ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠣᠷᠳᠣᠰ ᠬᠤᠳᠠ ᠵᠢᠨ᠎ᠬᠢᠨ ᠬᠡᠦᠬᠡᠳ᠎ᠤᠨ ᠰᠡᠳᠬᠢᠴᠨ ᠵᠢ ᠬᠠᠢ᠌ᠷᠠᠯᠠᠨ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠵᠤ ᠪᠠᠢ᠌ᠨ᠎ᠠ — ᠨᠡᠢ᠌ᠭᠡᠮ᠎ᠤᠨ ᠠᠰᠠᠷᠠᠮᠵᠢ ᠵᠢᠨ ᠲᠥᠪ᠎ᠤᠨ᠎ᠬᠢᠨ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠰᠡᠳᠬᠢᠴᠡ ᠵᠢ ᠦᠨᠡᠯᠡᠬᠦ ᠠᠵᠢᠯ᠎ᠢ ᠦᠷᠨᠢᠬᠦᠯᠪᠡ
ᠨᠡᠶᠢᠲᠡᠯᠡᠭᠰᠡᠨ ᠴᠠᠭ᠄ 2024-12-31

   ᠨᠡᠢ᠌ᠬᠡᠮ᠎ᠤᠨ ᠠᠰᠠᠷᠠᠮᠵᠢ ᠵᠢᠨ ᠲᠦᠪ᠎ᠲᠤ ᠰᠠᠭᠤᠭ᠎ᠠ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠰᠡᠳᠬᠢᠴᠡ ᠵᠢᠨ ᠪᠠᠢ᠌ᠳᠠᠯ᠎ᠢ ᠪᠥᠬᠥ ᠲᠠᠯ᠎ᠠ᠎ᠪᠠᠷ ᠣᠢ᠌ᠯᠠᠭ᠋ᠠᠵᠤ᠂ ᠥᠪᠡᠷᠮᠢᠴᠡ ᠡᠷᠡᠭᠦᠯᠵᠢᠯ᠎ᠤᠨ ᠦᠢ᠍ᠯᠡᠴᠢᠯᠡᠭᠡᠨ᠎ᠤ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠡᠷᠡᠭᠦᠯ ᠵᠶ᠋ᠡᠷ ᠬᠥᠭᠵᠢᠬᠦ ᠵᠢ ᠠᠬᠢᠭᠤᠯᠤᠨ᠂ ᠨᠠᠷᠢᠯᠢᠭ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ ᠣᠷᠳᠣᠰ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠲᠥᠪ᠎ᠤᠨ᠎ᠬᠢᠨ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ 4 ᠬᠡᠦᠬᠡᠳ᠎ᠤᠨ ᠰᠡᠳᠬᠢᠴᠡ ᠵᠢ ᠦᠨᠡᠯᠡᠪᠡ᠃
   ᠬᠡᠦᠬᠡᠳ ᠵᠶ᠋ᠡᠷ ᠡᠯᠡᠰᠦᠨ ᠲᠠᠪᠠᠭ᠎ᠲᠤ᠎ᠬᠢ ᠡᠯᠡᠰᠦᠨ ᠪᠠᠭ᠋ᠠᠵᠢ ᠵᠢ ᠴᠢᠯᠦᠭᠡᠲᠡᠢ ᠲᠠᠯᠪᠢᠭᠤᠯᠬᠤ᠎ᠳᠤ᠎ᠪᠠᠨ ᠲᠠᠯᠪᠢᠭᠰᠠᠨ ᠶᠠᠪᠤᠴᠠ᠂ ᠰᠣᠩᠭᠣᠭᠰᠠᠨ ᠡᠯᠡᠰᠦᠨ ᠪᠠᠭ᠋ᠠᠵᠢ ᠵᠢᠨ ᠬᠡᠯᠪᠡᠷᠢ ᠪᠠ ᠲᠠᠯᠪᠢᠭᠰᠠᠨ ᠣᠷᠣᠨ ᠪᠠᠢ᠌ᠷᠢ ᠵᠢ ᠠᠵᠢᠬᠯᠠᠨ ᠬᠡᠦᠬᠡᠳ᠎ᠤᠨ ᠰᠡᠳᠬᠢᠴᠡ ᠵᠢᠨ ᠪᠠᠢ᠌ᠳᠠᠯ᠂ ᠤᠷᠮ᠎ᠠ ᠰᠡᠳᠬᠢᠯᠭᠡ ᠵᠢᠨ ᠢᠯᠡᠳᠬᠡᠯᠲᠡ ᠪᠠ ᠳᠣᠲᠣᠭ᠋ᠠᠳᠤ ᠰᠡᠳᠬᠢᠯ᠎ᠤᠨ ᠮᠥᠷᠭᠥᠯᠳᠦᠭᠡᠨ᠎ᠢ ᠵᠠᠳᠠᠯᠤᠨ ᠰᠢᠨᠵᠢᠯᠡᠬᠦ᠎ᠪᠠᠷ ᠳᠠᠮᠵᠢᠨ ᠬᠡᠦᠬᠡᠳ᠎ᠤᠨ ᠰᠡᠳᠬᠢᠴᠡ ᠵᠢᠨ ᠪᠠᠢ᠌ᠳᠠᠯ᠂ ᠤᠷᠮ᠎ᠠ ᠰᠡᠳᠬᠢᠯᠭᠡ ᠵᠢᠨ ᠢᠯᠡᠳᠬᠡᠯᠲᠡ ᠪᠠ ᠳᠣᠲᠣᠭ᠋ᠠᠳᠤ ᠰᠡᠳᠬᠢᠯ᠎ᠤᠨ ᠮᠥᠷᠭᠥᠯᠳᠦᠭᠡᠨ᠎ᠢ ᠵᠠᠳᠠᠯᠪᠠ᠃
   ᠬᠡᠦᠬᠡᠳ᠎ᠤᠨ ᠦᠢ᠍ᠯᠡ ᠠᠵᠢᠯᠯᠠᠭ᠎ᠠ ᠵᠢᠨ ᠬᠡᠮᠵᠢᠭᠦᠷ᠂ ᠬᠡᠦᠬᠡᠳ᠎ᠤᠨ ᠤᠷᠮ᠎ᠠ ᠰᠡᠳᠬᠢᠯᠭᠡ ᠵᠢᠨ ᠬᠡᠮᠵᠢᠭᠦᠷ᠂ ᠬᠡᠦᠬᠡᠳ᠎ᠤᠨ ᠭᠠᠭᠴᠠᠭ᠋ᠠᠷᠳᠠᠯ᠎ᠤᠨ ᠬᠡᠮᠵᠢᠭᠦᠷ ᠵᠡᠷᠭᠡ ᠵᠢ ᠠᠰᠢᠭᠯᠠᠨ ᠬᠡᠦᠬᠡᠳ᠎ᠲᠤ ᠬᠡᠮᠵᠢᠶᠡᠯᠡᠬᠦ ᠦᠨᠡᠯᠡᠯᠳᠡ ᠬᠢᠵᠦ᠂ ᠬᠡᠦᠬᠡᠳ᠎ᠤᠨ ᠦᠢ᠍ᠯᠡ ᠠᠵᠢᠯᠯᠠᠭ᠎ᠠ᠂ ᠤᠷᠮ᠎ᠠ ᠰᠡᠳᠬᠢᠯᠭᠡ᠂ ᠨᠡᠢ᠌ᠭᠡᠮ᠎ᠤᠨ ᠬᠠᠷᠢᠯᠴᠠᠭ᠎ᠠ ᠵᠡᠷᠭᠡ ᠲᠠᠯ᠎ᠠ ᠵᠢᠨ ᠢᠯᠡᠷᠡᠯ ᠪᠠ ᠳᠠᠯᠳᠠ ᠠᠰᠠᠭᠤᠳᠠᠯ᠎ᠢ  ᠤᠢ᠌ᠯᠠᠭ᠋ᠠᠪᠠ᠃
   ᠳᠠᠭᠤᠤ ᠬᠥᠭᠵᠢᠮ ᠵᠶ᠋ᠡᠷ ᠵᠠᠭᠤᠴᠢ ᠪᠣᠯᠭ᠋ᠠᠵᠤ ᠬᠡᠦᠬᠡᠳ᠎ᠲᠤ ᠳᠠᠭᠤᠤ ᠬᠥᠭᠵᠢᠮ ᠰᠣᠨᠣᠰᠬᠠᠵᠤ᠂ ᠲᠤᠰᠬᠠᠯ ᠪᠠ ᠰᠡᠳᠬᠢᠯᠭᠡ ᠵᠢᠨ ᠢᠯᠡᠳᠬᠡᠯᠲᠡ ᠵᠢ᠎ᠨᠢ ᠠᠵᠢᠭᠯᠠᠭᠤᠯᠬᠤ᠎ᠪᠠᠷ ᠳᠡᠮᠵᠢᠨ ᠰᠡᠳᠬᠢᠯᠭᠡ ᠵᠢᠨ ᠵᠣᠬᠢᠴᠠᠭᠤᠯᠬᠤ ᠴᠢᠳᠠᠪᠤᠷᠢ᠂ ᠪᠦᠲᠦᠭᠡᠯᠴᠢ ᠴᠢᠳᠠᠪᠤᠷᠢ ᠪᠠ ᠨᠡᠢ᠌ᠭᠡᠮ᠎ᠤᠨ ᠬᠠᠷᠢᠯᠴᠠᠭ᠋ᠠᠨ᠎ᠤ ᠴᠢᠳᠠᠪᠤᠷᠢ ᠵᠢ᠎ᠨᠢ ᠦᠨᠡᠯᠡᠪᠡ᠃
   ᠬᠡᠦᠬᠡᠳ᠎ᠲᠠᠢ ᠨᠢᠬᠡᠳ ᠨᠢᠭᠡ᠎ᠪᠠᠷ ᠭᠦᠨᠵᠡᠭᠡᠢ ᠶᠠᠷᠢᠯᠴᠠᠵᠤ ᠲᠡᠳᠡᠨ᠎ᠤ ᠭᠡᠷ ᠪᠦᠯᠢ ᠵᠢᠨ ᠠᠬᠤᠢ ᠪᠠᠢ᠌ᠳᠠᠯ᠂ ᠠᠮᠢᠳᠤᠷᠠᠯ᠎ᠤᠨ ᠥᠩᠭᠡᠷᠡᠯᠲᠡ᠂ ᠬᠤᠪᠢ ᠬᠥᠮᠥᠨ᠎ᠤ ᠲᠥᠷᠥᠭᠳᠡᠯ ᠪᠠ ᠢᠷᠡᠭᠡᠳᠦᠢ ᠵᠢᠨ ᠬᠦᠰᠡᠯ ᠡᠷᠡᠮᠡᠯᠵᠡᠯ᠎ᠢ ᠣᠢ᠌ᠯᠠᠭ᠋ᠠᠵᠤ ᠶᠠᠷᠢᠯᠴᠠᠭ᠎ᠠ᠎ᠪᠠᠷ ᠳᠠᠮᠵᠢᠨ ᠲᠡᠳᠡᠨ᠎ᠤ ᠰᠡᠳᠬᠢᠴᠡ ᠵᠢᠨ ᠱᠠᠭ᠋ᠠᠷᠳᠠᠯᠭ᠎ᠠ ᠪᠠ ᠳᠠᠯᠳᠠ ᠰᠡᠳᠬᠢᠴᠡ ᠵᠢᠨ ᠬᠠᠷᠰᠢ ᠰᠠᠭ᠋ᠠᠳ᠎ᠢ ᠢᠯᠡᠷᠡᠬᠦᠯᠪᠡ᠃
   ᠦᠨᠡᠯᠡᠭᠰᠡᠨ ᠦᠷ᠎ᠡ ᠳ᠋ᠦᠩ᠎ᠢ ᠦᠨᠳᠦᠰᠦᠯᠡᠨ ᠪᠣᠳᠠᠲᠠᠢ ᠬᠠᠷᠠᠯᠲᠠ ᠲᠣᠭᠲᠠᠭ᠋ᠠᠵᠤ᠂ ᠦᠨᠡᠯᠡᠭᠰᠡᠨ ᠦᠷ᠎ᠡ ᠳ᠋ᠦᠩ᠎ᠢ ᠴᠠᠭ ᠲᠤᠬᠠᠢ᠎ᠳᠤ᠎ᠨᠢ ᠬᠡᠮᠵᠢᠵᠦ᠂ ᠭᠡᠷ ᠪᠦᠯᠢ ᠵᠢᠨ ᠳᠡᠮᠵᠢᠯᠭᠡ ᠪᠠ ᠣᠷᠤᠯᠴᠠᠯᠭ᠎ᠠ ᠵᠢ ᠠᠬᠢᠭᠤᠯᠤᠨ᠂ ᠦᠨᠡᠯᠡᠯᠳᠡ ᠵᠢ ᠦᠷᠭᠦᠯᠵᠢᠯᠡᠨ ᠳᠠᠭ᠋ᠠᠵᠤ᠂ ᠬᠡᠦᠬᠡᠳ᠎ᠲᠤ ᠨᠢᠭᠡ ᠨᠢᠭᠡ ᠵᠢᠨ ᠥᠪᠡᠷᠮᠢᠴᠡ ᠰᠡᠳᠬᠢᠴᠡ ᠵᠢᠨ ᠡᠷᠡᠭᠦᠯᠵᠢᠯ᠎ᠤᠨ ᠦᠢ᠍ᠯᠡᠴᠢᠯᠡᠭᠡ ᠬᠠᠩᠭ᠋ᠠᠵᠤ᠂ ᠬᠡᠦᠬᠡᠳ᠎ᠤᠨ ᠥᠪᠡᠷ᠎ᠢ᠎ᠪᠠᠨ ᠲᠠᠨᠢᠨ ᠮᠡᠳᠡᠬᠦ ᠪᠠ ᠤᠷᠮ᠎ᠠ ᠰᠡᠳᠬᠢᠯᠭᠡ ᠵᠢᠨ ᠬᠠᠮᠢᠶᠠᠷᠤᠯᠲᠠ ᠵᠢᠨ ᠴᠢᠳᠠᠪᠤᠷᠢ ᠵᠢ  ᠲᠡᠭᠡᠭᠰᠢᠯᠡᠬᠦᠯᠪᠡ᠃

 






ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠲᠠᠯᠠᠳ ᠬᠣᠰᠢᠭᠤᠨ᠎ᠤ᠎ᠬᠢᠨ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠰᠢᠨ᠎ᠡ ᠠᠷᠭ᠎ᠠ᠎ᠪᠠᠷ ᠪᠦᠲᠦᠮᠵᠢᠲᠡᠶ ᠵᠤᠯᠭ᠋ᠠᠭᠤᠯᠵᠤ ᠪᠠᠢ᠌ᠨ᠎ᠠ
ᠰᠢᠯᠢ ᠵᠢᠨ ᠭᠣᠣᠯ ᠠᠢ᠌ᠮᠠᠭ᠎ᠤᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠴᠠᠭ᠋ᠠᠨ ᠰᠠᠷ᠎ᠠ ᠵᠢᠨ ᠪᠡᠯᠡᠭ ᠪᠣᠭᠴᠣ ᠬᠦᠷᠬᠡᠪᠡ
ᠬᠢᠩᠭ᠋ᠠᠨ ᠠᠢ᠌ᠮᠠᠭ᠎ᠤᠨ᠎ᠬᠢᠨ ᠨᠠᠰᠤᠲᠠᠢ᠌ᠴᠤᠳ᠎ᠤᠨ ᠵᠣᠯ ᠵᠢᠷᠭ᠋ᠠᠯᠲᠤ ᠠᠮᠢᠳᠤᠷᠠᠯ᠎ᠢ ᠲᠦᠪᠬᠢᠨᠡᠬᠦᠯᠵᠤ ᠪᠠᠢ᠌ᠨ᠎ᠠ
ᠦᠬᠠᠢ ᠬᠣᠲᠠ ᠵᠢᠨ᠎ᠬᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠨᠠᠷᠢᠯᠢᠭ ᠣᠨᠣᠴᠠᠲᠠᠢ ᠬᠠᠮᠢᠶᠠᠷᠤᠯᠲᠠ᠎ᠪᠠᠷ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠬᠦᠯᠵᠤ ᠪᠣᠶ
ᠦᠬᠠᠢ ᠬᠣᠲᠠ ᠵᠢᠨ᠎ᠬᠢᠨ ᠬᠡᠷᠡᠭᠴᠡᠭᠡ ᠱᠠᠭ᠋ᠠᠷᠳᠠᠯᠭ᠎ᠠ᠎ᠪᠠᠷ ᠦᠨᠳᠦᠰᠦ ᠪᠣᠯᠭ᠋ᠠᠵᠤ ᠬᠦᠭᠵᠢᠬᠦᠯᠤᠯᠳᠡ ᠵᠢᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠪᠦᠲᠦᠮᠵᠢᠲᠡᠶ ᠠᠷᠭ᠎ᠠ ᠵᠠᠮ᠎ᠢ ᠰᠦᠪᠡᠭᠴᠢᠯᠡᠪᠡ
 
            