ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠤᠭᠤᠲᠤ ᠬᠣᠲᠠ ᠵᠢᠨ᠎ᠬᠢᠨ ᠨᠡᠭᠦᠳᠡᠯ ᠬᠡᠦᠬᠡᠳ᠎ᠤᠨ ᠬᠣᠲᠠ᠎ᠳᠤ ᠠᠭᠤᠰᠤᠯᠴᠠᠭᠤᠯᠬᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠳᠤ ᠫᠠᠢ᠌ᠰᠠ ᠣᠯᠭᠣᠬᠤ ᠶᠣᠰᠣᠯᠠᠯ᠎ᠢ ᠡᠬᠢᠯᠡᠬᠦᠯᠪᠡ
ᠨᠡᠶᠢᠲᠡᠯᠡᠭᠰᠡᠨ ᠴᠠᠭ᠄ 2024-12-26

     ᠠᠷᠠᠳ᠎ᠤᠨ ᠶᠠᠪᠤᠳᠠᠯ᠎ᠤᠨ ᠶᠠᠮᠤᠨ ᠵᠡᠷᠭᠡ 21 ᠰᠠᠯᠠᠭ᠎ᠠ ᠮᠥᠴᠢᠷ᠎ᠤᠨ 《ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠴᠢᠩᠭ᠋ᠠᠳᠬᠠᠬᠤ ᠲᠥᠰᠥᠯ》᠎ᠤᠨ ᠱᠠᠭ᠋ᠠᠷᠳᠠᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠬᠤ ᠵᠢᠨ ᠲᠥᠯᠥᠭᠡ    ᠪᠤᠭᠤᠲᠤ ᠬᠣᠲᠠ ᠵᠢᠨ ᠬᠥᠨᠳᠡᠯᠡᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 《ᠨᠠᠬᠢᠶ᠎ᠠ》 ᠲᠥᠷᠥᠯ ᠵᠦᠢ᠍ᠯ᠎ᠳᠤ ᠲᠦᠰᠢᠭᠯᠡᠨ᠂ ᠺᠦᠨ ᠾᠧ ᠪᠠᠯᠭ᠋ᠠᠰᠤᠨ᠎ᠤ ᠲᠢᠶᠠᠨ ᠼᠢ ᠰᠢᠨ᠎ᠡ ᠬᠣᠲᠠ ᠨᠡᠢ᠌ᠭᠡᠮ ᠲᠣᠭᠣᠷᠢᠭ᠎ᠲᠤ ᠨᠡᠭᠦᠳᠡᠯ ᠬᠡᠦᠬᠡᠳ᠎ᠢ ᠬᠣᠲᠠ᠎ᠳᠤ ᠠᠭᠤᠰᠤᠯᠴᠠᠭᠤᠯᠬᠤ ᠲᠤᠷᠰᠢᠯᠲᠠ ᠵᠢᠨ ᠴᠡᠭ᠎ᠤᠨ ᠫᠠᠢ᠌ᠰᠠ ᠣᠯᠭᠣᠬᠤ ᠪᠠ 《ᠨᠠᠬᠢᠶ᠎ᠠ》 ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ   ᠬᠠᠯᠠᠮᠵᠢᠯᠠᠬᠤ ᠦᠢ᠍ᠯᠡᠴᠢᠯᠡᠭᠡ ᠵᠢ ᠠᠬᠢᠭᠤᠯᠬᠤ ᠬᠤᠷᠠᠯ ᠡᠷᠭᠢᠯᠡᠪᠡ᠃
    ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠯᠥᠭᠡᠯᠡᠭᠴᠢ 《ᠨᠠᠬᠢᠶ᠎ᠠ》 ᠲᠦᠷᠦᠯ ᠵᠦᠢ᠍ᠯ᠎ᠨᠢ ᠲᠢᠶᠠᠨ ᠼᠢ ᠨᠡᠢ᠌ᠭᠡᠮ ᠲᠣᠭᠣᠷᠢᠭ᠎ᠲᠤ ᠫᠠᠢ᠌ᠰᠠ ᠣᠯᠭᠣᠵᠤ ᠨᠡᠢ᠌ᠭᠡᠮ ᠲᠣᠭᠣᠷᠢᠭ᠎ᠤᠨ ᠬᠡᠦᠬᠡᠳ᠎ᠤᠨ ᠡᠷᠬᠢᠯᠡᠭᠴᠢ ᠬᠢᠨᠠᠨ ᠬᠠᠮᠠᠭ᠋ᠠᠯᠠᠭᠴᠢ᠎ᠪᠠᠨ ᠳᠠᠭ᠋ᠠᠭᠤᠯᠤᠨ ᠠᠮᠠᠯᠠᠯᠲᠠ ᠵᠢᠨ ᠪᠢᠴᠢᠭ᠎ᠢ ᠤᠩᠰᠢᠪᠠ᠃  ᠺᠦᠨ ᠾᠸ ᠪᠠᠯᠭ᠋ᠠᠰᠤᠨ᠎ᠤ ᠬᠠᠷᠢᠭᠤᠴᠠᠯᠭ᠋ᠠᠲᠠᠨ᠄ 《ᠺᠦᠨ ᠾᠸ ᠪᠠᠯᠭ᠋ᠠᠰᠤᠨ᠎ᠤ ᠵᠠᠰᠠᠭ᠎ᠤᠨ ᠣᠷᠳᠣᠨ ᠨᠡᠭᠦᠳᠡᠯ ᠬᠡᠦᠬᠡᠳ᠎ᠢ  ᠬᠠᠯᠠᠮᠵᠢᠯᠠᠬᠤ ᠲᠠᠯ᠎ᠠ᠎ᠪᠠᠷ ᠨᠠᠩ ᠶᠡᠬᠡ ᠴᠢᠷᠮᠠᠢ᠌ᠯᠭ᠎ᠠ ᠭᠠᠷᠭ᠋ᠠᠨ᠎ᠠ》 ᠭᠡᠵᠤ ᠢᠯᠡᠷᠬᠡᠢ᠌ᠯᠡᠪᠡ᠃ ᠬᠦᠨᠳᠡᠯᠡᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠄ 《ᠬᠥᠨᠳᠡᠯᠡᠨ ᠲᠣᠭᠣᠷᠢᠭ ᠪᠣᠯ ᠪᠤᠭᠤᠲᠤ ᠬᠤᠳᠠ ᠵᠢᠨ ᠴᠤᠷ᠎ᠤᠨ ᠭᠠᠭᠴᠠ ᠨᠡᠭᠦᠳᠡᠯ ᠬᠡᠦᠬᠡᠳ᠎ᠤᠨ ᠲᠣᠭ᠎ᠠ ᠪᠠᠷᠢᠮᠲᠠ ᠵᠢ ᠬᠢᠨᠠᠨ ᠬᠡᠮᠵᠢᠬᠦ ᠲᠤᠷᠰᠢᠯᠲᠠ ᠵᠢᠨ ᠭᠠᠵᠠᠷ ᠣᠷᠣᠨ ᠪᠣᠯᠣᠨ᠎ᠠ  ᠲᠤᠰ ᠤᠳᠠᠭ᠎ᠠ ᠲᠢᠶᠠᠨ ᠼᠢ ᠰᠢᠨ᠎ᠡ ᠬᠤᠳᠠ ᠵᠢᠨ ᠨᠡᠢ᠌ᠭᠡᠮ ᠲᠣᠭᠣᠷᠢᠭ᠎ᠢ ᠠᠭᠤᠰᠤᠯᠴᠠᠭᠤᠯᠬᠤ ᠲᠤᠷᠰᠢᠯᠲᠠ ᠵᠢᠨ ᠴᠡᠭ᠎ᠤᠨ ᠨᠡᠢ᠌ᠭᠡᠮ ᠲᠣᠭᠣᠷᠢᠭ ᠵᠶ᠋ᠠᠷ ᠰᠣᠩᠭᠣᠵᠤ᠂ ᠲᠤᠷᠰᠢᠯᠲᠠ ᠵᠢᠨ ᠴᠡᠭ᠎ᠤᠨ ᠠᠵᠢᠯ᠎ᠢ  ᠤᠷᠢᠳ ᠵᠶ᠋ᠡᠷ ᠬᠡᠷᠡᠭᠵᠢᠭᠦᠯᠬᠦ ᠵᠠᠷᠴᠢᠮ ᠵᠶ᠋ᠠᠷ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯᠲᠠᠨ᠎ᠢ ᠣᠷᠣᠭᠤᠯᠤᠨ ᠨᠡᠭᠦᠳᠡᠯ ᠬᠡᠦᠬᠡᠳ᠎ᠲᠤ ᠤᠨᠢᠨ ᠳᠡᠭᠡᠷ᠎ᠡ᠎ᠨᠢ ᠦᠢ᠍ᠯᠡᠴᠢᠯᠡᠭᠡ ᠬᠠᠩᠭ᠋ᠠᠨ᠎ᠠ》 ᠭᠡᠵᠦ ᠢᠯᠡᠳᠬᠡᠪᠡ᠃ ᠡᠭᠦᠨ᠎ᠤ ᠵᠡᠷᠭᠡ᠎ᠳᠤ ᠨᠡᠶ᠋ᠢᠲᠡ ᠵᠢᠨ ᠠᠰᠠᠷᠠᠮᠵᠢ ᠵᠢᠨ ᠡᠬᠢ ᠪᠠᠶᠠᠯᠢᠭ᠎ᠢ ᠢᠳᠡᠪᠬᠢᠲᠡᠢ᠎ᠪᠠᠷ ᠬᠣᠯᠪᠣᠵᠤ᠂ ᠨᠡᠢ᠌ᠭᠡᠮ᠎ᠤᠨ ᠬᠦᠴᠦᠨ᠎ᠢ ᠳᠠᠶ᠋ᠢᠴᠢᠯᠠᠨ ᠥᠷᠭᠡᠨ ᠵᠶ᠋ᠡᠷ ᠣᠷᠣᠯᠴᠠᠭᠤᠯᠵᠤ᠂ ᠨᠡᠭᠦᠳᠡᠯ ᠬᠡᠦᠬᠡᠳ᠎ᠲᠤ ᠨᠡᠩ ᠣᠨᠣᠪᠴᠢᠲᠠᠶ ᠪᠥᠭᠡᠳ ᠪᠦᠲᠦᠮᠵᠢᠲᠡᠶ ᠦᠢ᠍ᠯᠡᠴᠢᠯᠡᠭᠡ ᠬᠠᠩᠭ᠋ᠠᠬᠤ ᠶᠤᠮ ᠪᠠᠢ᠌ᠨ᠎ᠠ᠃
   ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠰᠤᠷᠤᠯᠭ᠎ᠠ ᠵᠢ ᠲᠡᠳᠬᠦᠬᠦ ᠪᠢᠴᠢᠭ᠎ᠤᠨ ᠪᠣᠭᠴᠣ ᠵᠢ ᠲᠦᠭᠡᠭᠡᠬᠦ ᠶᠣᠰᠣᠯᠠᠯ ᠶᠠᠪᠤᠭᠤᠯᠤᠭᠰᠠᠨ ᠪᠥᠭᠡᠳ ᠬᠡᠦᠬᠡᠳ᠎ᠲᠤ 《ᠨᠠᠬᠢᠶ᠎ᠠ ᠬᠦᠰᠡᠯ᠎ᠤᠨ ᠵᠢᠭᠦᠷ᠎ᠤᠨ ᠭᠠᠪᠢᠶᠠᠨ ᠲᠡᠮᠳᠡᠭ》 ᠵᠡᠭᠦᠯᠭᠡᠵᠦ᠂ ᠬᠡᠦᠬᠡᠳ᠎ᠤᠳ᠎ᠲᠤ ᠵᠥᠩᠨᠡᠯ ᠳᠡᠪᠰᠢᠭᠦᠯᠬᠦ ᠵᠢᠨ ᠬᠠᠮᠲᠤ ᠥᠪᠡᠷ᠎ᠤᠨ ᠬᠦᠰᠡᠯ ᠡᠷᠡᠮᠡᠯᠵᠡᠯ ᠵᠶ᠋ᠡᠨ ᠪᠢᠴᠢᠵᠦ ᠬᠠᠮᠲᠤ᠎ᠪᠠᠷ ᠵᠦᠡᠭᠨᠡᠯ ᠪᠡᠯᠬᠡᠳᠡᠯ᠎ᠤᠨ  ᠮᠣᠳᠣ ᠲᠠᠷᠢᠵᠦ᠂ ᠬᠠᠮᠤᠭ ᠰᠡᠭᠦᠯ᠎ᠳᠤ ᠥᠩᠭᠡ ᠢᠯᠭ᠋ᠠᠷᠠᠭᠰᠠᠨ ᠬᠡᠢ᠌ᠲᠦ ᠪᠥᠮᠪᠥᠭᠡ ᠨᠢᠰᠬᠡᠬᠦ ᠳᠤᠮᠳᠠ ᠠᠵᠢᠯᠯᠠᠭ᠎ᠠ᠎ᠪᠠᠨ ᠲᠡᠬᠦᠰᠬᠡᠬᠡᠳ ᠨᠡᠭᠦᠳᠡᠯ ᠬᠡᠦᠬᠡᠳ᠎ᠲᠤ ᠨᠠᠮ ᠪᠠ ᠨᠡᠢ᠌ᠭᠡᠮ᠎ᠤᠨ᠎ᠬᠢᠨ᠎ᠤ ᠬᠠᠢ᠌ᠷ᠎ᠠ ᠬᠠᠯᠠᠮᠵᠢ ᠵᠢ ᠬᠦᠷᠳᠡᠬᠡᠯ᠎ᠡ᠃
    

 




   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠷᠳᠣᠰ ᠬᠤᠳᠠ ᠵᠢᠨ᠎ᠬᠢᠨ ᠬᠡᠦᠬᠡᠳ᠎ᠤᠨ ᠰᠡᠳᠬᠢᠴᠨ ᠵᠢ ᠬᠠᠢ᠌ᠷᠠᠯᠠᠨ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠵᠤ ᠪᠠᠢ᠌ᠨ᠎ᠠ — ᠨᠡᠢ᠌ᠭᠡᠮ᠎ᠤᠨ ᠠᠰᠠᠷᠠᠮᠵᠢ ᠵᠢᠨ ᠲᠥᠪ᠎ᠤᠨ᠎ᠬᠢᠨ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠰᠡᠳᠬᠢᠴᠡ ᠵᠢ ᠦᠨᠡᠯᠡᠬᠦ ᠠᠵᠢᠯ᠎ᠢ ᠦᠷᠨᠢᠬᠦᠯᠪᠡ
ᠣᠷᠳᠣᠰ ᠬᠣᠲᠠ ᠵᠢᠨ ᠲᠠᠯᠠᠳ ᠬᠣᠰᠢᠭᠤᠨ᠎ᠤ᠎ᠬᠢᠨ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠰᠢᠨ᠎ᠡ ᠠᠷᠭ᠎ᠠ᠎ᠪᠠᠷ ᠪᠦᠲᠦᠮᠵᠢᠲᠡᠶ ᠵᠤᠯᠭ᠋ᠠᠭᠤᠯᠵᠤ ᠪᠠᠢ᠌ᠨ᠎ᠠ
ᠰᠢᠯᠢ ᠵᠢᠨ ᠭᠣᠣᠯ ᠠᠢ᠌ᠮᠠᠭ᠎ᠤᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠴᠠᠭ᠋ᠠᠨ ᠰᠠᠷ᠎ᠠ ᠵᠢᠨ ᠪᠡᠯᠡᠭ ᠪᠣᠭᠴᠣ ᠬᠦᠷᠬᠡᠪᠡ
ᠬᠢᠩᠭ᠋ᠠᠨ ᠠᠢ᠌ᠮᠠᠭ᠎ᠤᠨ᠎ᠬᠢᠨ ᠨᠠᠰᠤᠲᠠᠢ᠌ᠴᠤᠳ᠎ᠤᠨ ᠵᠣᠯ ᠵᠢᠷᠭ᠋ᠠᠯᠲᠤ ᠠᠮᠢᠳᠤᠷᠠᠯ᠎ᠢ ᠲᠦᠪᠬᠢᠨᠡᠬᠦᠯᠵᠤ ᠪᠠᠢ᠌ᠨ᠎ᠠ
ᠦᠬᠠᠢ ᠬᠣᠲᠠ ᠵᠢᠨ᠎ᠬᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠨᠠᠷᠢᠯᠢᠭ ᠣᠨᠣᠴᠠᠲᠠᠢ ᠬᠠᠮᠢᠶᠠᠷᠤᠯᠲᠠ᠎ᠪᠠᠷ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠬᠦᠯᠵᠤ ᠪᠣᠶ
 
            