠᠬᠤ᠂ ᠠᠷᠢᠭᠤᠨ ᠴᠡᠪᠡᠷ᠎ᠢ ᠲᠤᠰᠠᠯᠠᠬᠤ᠂ ᠡᠮᠴᠢᠯᠡᠭᠡ ᠵᠢ ᠲᠤᠰᠠᠯᠠᠬᠤ ᠵᠡᠷᠭᠡ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠤᠨ ᠬᠣᠭᠣᠯᠠ ᠤᠮᠳᠠ ᠵᠢ ᠲᠤᠰᠠᠯᠠᠬᠤ ᠦᠢ᠍ᠯᠡᠴᠢᠯᠡᠭᠡ ᠵᠢ ᠬᠥᠭᠵᠢᠭᠦᠯᠬᠦ ᠶᠠᠪᠤᠳᠠᠯ᠎ᠢ ᠠᠷᠠᠳ᠎ᠲᠤ ᠪᠣᠳᠠᠲᠠᠢ ᠠᠵᠢᠯ ᠬᠢᠬᠦ ᠵᠢᠨ ᠴᠢᠬᠤᠯᠠ ᠠᠭᠤᠯᠭ᠎ᠠ᠎ᠳᠤ ᠣᠷᠣᠭᠤᠯᠵᠤ᠂ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠨᠠᠷᠢᠨ ᠬᠠᠭᠤᠳᠠᠰᠤ ᠪᠠ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲᠸᠮ᠎ᠳᠤ ᠤᠷᠤᠭᠤᠯᠪᠠ᠃ 《ᠬᠣᠭᠣᠯᠠ ᠤᠮᠳᠠᠭ᠋ᠠᠨ᠎ᠤ ᠨᠢᠭᠡᠴᠡ + ᠬᠣᠭᠣᠯᠠ ᠤᠮᠳᠠ᠎ᠳᠤ ᠲᠤᠰᠠᠯᠠᠬᠤ》 《ᠠᠵᠤ ᠠᠬᠤᠢ᠌ᠯᠠᠯ + ᠬᠣᠭᠣᠯᠠ ᠤᠮᠳᠠ᠎ᠳᠤ ᠲᠤᠰᠠᠯᠠᠬᠤ》 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ + ᠬᠣᠭᠣᠯᠠ ᠤᠮᠳᠠ᠎ᠳᠤ ᠲᠤᠰᠠᠯᠠᠬᠤ》 ᠵᠡᠷᠭᠡ ᠣᠯᠠᠨ ᠵᠦᠢ᠍ᠯ᠎ᠤᠨ ᠡᠵᠡᠩᠨᠡᠯᠲᠡ ᠵᠢᠨ ᠠᠷᠭ᠎ᠠ᠎ᠪᠠᠷ ᠡᠯ᠎ᠡ ᠰᠤᠮᠤ ᠪᠠᠯᠭ᠋ᠠᠰᠤ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠵᠠᠯᠭ᠋ᠠᠭ᠎ᠠ᠎ᠪᠠᠷ ᠠᠷᠠᠳ᠎ᠢ ᠳᠣᠲᠣᠨᠣᠴᠢᠯᠠᠬᠤ᠂ ᠠᠷᠠᠳ᠎ᠲᠤ ᠲᠥᠬᠥᠮ ᠦᠵᠡᠭᠦᠯᠬᠦ᠂ ᠠᠷᠠᠳ᠎ᠲᠤ ᠠᠰᠢᠭ ᠬᠦᠷᠲᠡᠭᠡᠬᠦ 《ᠬᠠᠯᠠᠮᠵᠢᠯᠠᠬᠤ》 ᠵᠣᠯ ᠵᠢᠷᠭ᠋ᠠᠯᠲᠤ ᠬᠣᠭᠣᠯᠠᠨ ᠭᠡᠷ᠎ᠢ ᠨᠡᠭᠡᠭᠡᠨ ᠡᠷᠭᠢᠯᠡᠵᠦ᠂ ᠨᠠᠰᠤᠲᠠᠢ᠌ᠴᠤᠳ᠎ᠤᠨ ᠬᠣᠭᠣᠯᠠ ᠢᠳᠡᠬᠦ᠎ᠳᠤ ᠬᠦᠴᠢᠷᠲᠡᠢ ᠪᠠᠢ᠌ᠬᠤ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂ ᠨᠠᠰᠤᠲᠠᠢ᠌ᠴᠤᠳ ᠭᠡᠷ᠎ᠲᠤ᠎ᠪᠠᠨ ᠰᠠᠭᠤᠭ᠋ᠠᠳ ᠵᠢᠷᠭ᠋ᠠᠬᠤ ᠪᠤᠯᠵᠤ ᠪᠠᠢ᠌ᠨ᠎ᠠ᠃ ᠶᠤᠸᠠᠨ ᠪᠦᠦ ᠱᠠᠨ ᠲᠣᠭᠣᠷᠢᠭ᠎ᠲᠤ ᠣᠲᠣ ᠨᠢᠭᠡᠨᠲᠡ ᠪᠥᠬᠥ ᠣᠷᠣᠨ᠎ᠢ ᠬᠠᠮᠤᠷᠤᠭᠰᠠᠨ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠪᠠᠢ᠌ᠭᠤᠯᠵᠤ᠂ ᠡᠭᠦᠨ᠎ᠳᠤ ᠬᠣᠲᠠ ᠵᠢᠨ ᠲᠣᠭᠣᠷᠢᠭ 15᠂ ᠬᠥᠳᠡᠭᠡ ᠲᠣᠰᠬᠣᠨ 7 ᠪᠣᠶ᠃
ᠬᠣᠶᠠᠷ᠎ᠲᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠢ ᠢᠳᠡᠪᠬᠢᠲᠡᠢ ᠠᠬᠢᠭᠤᠯᠪᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠣᠳᠣᠨ ᠲᠠᠰ᠎ᠤᠨ ᠦᠨᠡᠯᠡᠯᠳᠡ ᠵᠢ ᠥᠷᠨᠢᠭᠦᠯᠵᠦ᠂ 2024 ᠣᠨ᠎ᠳᠤ ᠶᠤᠸᠠᠨ ᠪᠦᠦ ᠱᠠᠨ ᠲᠣᠭᠣᠷᠢᠭ᠎ᠤᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠳᠤ ᠭᠤᠷᠪᠠᠨ ᠣᠳᠣᠨ ᠲᠠᠰ᠎ᠤᠨ ᠨᠠᠰᠤᠵᠢᠯ᠎ᠤᠨ ᠠᠰᠠᠷᠠᠮᠵᠢ ᠵᠢᠨ 《ᠲᠣᠭᠣᠭ᠋ᠠᠨ ᠭᠡᠷ᠎ᠢ ᠢᠯᠡᠵᠢᠬᠦᠯᠬᠦ》 ᠢᠨᠵᠧᠨᠧᠷᠢᠩ᠎ᠢ ᠢᠳᠡᠪᠬᠢᠲᠡᠢ ᠬᠡᠷᠡᠭᠵᠢᠭᠦᠯᠵᠦ᠂ ᠡᠮᠴᠢᠯᠡᠭᠡ ᠰᠤᠪᠢᠯᠠᠯᠲᠠ ᠵᠢᠨ ᠤᠶᠠᠯᠳᠤᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠪᠣᠯᠣᠨ ᠡᠮᠴᠢᠯᠡᠭᠡᠨ᠎ᠤ ᠪᠠᠢ᠌ᠭᠤᠯᠤᠮᠵᠢ ᠵᠢᠨ ᠵᠢᠷᠤᠮᠵᠢᠭᠰᠠᠨ ᠬᠠᠮᠲᠤᠷᠠᠯᠴᠠᠭ᠎ᠠ ᠵᠢ ᠠᠬᠢᠭᠤᠯᠵᠤ᠂ 《ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ + ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ》᠂ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ + ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ》᠂ 《ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ + ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠡᠯᠡᠳᠬᠡᠮᠵᠢ》᠂ ᠡᠮᠴᠢᠯᠡᠭᠡ ᠨᠠᠰᠤᠵᠢᠯ᠎ᠤᠨ ᠠᠰᠠᠷᠠᠮᠵᠢ ᠵᠢᠨ ᠬᠣᠯᠪᠣᠭ᠋ᠠᠯᠠᠯ ᠵᠡᠷᠭᠡ ᠡᠮᠴᠢᠯᠡᠭᠡ ᠨᠠᠰᠤᠵᠢᠯ᠎ᠤᠨ ᠠᠰᠠᠷᠠᠮᠵᠢ ᠵᠢ ᠤᠶᠠᠯᠳᠤᠭᠤᠯᠤᠭᠰᠠᠨ ᠦᠢ᠍ᠯᠡᠴᠢᠯᠡᠭᠡᠨ᠎ᠤ ᠵᠠᠭᠪᠤᠷ᠎ᠢ ᠪᠣᠶ ᠪᠣᠯᠭ᠋ᠠᠵᠤ᠂ ᠠᠯᠤᠰ᠎ᠠᠴᠠ ᠪᠣᠯᠵᠣᠵᠤ ᠠᠰᠠᠭᠤᠨ ᠣᠨᠣᠰᠢᠯᠠᠬᠤ ᠵᠢ ᠨᠡᠪᠲᠡᠷᠡᠭᠦᠯᠦᠨ᠂ ᠬᠠᠷᠢᠶᠠᠲᠤ ᠣᠷᠣᠨ᠎ᠤ ᠠᠳᠠᠯᠢ ᠪᠤᠰᠤ ᠪᠠᠢ᠌ᠳᠠᠯ᠎ᠲᠠᠢ ᠨᠠᠰᠤᠲᠠᠢ᠌ᠴᠤᠳ᠎ᠤᠨ ᠡᠷᠡᠭᠦᠯ ᠮᠡᠨᠳᠦ ᠨᠠᠰᠤᠵᠢᠯ᠎ᠤᠨ ᠠᠰᠠᠷᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠨᠠᠰᠤᠲᠠᠢ᠌ᠴᠤᠳ᠎ᠢ ᠭᠡᠷ᠎ᠠᠴᠠ᠎ᠪᠠᠨ ᠭᠠᠷᠬᠤ ᠦᠭᠡᠢ᠎ᠪᠠᠷ ᠲᠤᠰᠬᠠᠢ ᠡᠮᠴᠢᠯᠡᠭᠡᠨ᠎ᠤ ᠦᠢ᠍ᠯᠡᠴᠢᠯᠡᠭᠡ ᠭᠥᠷᠳᠡᠵᠦ ᠪᠣᠯᠣᠨ᠎ᠠ᠃
ᠭᠤᠷᠪᠠ᠎ᠳᠤ᠂ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠲᠦᠷᠦᠯ ᠵᠦᠢ᠍ᠯ᠎ᠢ ᠦᠷᠭᠦᠯᠵᠢᠯᠡᠨ ᠦᠷᠨᠢᠬᠦᠯᠪᠡ᠃ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠶᠡᠬᠡ᠎ᠪᠠᠷ ᠠᠬᠢᠭᠤᠯᠵᠤ᠂ ᠭᠡᠷ ᠳᠣᠲᠣᠷ᠎ᠠ ᠶᠠᠪᠤᠵᠤ ᠰᠠᠭᠤᠬᠤ᠎ᠳᠤ ᠲᠥᠬᠥᠮ ᠦᠵᠡᠭᠦᠯᠬᠦ᠂ ᠵᠢᠱ᠌ᠢᠶᠡᠯᠡᠪᠡᠯ ᠵᠣᠷᠯᠣᠩ᠎ᠤᠨ ᠪᠡᠶ᠎ᠡ ᠤᠬᠢᠶᠠᠬᠤ᠎ᠳᠤ ᠠᠮᠤᠷ ᠲᠦᠪᠰᠢᠨ ᠪᠠᠢ᠌ᠬᠤ᠂ ᠲᠣᠭᠣᠭ᠋ᠠᠨ ᠭᠡᠷ᠎ᠤᠨ ᠠᠵᠢᠯᠯᠠᠬᠤ᠎ᠳᠤ ᠲᠥᠬᠥᠮ ᠪᠠᠢ᠌ᠬᠤ᠂ ᠭᠡᠷ ᠪᠦᠯᠢ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠬᠤ᠂ ᠲᠤᠰᠠᠯᠠᠬᠤ ᠪᠠᠭ᠋ᠠᠵᠢ ᠬᠡᠷᠡᠭᠰᠡᠯ᠎ᠢ ᠲᠣᠬᠢᠷᠠᠭᠤᠯᠬᠤ ᠵᠡᠷᠭᠡ ᠥᠭᠡᠷᠡᠴᠢᠯᠡᠬᠦ ᠴᠢᠭᠯᠡᠯ᠎ᠢ ᠲᠣᠪᠤᠢ᠌ᠯᠭ᠋ᠠᠨ᠂ ᠰᠠᠢ᠌ᠨ ᠳᠤᠷ᠎ᠠ ᠵᠢᠨ᠂ ᠠᠮᠤᠷ ᠲᠦᠪᠰᠢᠨ᠂ ᠲᠥᠬᠥᠮ᠂ ᠠᠷᠪᠢᠲᠠᠢ ᠪᠠᠢ᠌ᠬᠤ ᠵᠠᠷᠴᠢᠮ ᠶᠣᠰᠣᠭ᠋ᠠᠷ ᠡᠷᠦᠬᠡ ᠵᠢᠨ ᠪᠠᠢ᠌ᠳᠠᠯᠳᠤᠨᠢ ᠲᠣᠬᠢᠷᠠᠭᠤᠯᠤᠨ ᠲᠥᠷᠥ ᠵᠢᠨ ᠪᠣᠳᠣᠯᠭ᠎ᠠ ᠬᠡᠷᠡᠭᠵᠢᠭᠦᠯᠵᠦ ᠪᠠᠢ᠌ᠭ᠋ᠠᠳ ᠤᠨᠴᠠᠭ᠋ᠠᠢ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ ᠵᠢᠨ ᠥᠭᠡᠷᠡᠴᠢᠯᠡᠯᠲᠡ ᠵᠢ ᠠᠬᠢᠭᠤᠯᠵᠤ᠂ ᠭᠡᠷ ᠪᠦᠯᠢ ᠵᠢᠨ ᠠᠮᠢᠳᠤᠷᠠᠯ᠎ᠢ᠎ᠨᠢ ᠬᠠᠷᠠᠭ᠋ᠠᠯᠵᠠᠬᠤ᠂ ᠶᠠᠪᠤᠵᠤ ᠰᠠᠭᠤᠬᠤ᠂ ᠡᠷᠡᠭᠦᠯᠵᠢᠭᠦᠯᠦᠨ ᠰᠤᠪᠢᠯᠠᠬᠤ ᠵᠡᠷᠭᠡ ᠬᠡᠷᠡᠭᠴᠡᠭᠡ ᠱᠠᠭ᠋ᠠᠷᠳᠠᠯᠭ᠎ᠠ ᠵᠢ ᠬᠠᠡᠭᠭ᠋ᠠᠪᠠ᠃ 2023 — 2025 ᠣᠨ᠎ᠳᠤ ᠶᠤᠸᠠᠨ ᠪᠦᠦ ᠱᠠᠨ ᠲᠣᠭᠣᠷᠢᠭ᠎ᠤᠨ ᠣᠨᠴᠠ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠡᠭᠦᠷᠭᠡ ᠵᠢ ᠨᠡᠶ᠋ᠢᠲᠡ 1085 ᠡᠷᠦᠬᠡ ᠪᠡᠶᠡᠯᠡᠭᠦᠯᠵᠦ᠂ ᠣᠲᠣ ᠨᠢᠭᠡᠨᠲᠡ 1074 ᠡᠷᠦᠬᠡ ᠵᠢᠨ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠪᠡ᠃
ᠴᠢᠳᠠᠪᠤᠷᠢᠲᠠᠨ᠎ᠢ ᠬᠥᠮᠥᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠨᠠᠰᠤᠵᠢᠯ᠎ᠤᠨ ᠠᠰᠠᠷᠠᠮᠵᠢ ᠵᠢᠨ ᠲᠤᠰᠬᠠᠢ ᠬᠠᠷᠠᠭ᠋ᠠᠯᠵᠠᠨ ᠠᠰᠠᠷᠠᠬᠤ ᠡᠡᠭᠨᠡᠭᠡ ᠵᠢ ᠪᠤᠢ ᠪᠤᠯᠭ᠋ᠠᠪᠠ
ᠠᠵᠢᠯ᠎ᠤᠨ ᠪᠠᠢ᠌ᠷᠢ ᠵᠢᠨ ᠶᠡᠬᠡ ᠰᠤᠷᠭ᠋ᠠᠭᠤᠯᠢᠯᠠᠯ᠂ ᠨᠠᠰᠤᠲᠠᠨ ᠵᠶ᠋ᠠᠷ ᠰᠢᠨ᠎ᠡ ᠵᠢ ᠳᠠᠢ᠌ᠴᠢᠯᠠᠬᠤ ᠵᠡᠷᠭᠡ ᠠᠷᠭ᠎ᠠ᠎ᠪᠠᠷ ᠦᠨᠳᠦᠰᠦᠨ ᠬᠠᠷᠠᠭ᠋ᠠᠯᠵᠠᠨ ᠠᠰᠠᠷᠠᠬᠤ ᠪᠠ ᠦᠨᠳᠦᠰᠦᠨ ᠠᠵᠢᠯ ᠮᠡᠷᠭᠡᠵᠢᠯ᠎ᠤᠨ ᠬᠡᠪ ᠪᠣᠯᠪᠠᠰᠤᠷᠠᠯ᠎ᠤᠨ ᠲᠣᠭᠣᠷᠢᠨ᠎ᠳᠤ ᠨᠠᠰᠤᠵᠢᠯ᠎ᠤᠨ ᠠᠰᠠᠷᠠᠭᠴᠢ ᠵᠢᠨ ᠠᠵᠢᠯ᠎ᠤᠨ ᠪᠠᠢ᠌ᠷᠢ ᠵᠢᠨ ᠪᠣᠯᠪᠠᠰᠤᠷᠠᠯ᠎ᠢ ᠦᠷᠨᠢᠬᠦᠯᠦᠭᠰᠡᠨᠤ ᠬᠠᠮᠳᠤ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠡᠷᠭᠡ᠎ᠳᠤ ᠲᠦᠰᠢᠭᠯᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠᠢ᠌ᠭᠤᠯᠵᠤ᠂ ᠣᠲᠣ 30 ᠭᠠᠷᠤᠢ ᠲᠤᠰᠬᠠᠢ ᠪᠠ ᠲᠤᠰᠢᠶᠠᠯ ᠬᠠᠪᠰᠤᠷᠭ᠋ᠠᠭᠰᠠᠨ ᠪᠠᠭᠰᠢ ᠪᠣᠶ᠂ ᠡᠭᠦᠨ᠎ᠳᠤ ᠨᠠᠰᠤᠵᠢᠯ᠎ᠤᠨ ᠠᠰᠠᠷᠠᠮᠵᠢ ᠵᠢᠨ ᠰᠤᠪᠢᠯᠠᠯᠲᠠ᠂ ᠡᠪᠡᠳᠴᠢᠲᠡᠨ᠎ᠢ ᠠᠰᠠᠷᠠᠬᠤ᠂ ᠬᠡᠦᠬᠡᠳ ᠠᠰᠠᠷᠠᠭᠴᠢ᠂ ᠰᠠᠷ᠎ᠠ ᠵᠢᠨ ᠪᠡᠷᠭᠡᠨ ᠵᠡᠷᠭᠡ 20 ᠭᠠᠷᠤᠢ ᠲᠤᠰᠬᠠᠢ ᠮᠡᠷᠭᠡᠵᠢᠯ᠎ᠲᠠᠢ᠂ ᠨᠠᠰᠤᠵᠢᠯ᠎ᠤᠨ ᠠᠰᠠᠷᠠᠮᠵᠢ ᠵᠢᠨ ᠠᠰᠠᠷᠠᠭᠴᠢ ᠵᠢ 268 ᠪᠣᠯᠪᠠᠰᠤᠷᠠᠭᠤᠯᠵᠠᠢ᠃ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠲᠤᠰᠬᠠᠢ᠌ᠵᠢᠬᠤ᠂ ᠠᠵᠢᠯ ᠮᠡᠷᠭᠡᠵᠢᠬᠦ ᠲᠦᠪᠰᠢᠨ᠎ᠢ ᠤᠯᠠᠮ ᠳᠡᠭᠡᠭᠰᠢᠯᠡᠭᠦᠯᠵᠦ᠂ ᠨᠠᠰᠤᠵᠢᠯ᠎ᠤᠨ ᠦᠢ᠍ᠯᠡᠰ ᠪᠠ ᠨᠠᠰᠤᠵᠢᠯ᠎ᠤᠨ ᠠᠵᠤ ᠦᠢ᠍ᠯᠡᠰ᠎ᠤᠨ ᠰᠠᠢ᠌ᠨ ᠨᠥᠬᠥᠴᠡᠯᠳᠦᠯᠳᠤ ᠴᠢᠳᠠᠪᠤᠷᠢᠲᠠᠨ᠎ᠤ ᠰᠠᠭᠤᠷᠢ ᠵᠢ ᠲᠠᠯᠪᠢᠬᠤ ᠬᠡᠷᠡᠭᠲᠡᠢ᠃
ᠳᠠᠷᠠᠭ᠋ᠠᠴᠢ᠎ᠪᠠᠷ ᠶᠤᠸᠠᠨ ᠪᠦᠦ ᠱᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠰᠤᠲᠠᠢ᠌ᠴᠤᠳ᠎ᠤᠨ ᠪᠠᠴᠢᠮᠳᠠᠯ ᠬᠦᠴᠢᠷᠳᠡᠯ ᠵᠣᠪᠠᠨᠢᠯ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠤᠲᠠᠭᠤᠳᠠᠯ ᠪᠠᠭᠤᠷᠠᠢ ᠵᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠰ ᠲᠦᠷᠦᠯ ᠬᠤᠪᠢᠶᠠᠭᠰᠠᠨ᠂ ᠨᠡᠢ᠌ᠳᠡᠮ ᠠᠰᠢᠭ ᠬᠦᠷᠲᠡᠭᠡᠬᠦ᠂ ᠬᠤᠳᠠ ᠬᠥᠳᠡᠭᠡ ᠵᠢ ᠪᠦᠷᠬᠦᠭᠰᠡᠨ᠂ ᠦᠷᠭᠦᠯᠵᠢᠯᠡᠨ ᠬᠥᠭᠵᠢᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠢᠳᠡᠪᠬᠢᠲᠡᠢ ᠪᠠᠢ᠌ᠭᠤᠯᠵᠤ᠂ ᠪᠦᠬᠦ ᠨᠠᠰᠤᠲᠠᠢ᠌ᠴᠤᠳ᠎ᠲᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠦᠷᠲᠡᠭᠡᠬᠦ ᠵᠢ ᠴᠢᠷᠮᠠᠢ᠌ᠨ ᠠᠬᠢᠭᠤᠯᠵᠤ᠂ ᠠᠷᠠᠳ᠎ᠤᠨ ᠶᠠᠪᠤᠳᠠᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠪᠠᠢ᠌ᠳᠠᠯ᠎ᠢ ᠴᠢᠷᠮᠠᠢ᠌ᠨ ᠪᠤᠢ ᠪᠤᠯᠭ᠋ᠠᠪᠠ᠃