ᠦᠬᠠᠢ ᠬᠣᠲᠠ ᠵᠢᠨ ᠳᠠᠭ᠋ᠠᠳᠬᠠᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠤᠨ᠎ᠬᠢᠨ 《ᠮᠥᠩᠭᠥᠨ ᠭᠦᠢ᠍ᠯᠭᠡᠭᠡᠨ᠎ᠤ ᠮᠡᠳᠡᠯᠭᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠵᠤ ᠵᠠᠯᠠᠭᠤᠴᠤᠳ᠎ᠤᠨ ᠦᠰᠤᠨ ᠪᠤᠢ᠌ᠵᠢᠯᠳᠠ᠎ᠳᠤ᠎ᠨᠢ ᠲᠤᠰᠠᠯᠠᠶ᠎ᠠ》 ᠤᠬᠠᠭᠤᠯᠬᠤ ᠠᠵᠢᠯᠯᠠᠭ᠎ᠠ ᠥᠷᠨᠢᠭᠦᠯᠪᠡ
ᠣᠶᠤᠲᠠᠳ᠎ᠤᠨ ᠮᠥᠩᠭᠥᠨ ᠭᠦᠢ᠍ᠯᠭᠡᠭᠡ ᠳᠠᠭ᠋ᠠᠳᠬᠠᠯ᠎ᠤᠨ ᠬᠡᠪ ᠪᠣᠯᠪᠠᠰᠤᠷᠠᠯ ᠪᠣᠯᠣᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠬᠠᠮᠰᠠᠷ᠎ᠢ ᠳᠡᠭᠡᠭᠰᠢᠯᠡᠭᠦᠯᠬᠦ ᠵᠢᠨ ᠲᠥᠯᠥᠭᠡ ᠦᠬᠠᠢ ᠬᠤᠳᠠ ᠵᠢᠨ ᠳᠠᠭ᠋ᠠᠳᠬᠠᠯ᠎ᠤᠨ ᠠᠵᠢᠯ ᠲᠦᠷᠦᠯ᠎ᠤᠨ ᠨᠡᠢ᠌ᠭᠡᠮᠯᠢᠭ᠎ᠤᠨ᠎ᠬᠢᠨ ᠂ 9 ᠰᠠᠷ᠎ᠠ ᠵᠢᠨ 9 ᠤ ᠡᠳᠦᠷ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠠᠷᠢᠶᠠᠨ᠎ᠳᠤ᠎ᠬᠢ ᠬᠥᠮᠥᠨ᠎ᠤ ᠳᠠᠭ᠋ᠠᠳᠬᠠᠯ ᠡᠳ᠋᠎ᠤᠨ ᠵᠠᠰᠠᠭ᠎ᠤᠨ ᠳᠠᠭ᠋ᠠᠳᠬᠠᠯ᠂ ᠳᠤᠮᠳᠠᠳᠤ ᠤᠯᠤᠰ᠎ᠤᠨ ᠠᠮᠢ ᠨᠠᠰᠤᠨ᠎ᠤ ᠲᠠᠭ᠋ᠠᠳᠬᠠᠯ ᠵᠡᠷᠭᠡ 10 ᠳᠠᠭ᠋ᠠᠳᠬᠠᠯ᠎ᠤᠨ ᠪᠠᠢ᠌ᠭᠤᠯᠤᠮᠵᠢ ᠵᠢᠨ᠎ᠬᠢᠨ᠎ᠲᠠᠢ ᠬᠠᠮᠲᠤᠷᠠᠨ ᠦᠬᠠᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ 《ᠮᠥᠩᠭᠥᠨ ᠭᠦᠢ᠍ᠯᠭᠡᠭᠡᠨ᠎ᠤ ᠮᠡᠳᠡᠯᠭᠡ᠎ᠪᠠᠷ ᠰᠤᠷᠭ᠋ᠠᠭᠤᠯᠢ ᠵᠢᠨ ᠬᠦᠷᠢᠶᠡᠨ᠎ᠳᠤ ᠤᠷᠤᠭᠤᠯᠵᠤ ᠵᠠᠯᠠᠭᠤᠴᠤᠳ᠎ᠤᠨ ᠦᠰᠤᠨ ᠪᠤᠢ᠌ᠵᠢᠯᠳᠠ᠎ᠳᠤ᠎ᠨᠢ ᠲᠤᠰᠠᠯᠠᠶ᠎ᠠ》 ᠭᠣᠣᠯ ᠰᠡᠳᠦᠪᠲᠦ ᠮᠥᠩᠭᠥᠨ ᠭᠦᠢ᠍ᠯᠭᠡᠭᠡᠨ᠎ᠤ ᠬᠠᠤᠯᠢᠵᠢᠯ᠎ᠤᠨ ᠮᠡᠳᠡᠯᠭᠡ ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠡᠢ᠃
ᠠᠵᠢᠯᠯᠠᠭ᠎ᠠ᠎ᠨᠢ ᠭᠣᠣᠯ ᠰᠡᠳᠦᠪᠲᠦ ᠦᠵᠡᠭᠦᠯᠦᠯᠭᠡ ᠵᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠵᠢᠨ ᠥᠩᠭᠡᠲᠦ ᠬᠠᠭᠤᠳᠠᠰᠤ ᠲᠠᠷᠬᠠᠭ᠋ᠠᠬᠤ᠂ ᠤᠬᠠᠭᠤᠯᠭ᠎ᠠ ᠵᠢᠨ ᠬᠥᠨᠳᠡᠯᠡᠨ ᠪᠢᠴᠢᠭᠡᠰᠦ ᠵᠢ ᠡᠯᠭᠦᠬᠦ᠂ ᠯᠠᠪᠯᠠᠯᠭ᠎ᠠ ᠵᠢᠨ ᠲᠠᠪᠴᠠᠩ ᠭᠠᠷᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠭ᠋ᠠᠳᠬᠠᠯ᠎ᠤᠨ ᠮᠡᠳᠡᠯᠭᠡ ᠵᠢ ᠲᠦᠭᠡᠮᠡᠯᠵᠢᠭᠦᠯᠵᠦ᠂ ᠮᠥᠩᠭᠥᠨ ᠭᠦᠢ᠍ᠯᠭᠡᠭᠡᠨ᠎ᠤ ᠠᠰᠠᠭᠤᠳᠠᠯ᠎ᠳᠤ ᠬᠠᠷᠢᠭᠤᠯᠲᠠ ᠥᠭᠴᠡᠢ᠃ ᠨᠢᠭᠡ ᠲᠠᠯ᠎ᠠ᠎ᠪᠠᠷ ᠰᠤᠷᠭ᠋ᠠᠭᠤᠯᠢ ᠵᠢᠨ ᠬᠦᠷᠢᠶᠡᠨ᠎ᠤ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢᠨ ᠬᠣᠣᠷ ᠬᠥᠨᠥᠭᠡᠯ ᠪᠠ ᠵᠠᠢ᠌ᠯᠠᠬᠤ ᠠᠷᠭ᠎ᠠ ᠵᠢᠨ ᠲᠣᠭᠣᠷᠢᠨ᠎ᠳᠤ ᠤᠬᠠᠭᠤᠯᠤᠨ ᠲᠠᠢ᠌ᠯᠪᠤᠷᠢᠯᠠᠵᠤ᠂ ᠬᠠᠤᠯᠢ ᠪᠤᠰᠤ᠎ᠪᠠᠷ ᠪᠡᠯᠡ ᠮᠥᠩᠭᠥ ᠴᠤᠭᠯᠠᠭᠤᠯᠬᠤ ᠪᠠ ᠴᠠᠬᠢᠯᠭ᠋ᠠᠨ ᠬᠣᠯᠪᠣᠭ᠎ᠠ᠎ᠪᠠᠷ ᠮᠡᠬᠡᠯᠡᠬᠦ ᠵᠢ ᠰᠡᠷᠭᠡᠢ᠌ᠯᠡᠬᠦ᠂ ᠰᠤᠷᠭ᠋ᠠᠭᠤᠯᠢ ᠵᠢᠨ ᠬᠦᠷᠢᠶᠡᠨ᠎ᠤ ᠵᠢᠭᠡᠯᠡᠯᠭᠡ ᠵᠢ ᠰᠡᠷᠭᠡᠢ᠌ᠯᠡᠬᠦ᠂ ᠬᠤᠪᠢ ᠬᠥᠮᠥᠨ᠎ᠤ ᠮᠡᠳᠡᠭᠡ ᠵᠠᠩᠭᠢ ᠵᠢᠨ ᠠᠮᠤᠷ ᠲᠦᠪᠰᠢᠨ ᠵᠡᠷᠭᠡ ᠠᠭᠤᠯᠭ᠎ᠠ ᠵᠢ ᠲᠦᠭᠡᠮᠡᠯᠵᠢᠭᠦᠯᠵᠦ᠂ ᠣᠶᠤᠲᠠᠳ᠎ᠢ ᠵᠢᠯᠤᠭᠣᠳᠴᠤ ᠪᠠᠢ᠌ᠭ᠋ᠠᠳ ᠵᠦᠢ ᠵᠣᠬᠢᠰᠲᠠᠢ ᠵᠢᠭᠡᠯᠡᠯᠭᠡ ᠲᠠᠯᠪᠢᠬᠤ᠂ ᠣᠶᠤᠨᠴᠢ᠎ᠪᠠᠷ ᠬᠡᠷᠡᠭᠯᠡᠭᠡ ᠬᠢᠬᠦ ᠤᠬᠠᠮᠰᠠᠷ᠎ᠲᠠᠢ ᠪᠣᠯᠭ᠋ᠠᠵᠤ᠂ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠬᠦ ᠴᠢᠳᠠᠪᠤᠷᠢ ᠵᠢ᠎ᠨᠢ ᠴᠢᠡᠭᠭ᠋ᠠᠳᠬᠠᠪᠠ᠃ ᠨᠤᠢ᠌ᠬᠦᠭᠡ ᠲᠠᠯ᠎ᠠ᠎ᠪᠠᠷ 《ᠴᠠᠬᠢᠯᠭ᠋ᠠᠨ ᠬᠤᠯᠪᠤᠭ᠎ᠠ᠎ᠪᠠᠷ ᠮᠡᠬᠡᠯᠡᠭᠴᠢ ᠵᠢᠨ ᠬᠤᠤᠷ᠎ᠢ ᠠᠮᠰᠠᠭᠤᠯᠬᠤ ᠦᠬᠡᠢ》 ᠵᠤᠷᠢᠯᠭ᠎ᠠ᠎ᠪᠠᠷ《ᠶᠠᠭᠤ ᠵᠢ ᠴᠠᠬᠢᠯᠭ᠋ᠠᠨ ᠬᠣᠯᠪᠣᠭ᠋ᠠᠨ᠎ᠤ ᠰᠦᠯᠵᠢᠶᠡᠨ᠎ᠤ ᠮᠡᠬᠡᠯᠡᠯ ᠭᠡᠬᠦ᠂ ᠪᠠᠢ᠌ᠩᠭᠤ ᠲᠣᠬᠢᠶᠠᠯᠳᠤᠳᠠᠭ ᠠᠷᠭ᠎ᠠ ᠪᠠᠷᠢᠯ᠎ᠨᠢ ᠶᠠᠭᠤ ᠪᠣᠯᠬᠤ᠂ ᠮᠡᠬᠡᠯᠡᠯ᠎ᠤᠨ ᠴᠢᠳᠠᠪᠤᠷᠢ ᠵᠢ ᠬᠡᠷᠬᠢᠨ ᠳᠡᠭᠡᠭᠰᠢᠯᠡᠭᠦᠯᠬᠦ᠂ ᠴᠠᠬᠢᠯᠭ᠋ᠠᠨ ᠬᠣᠯᠪᠣᠭ᠋ᠠᠨ᠎ᠤ ᠮᠡᠬᠡᠯᠡᠯ᠎ᠤᠨ ᠬᠠᠮᠰᠠᠭ᠋ᠠᠲᠠᠨ ᠪᠣᠯᠵᠤ ᠪᠣᠯᠬᠤ ᠦᠭᠡᠢ ᠭᠡᠬᠦ ᠳᠥᠷᠪᠡᠨ ᠲᠠᠯ᠎ᠠ᠎ᠠᠴᠠ ᠤᠬᠠᠭᠤᠯᠭ᠎ᠠ ᠥᠷᠨᠢᠭᠦᠯᠵᠦ᠂ ᠰᠢᠨ᠎ᠡ ᠮᠠᠶᠢᠭ᠎ᠤᠨ ᠮᠡᠬᠡᠯᠡᠯ᠎ᠢ ᠬᠡᠷᠬᠢᠨ ᠰᠡᠷᠭᠡᠢ᠌ᠯᠡᠬᠦ ᠠᠭᠤᠯᠭ᠎ᠠ ᠵᠢ ᠲᠣᠭ᠋ᠠᠴᠢᠨ ᠣᠶᠤᠲᠠᠳ᠎ᠲᠤ ᠰᠢᠨ᠎ᠡ ᠰᠣᠷᠭᠣᠭ ᠠᠮᠢᠳᠤᠯᠢᠭ ᠬᠠᠤᠯᠢ᠎ᠪᠠᠷ ᠵᠠᠰᠠᠬᠤ ᠬᠥᠮᠦᠵᠢᠯ᠎ᠤᠨ ᠬᠢᠴᠢᠶᠡᠯ ᠣᠷᠣᠭᠤᠯᠪᠠ᠃
ᠲᠣᠰ ᠠᠵᠢᠯᠯᠠᠭ᠎ᠠ᠎ᠳᠤ ᠶᠠᠭ ᠰᠠᠢ᠌ᠬᠠᠨ ᠰᠢᠨ᠎ᠡ ᠰᠣᠷᠣᠭᠴᠢ ᠰᠤᠷᠭ᠋ᠠᠭᠤᠯᠢ᠎ᠳᠤ ᠣᠷᠣᠬᠤ ᠲᠤᠬᠢᠶᠠᠯᠳᠤᠬᠰᠠᠨ ᠪᠤᠯᠬᠤᠷ 1000 ᠭᠠᠷᠤᠢ ᠰᠢᠨ᠎ᠡ ᠰᠣᠷᠣᠭᠴᠢ ᠣᠷᠣᠯᠴᠠᠵᠠᠢ᠃ ᠠᠵᠢᠯᠯᠠᠭ᠎ᠠ᠎ᠪᠠᠷ ᠲᠠᠮᠵᠢᠨ ᠮᠥᠩᠭᠥᠨ ᠭᠦᠢ᠍ᠯᠭᠡᠭᠡᠨ᠎ᠤ ᠮᠡᠳᠡᠯᠭᠡ ᠵᠢ ᠦᠨᠡᠨ ᠬᠦ᠌ ᠲᠦᠭᠡᠮᠡᠯᠵᠢᠭᠦᠯᠵᠦ᠂ ᠰᠤᠷᠤᠭᠴᠢᠳ᠎ᠤᠨ ᠮᠥᠩᠭᠥᠨ ᠭᠦᠢ᠍ᠯᠭᠡᠭᠡᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠂ 《ᠰᠤᠷᠤᠭᠴᠢᠳ᠎ᠢ ᠰᠤᠷᠭ᠋ᠠᠨ ᠬᠥᠮᠥᠵᠢᠭᠦᠯᠬᠦ᠂ ᠭᠡᠷ ᠪᠦᠯᠢ ᠵᠢ ᠳᠠᠢ᠌ᠴᠢᠯᠠᠬᠤ᠂ ᠨᠡᠢ᠌ᠭᠡᠮ᠎ᠢ ᠨᠥᠯᠥᠭᠡᠯᠡᠬᠦ》 ᠦᠷ᠎ᠡ ᠳ᠋ᠦᠩ᠎ᠳᠤ ᠭᠦᠷᠦᠭᠰᠡᠨ ᠪᠠᠢ᠌ᠨ᠎ᠠ᠃