ᠣᠷᠳᠣᠰ ᠬᠣᠲᠠ ᠵᠢᠨ ᠳᠠᠯᠠᠳ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠨᠡᠢ᠌ᠭᠡᠮ᠎ᠤᠨ ᠨᠢᠭᠦᠯᠡᠰᠦᠩᠭᠦᠢ ᠵᠢᠨ ᠬᠦᠴᠦᠨ᠎ᠢ ᠤᠯᠠᠨ ᠠᠷᠭ᠎ᠠ᠎ᠪᠠᠷ ᠬᠥᠭᠵᠢᠭᠡᠵᠦ᠂ ᠨᠡᠶ᠋ᠢᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠬᠦᠴᠦᠨ᠎ᠤ ᠨᠡᠢ᠌ᠭᠡᠮ᠎ᠤᠨ ᠲᠤᠰᠠᠯᠠᠮᠵᠢ᠎ᠳᠤ ᠣᠷᠣᠯᠴᠠᠬᠤ ᠠᠷᠭ᠎ᠠ ᠵᠠᠮ᠎ᠢ ᠬᠦᠴᠦᠯᠡᠨ ᠨᠠᠪᠲᠠᠷᠡᠭᠦᠯᠵᠦ 《ᠨᠢᠭᠡ᠎ᠳᠤ᠂ ᠠᠩᠬᠠᠷᠤᠯ ᠵᠶ᠋ᠠᠨ ᠲᠥᠪᠯᠡᠷᠡᠭᠦᠯᠵᠦ᠂ ᠬᠣᠶᠠᠷ᠎ᠲᠤ ᠪᠦᠳᠤᠬᠡᠨ ᠪᠠᠢ᠌ᠭᠤᠯᠵᠤ᠂ ᠭᠤᠷᠪᠠ᠎ᠳᠤ ᠰᠢᠨ᠎ᠡ ᠵᠢ ᠡᠭᠦᠳᠬᠦ》 ᠠᠵᠢᠯ᠎ᠤᠨ ᠵᠠᠭᠪᠤᠷ ᠵᠶ᠋ᠠᠷ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠵᠣᠬᠢᠴᠠᠭᠤᠯᠤᠨ ᠬᠠᠮᠵᠢᠯᠴᠠᠬᠤ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠬᠦ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ᠂ ᠠᠭᠤᠰᠤᠯᠴᠠᠨ ᠥᠨᠳᠥᠷ ᠪᠦᠲᠦᠮᠵᠢᠲᠡᠶ ᠪᠠᠢ᠌ᠬᠤ ᠰᠢᠨ᠎ᠡ ᠪᠠᠢ᠌ᠷᠢᠰᠢᠯ᠎ᠢ ᠢᠳᠡᠪᠬᠢᠲᠡᠢ ᠪᠣᠶ ᠪᠣᠯᠭ᠋ᠠᠵᠤ ᠬᠦᠴᠢᠷᠳᠡᠯᠲᠡᠢ ᠣᠯᠠᠨ ᠲᠦᠮᠡᠨ᠎ᠤ ᠪᠠᠴᠢᠮᠳᠠᠯ ᠬᠦᠴᠢᠷᠳᠡᠯ ᠵᠣᠪᠠᠨᠢᠯ ᠪᠠᠷᠠᠯᠠᠯ᠎ᠢ ᠬᠦᠴᠦ᠎ᠪᠠᠨ ᠬᠠᠮᠲᠤᠳᠬᠠᠨ ᠰᠢᠢ᠍ᠳᠪᠦᠷᠢᠯᠡᠵᠦ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠲᠤᠤᠷᠵᠢᠯ᠎ᠢ ᠨᠢᠭᠲᠠ ᠰᠦᠯᠵᠢᠵᠦ᠂ ᠨᠡᠢ᠌ᠭᠡᠮ᠎ᠤᠨ ᠲᠤᠰᠠᠯᠠᠮᠵᠢ ᠵᠢ ᠨᠠᠩ ᠬᠠᠯᠠᠭᠤᠨ ᠳᠤᠯᠠᠭ᠋ᠠᠨ ᠪᠣᠯᠭ᠋ᠠᠵᠤ ᠠᠷᠠᠳ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠨᠠᠩ ᠲᠡᠭᠡᠭᠰᠢᠯᠡᠬᠦᠯᠪᠡ᠃
《ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡ》᠎ᠳᠤ ᠠᠩᠬᠠᠷᠤᠯ ᠵᠶ᠋ᠠᠨ ᠲᠥᠪᠯᠡᠷᠡᠭᠦᠯᠦᠨ ᠵᠦᠷᠢᠶᠡᠴᠢᠯᠡᠭᠰᠡᠨ ᠨᠡᠢ᠌ᠭᠡᠮ᠎ᠤᠨ ᠲᠤᠰᠠᠯᠠᠮᠵᠢ ᠬᠠᠡᠭᠭ᠋ᠠᠪᠠ
ᠨᠡᠢ᠌ᠭᠡᠮ᠎ᠤᠨ ᠲᠤᠰᠠᠯᠠᠮᠵᠢ ᠵᠢᠨ ᠰᠠᠯᠠᠭ᠎ᠠ ᠮᠥᠴᠢᠷ᠎ᠤᠨ ᠬᠠᠮᠲᠤᠷᠠᠭᠰᠠᠨ ᠬᠤᠷᠠᠯ᠎ᠳᠤ ᠲᠦᠰᠢᠭᠯᠡᠨ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢᠨ ᠠᠵᠢᠯ᠎ᠤᠨ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠡᠯ᠎ᠡ ᠰᠤᠮᠤ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠠᠷᠠᠳ᠎ᠤᠨ ᠶᠠᠪᠤᠳᠠᠯ᠎ᠤᠨ ᠲᠤᠰᠠᠯᠠᠭᠴᠢᠳ ᠡᠳᠦᠷ ᠲᠤᠲᠤᠮ᠎ᠤᠨ ᠠᠵᠢᠯ᠎ᠤᠨ ᠳᠤᠮᠳᠠ᠎ᠪᠠᠨ ᠲᠣᠭ᠎ᠠ ᠪᠦᠷᠢᠳᠬᠡᠯ᠎ᠤᠨ ᠬᠦᠰᠡᠯ᠎ᠤᠨ ᠺᠠᠷᠲ᠎ᠤᠨ ᠠᠷᠭ᠎ᠠ᠎ᠪᠠᠷ ᠬᠦᠴᠢᠷᠳᠡᠯᠲᠡᠢ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠰᠦᠪᠡᠭᠴᠢ ᠵᠢ ᠴᠤᠭᠯᠠᠭᠤᠯᠵᠤ 《ᠨᠢᠭᠡ ᠡᠷᠦᠬᠡ ᠵᠢ ᠨᠢᠭᠡ ᠵᠥᠪᠯᠡᠬᠦ》 ᠠᠷᠭ᠎ᠠ᠎ᠪᠠᠷ ᠲᠤᠰᠠᠯᠠᠮᠵᠢ ᠬᠦᠷᠳᠡᠭᠰᠡᠳ᠎ᠤᠨ ᠪᠣᠳᠠᠲᠠᠢ ᠬᠦᠴᠢᠷᠳᠡᠯ ᠪᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠵᠦ ᠵᠦᠷᠢᠶᠡᠴᠢᠯᠡᠭᠰᠡᠨ ᠨᠡᠢ᠌ᠭᠡᠮ᠎ᠤᠨ ᠲᠤᠰᠠᠯᠠᠮᠵᠢ ᠬᠠᠡᠭᠭ᠋ᠠᠬᠰᠠᠨ ᠪᠠᠢ᠌ᠨ᠎ᠠ᠃
ᠲᠣᠭ᠋ᠠᠴᠢᠯᠠᠭᠰᠠᠨ ᠲᠠᠪᠴᠠᠩ᠎ᠢ ᠪᠠᠢ᠌ᠭᠤᠯᠵᠤ ᠪᠦᠬᠦ ᠶᠠᠪᠤᠴᠠ ᠵᠢ ᠮᠦᠷᠳᠡᠨ ᠲᠡᠮᠳᠡᠭᠯᠡᠪᠡ
ᠲᠣᠭ᠋ᠠᠴᠢᠯᠠᠭᠰᠠᠨ ᠲᠤᠰᠠᠯᠠᠮᠵᠢ ᠵᠢᠨ ᠲᠠᠪᠴᠠᠩ᠎ᠢ ᠪᠠᠢ᠌ᠭᠤᠯᠵᠤ᠂ ᠲᠤᠰᠠᠯᠠᠮᠵᠢ ᠵᠢᠨ ᠮᠡᠳᠡᠭᠡ ᠵᠠᠩᠭᠢ ᠵᠢ ᠬᠤᠷᠠᠮᠳᠤᠭᠤᠯᠪᠠ᠃ 《 ᠦᠶᠦᠭ ᠲᠤᠯᠠᠭ᠋ᠠᠬᠠᠨ ᠬᠣᠲᠠ ᠵᠢᠨ ᠦᠢ᠍ᠯᠡᠴᠢᠯᠡᠭᠡ》 ᠲᠣᠭ᠋ᠠᠴᠢᠯᠠᠭᠰᠠᠨ ᠤᠶᠤᠨᠴᠢ ᠲᠤᠰᠠᠯᠠᠮᠵᠢ ᠵᠢᠨ ᠲᠠᠪᠴᠠᠩ᠎ᠢ ᠰᠤᠳᠤᠯᠤᠨ ᠨᠡᠭᠡᠭᠡᠵᠦ᠂ ᠦᠢ᠍ᠯᠡᠴᠢᠯᠡᠬᠡ ᠬᠦᠷᠳᠡᠭᠰᠡᠳ᠎ᠤᠨ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠬᠤ᠂ ᠬᠡᠷᠡᠭᠴᠡᠭᠡ ᠱᠠᠭ᠋ᠠᠷᠳᠠᠯᠭ᠎ᠠ ᠵᠢ ᠴᠤᠭᠯᠠᠭᠤᠯᠬᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ᠂ ᠵᠥᠪᠯᠡᠯᠴᠡᠭᠡᠷ ᠲᠣᠭᠲᠠᠬᠤ᠂ ᠠᠷᠠᠳ᠎ᠤᠨ ᠶᠠᠪᠤᠳᠠᠯ᠎ᠤᠨ ᠬᠢᠨᠠᠯᠲᠠ ᠲᠠᠯᠪᠢᠬᠤ᠂ ᠬᠠᠨᠤᠮᠵᠢ ᠵᠢᠨ ᠬᠡᠮᠵᠢᠶ᠎ᠡ ᠵᠢ ᠦᠨᠡᠯᠡᠬᠦ ᠵᠡᠷᠭᠡ ᠪᠥᠬᠥ ᠶᠠᠪᠤᠴᠠ ᠵᠢ ᠮᠥᠷᠳᠡᠨ ᠲᠡᠮᠳᠡᠭᠯᠡᠬᠦ ᠵᠢ ᠪᠡᠶᠡᠯᠡᠭᠦᠯᠪᠡ᠃ ᠦᠢ᠍ᠯᠡᠴᠢᠯᠡᠭᠡ ᠵᠢᠨ ᠪᠦᠬᠦ ᠶᠠᠪᠤᠴᠨ ᠵᠢ ᠨᠢᠭᠡ ᠴᠣᠭᠴᠠᠵᠢᠭᠤᠯᠤᠭᠰᠠᠨ ᠲᠣᠮᠣ ᠳᠡᠯᠭᠡᠴᠡ᠎ᠪᠠᠷ ᠦᠵᠡᠭᠦᠯᠵᠦ᠂ ᠦᠢ᠍ᠯᠡᠴᠢᠯᠡᠭᠡᠨ᠎ᠤ ᠪᠣᠳᠠᠲᠠᠢ ᠪᠠᠢ᠌ᠳᠠᠯ᠎ᠢ ᠲᠣᠳᠣᠷᠬᠠᠢ ᠡᠵᠡᠮᠰᠢᠨ᠂ ᠦᠢ᠍ᠯᠡᠴᠢᠯᠡᠭᠡᠨ᠎ᠤ ᠶᠠᠪᠤᠴᠨ ᠵᠢ ᠪᠦᠲᠦᠮᠵᠢᠲᠡᠶ ᠬᠢᠨᠠᠨ ᠬᠠᠮᠢᠶᠠᠷᠪᠠ᠃ 《ᠥᠪᠥᠷ ᠮᠣᠩᠭᠣᠯ᠎ᠤᠨ ᠲᠤᠰᠠᠯᠠᠮᠵᠢ ᠵᠢᠨ ᠰᠤᠹᠲ》 ᠵᠢ ᠭᠦᠢ᠍ᠴᠡᠳ ᠠᠰᠢᠭᠯᠠᠨ ᠨᠢᠭᠦᠯᠡᠰᠦᠩᠭᠦᠢ ᠵᠢᠨ ᠡᠬᠢ ᠪᠠᠶᠠᠯᠢᠭ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠲᠠᠢ ᠵᠣᠯᠭ᠋ᠠᠭᠤᠯᠵᠤ᠂ ᠨᠢᠭᠦᠯᠡᠰᠦᠩᠭᠦᠢ ᠵᠢᠨ ᠲᠡᠳᠬᠦᠮᠵᠢ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠲᠡᠮᠡᠴᠡᠨ ᠣᠯᠵᠤ᠂ ᠬᠦᠴᠢᠷᠳᠡᠯᠲᠡᠢ ᠣᠯᠠᠨ ᠲᠦᠮᠡᠨ᠎ᠳᠤ 《ᠢᠨᠲ᠋ᠧᠷ ᠰᠦᠯᠵᠢᠶ᠎ᠡ + ᠨᠡᠢ᠌ᠭᠡᠮ᠎ᠤᠨ ᠲᠤᠰᠠᠯᠠᠮᠵᠢ》 ᠵᠢᠨ ᠲᠦᠷᠭᠡᠨ ᠪᠦᠬᠡᠳ ᠲᠥᠬᠥᠮ ᠨᠥᠬᠥᠴᠡᠯ᠎ᠢ ᠣᠢ᠌ᠯᠠᠭ᠋ᠠᠭᠤᠯᠵᠤ᠂ 《ᠲᠣᠭ᠎ᠠ ᠪᠠᠷᠢᠮᠲᠠ ᠵᠢ ᠢᠯᠡᠭᠦᠬᠡᠨ ᠭᠦᠶᠦᠯᠭᠡᠵᠦ᠂ ᠣᠯᠠᠨ ᠲᠦᠮᠡᠨ᠎ᠢ ᠳᠤᠲᠠᠭᠤ ᠭᠦᠶᠦᠯᠭᠡᠬᠦ》 ᠵᠢ ᠪᠡᠶᠡᠯᠡᠭᠦᠯᠪᠡ᠃
《ᠲᠠᠪᠤᠨ ᠨᠡᠢ᠌ᠬᠡᠮ ᠵᠢᠷᠭᠤᠭ᠋ᠠᠨ ᠥᠷᠲᠡᠭᠡ》 ᠵᠢᠨ ᠶᠡᠷᠦᠩᠬᠡᠢ᠌ᠯᠡᠭᠰᠡᠨ ᠲᠠᠪᠴᠠᠩ᠎ᠢ ᠪᠠᠢ᠌ᠭᠤᠯᠵᠤ ᠲᠤᠰᠠᠯᠠᠵᠤ ᠲᠡᠳᠬᠦᠬᠦ ᠬᠡᠷᠡᠭᠴᠡᠭᠡ ᠱᠠᠭ᠋ᠠᠷᠳᠠᠯᠭ᠎ᠠ ᠵᠢ ᠬᠠᠡᠭᠭ᠋ᠠᠪᠠ᠃ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠵᠦ᠂ ᠵᠢᠷᠭᠤᠭ᠋ᠠᠨ ᠥᠷᠲᠡᠭᠡ ᠠᠭᠤᠰᠤᠯᠴᠠᠬᠤ》 ᠨᠢᠭᠡ ᠬᠥᠯᠭᠡ ᠰᠢᠲᠠᠷ᠎ᠠ ᠵᠢᠨ ᠬᠥᠭᠵᠢᠯᠲᠡ ᠵᠢᠨ ᠤᠢ᠌ᠯᠠᠭ᠋ᠠᠬᠳᠠᠬᠤᠨ᠎ᠢ ᠪᠠᠷᠢᠮᠲᠠᠯᠠᠨ᠂ ᠠᠷᠠᠳ᠎ᠤᠨ ᠶᠠᠪᠤᠳᠠᠯ᠎ᠤᠨ ᠦᠨᠳᠦᠰᠦᠨ ᠱᠠᠲᠤᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠪᠣᠶ ᠪᠤᠯᠭ᠋ᠠᠪᠠ᠃ 《ᠲᠠᠪᠤᠨ ᠨᠡᠢ᠌ᠬᠡᠮ ᠵᠢᠷᠭᠤᠭ᠋ᠠᠨ ᠥᠷᠲᠡᠭᠡ》 ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ ᠵᠶ᠋ᠡᠷ ᠵᠠᠩᠭᠢᠯᠠᠭ᠎ᠠ ᠪᠣᠯᠭ᠋ᠠᠵᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠤ ᠡᠬᠢ ᠪᠠᠶᠠᠯᠢᠭ᠎ᠢ ᠬᠠᠮᠳᠤ᠎ᠪᠠᠷ ᠡᠳ᠋ᠯᠡᠬᠦ᠂ ᠦᠢ᠍ᠯᠡᠴᠢᠯᠡᠭᠡᠨ᠎ᠤ ᠬᠠᠷᠢᠯᠴᠠᠨ ᠬᠣᠯᠪᠣᠭ᠋ᠠᠯᠠᠬᠤ᠂ ᠮᠡᠳᠡᠭᠡ ᠵᠠᠩᠭᠢ ᠵᠢᠨ ᠬᠠᠷᠢᠯᠴᠠᠨ ᠨᠡᠪᠲᠡᠷᠡᠯᠴᠡᠬᠦ ᠵᠢ ᠴᠢᠨᠠᠭᠰᠢᠳᠠ ᠠᠬᠢᠭᠤᠯᠵᠤ᠂ ᠲᠥᠷᠥᠯ ᠬᠤᠪᠢᠶᠠᠨ ᠪᠦᠷᠢᠳᠬᠡᠬᠦ᠂ ᠡᠮᠬᠢᠯᠡᠨ ᠬᠤᠷᠢᠶᠠᠩᠭᠤᠢ᠌ᠯᠠᠬᠤ᠎ᠪᠠᠷ ᠳᠠᠮᠵᠢᠭᠤᠯᠤᠨ ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠲᠠᠩᠰᠠ ᠵᠢ ᠪᠣᠶ ᠪᠣᠯᠭ᠋ᠠᠵᠤ᠂ ᠠᠵᠤ ᠠᠬᠤᠢ ᠵᠢᠨ ᠲᠤᠰᠠᠯᠠᠮᠵᠢ᠂ ᠭᠡᠷ᠎ᠲᠤ᠎ᠨᠢ ᠬᠦᠷᠴᠦ ᠬᠠᠷᠠᠭ᠋ᠠᠯᠵᠠᠨ ᠠᠰᠠᠷᠠᠬᠤ᠂ ᠭᠡᠷ ᠪᠦᠯᠢ ᠵᠢᠨ ᠠᠷᠢᠭᠤᠨ ᠴᠡᠪᠡᠷ᠎ᠲᠤ ᠲᠤᠰᠠᠯᠠᠬᠤ ᠵᠡᠷᠭᠡ ᠬᠡᠷᠡᠭᠴᠡᠭᠡ ᠱᠠᠭ᠋ᠠᠷᠳᠠᠯᠭ᠎ᠠ ᠵᠢ 1050 ᠵᠤᠷᠪᠤᠰ ᠴᠤᠭᠯᠠᠭᠤᠯᠵᠤ᠂ ᠡᠬᠢ ᠪᠠᠶᠠᠯᠢᠭ᠎ᠤᠨ ᠨᠠᠷᠢᠨ ᠲᠠᠩᠰᠠ ᠵᠢ ᠪᠠᠢ᠌ᠭᠤᠯᠤᠨ᠂ ᠬᠠᠨᠳᠢᠪ ᠡᠷᠬᠦᠬᠦ ᠠᠵᠤ ᠠᠬᠤᠢ᠌ᠯᠠᠯ᠂ ᠰᠠᠢ᠌ᠨ ᠳᠤᠷ᠎ᠠ ᠵᠢᠨ ᠠᠵᠢᠯᠯᠠᠭᠴᠢ᠂ ᠰᠠᠭᠤᠭ᠎ᠠ ᠭᠠᠵᠠᠷ᠎ᠤᠨ ᠨᠢᠬᠡᠴᠢ ᠵᠡᠷᠭᠡ 217 ᠡᠬᠢ ᠪᠠᠶᠠᠯᠢᠭ᠎ᠢ ᠬᠣᠯᠪᠣᠵᠤ᠂ 16 ᠬᠥᠮᠥᠨ᠎ᠢ ᠬᠠᠪᠰᠤᠷᠤᠨ ᠵᠡᠮᠳᠡᠭ᠎ᠤᠨ ᠦᠨᠡᠮᠯᠡᠯ᠎ᠢ ᠭᠦᠢ᠍ᠴᠡᠳᠬᠡᠵᠦ᠂ 13 ᠡᠷᠦᠬᠡ ᠵᠢᠨ 18 ᠬᠥᠮᠥᠨ᠎ᠢ ᠨᠠᠭ᠋ᠠᠲᠤ ᠵᠠᠬ᠎ᠠ ᠵᠢᠨ ᠪᠠᠲᠤᠯᠠᠭ᠎ᠠ᠎ᠳᠤ ᠣᠷᠣᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ 18 ᠬᠡᠦᠬᠡᠳ᠎ᠲᠤ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠬᠠᠷᠠᠭ᠋ᠠᠯᠵᠠᠨ ᠠᠰᠠᠷᠠᠬᠤ ᠭᠤᠶᠤᠴᠢᠯᠠᠯ ᠭᠠᠷᠭ᠋ᠠᠵᠤ ᠥᠭᠪᠡ᠃
ᠰᠢᠨ᠎ᠡ ᠨᠠᠷᠠᠲᠤ ᠲᠡᠮᠳᠡᠭᠲᠦ ᠵᠢ ᠡᠭᠦᠳᠴᠦ ᠦᠢ᠍ᠯᠡᠴᠢᠯᠡᠭᠡᠨ᠎ᠤ ᠴᠢᠨᠰᠠᠭ᠎ᠠ ᠵᠢ ᠲᠡᠭᠡᠭᠰᠢᠯᠡᠬᠦᠯᠪᠡ
ᠪᠠᠢ᠌ᠭᠤᠯᠤᠮᠵᠢ ᠵᠢ ᠣᠷᠣᠭᠤᠯᠤᠨ ᠠᠪᠴᠢᠷᠠᠵᠤ 《ᠪᠣᠳᠠᠰ + ᠦᠢ᠍ᠯᠡᠴᠢᠯᠡᠭᠡ》 ᠵᠢᠨ ᠲᠤᠰᠠᠯᠠᠮᠵᠢ ᠵᠢᠨ ᠦᠷ᠎ᠡ ᠪᠦᠲᠦᠮᠵᠢ ᠵᠢ ᠲᠡᠭᠡᠭᠰᠢᠯᠡᠬᠦᠯᠪᠡ᠃ ᠲᠤᠰᠬᠠᠢ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠪᠠᠢ᠌ᠭᠤᠯᠤᠮᠵᠢ ᠵᠢ ᠣᠷᠣᠭᠤᠯᠤᠨ ᠠᠪᠴᠢᠷᠠᠵᠤ᠂ ᠪᠥᠬᠥ ᠬᠣᠰᠢᠭᠤᠨ᠎ᠤ ᠣᠷᠣᠯᠭ᠎ᠠ ᠪᠠᠭ᠎ᠠ ᠬᠦᠴᠢᠷᠳᠡᠯᠲᠡᠢ ᠭᠡᠷ ᠪᠦᠯᠢ᠎ᠳᠤ ᠬᠠᠨᠳᠤᠭᠤᠯᠤᠨ 《ᠪᠣᠳᠠᠰ + ᠦᠢ᠍ᠯᠡᠴᠢᠯᠡᠭᠡ》 ᠵᠢ᠊ ᠲᠤᠰᠠᠯᠠᠮᠵᠢ ᠵᠢᠨ ᠠᠵᠢᠯ᠎ᠢ ᠥᠷᠨᠢᠭᠦᠯᠵᠦ᠂ ᠠᠮᠢᠳᠤᠷᠠᠯ᠎ᠤᠨ ᠦᠢ᠍ᠯᠡᠴᠢᠯᠡᠭᠡ᠂ ᠡᠷᠡᠭᠦᠯ ᠮᠡᠨᠳᠦ ᠵᠢᠨ ᠬᠠᠮᠢᠶᠠᠷᠤᠯᠲᠠ᠂ ᠠᠰᠠᠷᠠᠨ ᠰᠤᠪᠢᠯᠠᠬᠤ᠂ ᠨᠡᠢ᠌ᠭᠡᠮ᠎ᠤᠨ ᠠᠭᠤᠰᠤᠯᠴᠠᠯ᠂ ᠴᠢᠳᠠᠪᠤᠷᠢ ᠵᠢᠨ ᠳᠡᠭᠡᠭᠰᠢᠯᠡᠯᠲᠡ ᠪᠠ ᠡᠬᠢ ᠪᠠᠶᠠᠯᠢᠭ᠎ᠤᠨ ᠬᠣᠯᠪᠣᠯᠳᠤᠯ ᠵᠡᠷᠭᠡ 6 ᠶᠡᠬᠡ ᠲᠥᠷᠥᠯ᠎ᠤᠨ 26 ᠵᠦᠢ᠍ᠯ᠎ᠤᠨ ᠦᠢ᠍ᠯᠡᠴᠢᠯᠡᠭᠡ ᠵᠢ ᠬᠠᠮᠤᠷᠤᠭ᠋ᠠᠳ 570 ᠤᠳᠠᠭ᠎ᠠ ᠦᠢ᠍ᠯᠡᠴᠢᠯᠡᠭᠡ ᠥᠷᠨᠢᠭᠦᠯᠵᠦ᠂ 392 ᠡᠷᠦᠬᠡ᠎ᠳᠤ ᠬᠦᠷᠴᠦ ᠲᠡᠳᠬᠦᠪᠡ᠃
ᠲᠦᠷᠦᠯ ᠵᠦᠢ᠍ᠯ᠎ᠢ ᠪᠠᠢ᠌ᠭᠤᠯᠵᠤ ᠪᠠᠭᠤᠷᠠᠢ᠌ᠴᠤᠤᠯ᠎ᠤᠨ ᠠᠮᠢᠳᠤᠷᠠᠯ᠎ᠢ ᠰᠠᠢ᠌ᠵᠢᠷᠠᠭᠤᠯᠪᠠ᠃ ᠲᠠᠯᠠᠳ ᠬᠣᠰᠢᠭᠤᠨ᠎ᠤ ᠡᠡᠭᠭᠡᠪᠠᠢ ᠪᠠᠯᠭ᠋ᠠᠰᠤ᠂ ᠰᠢᠨ᠎ᠡ ᠵᠡᠭᠡᠯᠢ ᠭᠤᠳᠤᠮᠵᠢ᠂ ᠫᠢᠡᠭ ᠶᠤᠸᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ᠎ᠤ ᠨᠠᠰᠤᠳᠠᠢ᠌ᠴᠤᠳ ᠬᠡᠤᠬᠡᠳ ᠵᠡᠷᠬᠡ ᠬᠦᠴᠢᠷᠳᠡᠯᠲᠡᠢ ᠬᠦᠮᠦᠰ᠂ ᠵᠡᠮᠳᠡᠭᠴᠤᠳ᠂ ᠪᠠᠭᠤᠷᠠᠢ᠌ᠴᠤᠤᠯ᠎ᠤᠨ ᠲᠣᠭᠣᠷᠢᠨ᠎ᠳᠤ 《ᠬᠡᠦᠬᠡᠳ᠎ᠢ ᠬᠠᠯᠠᠮᠵᠢᠯᠠᠬᠤ》 — ᠠᠯᠲᠠᠨ ᠨᠠᠮᠤᠷ᠎ᠤᠨ ᠰᠤᠷᠤᠯᠭ᠎ᠠ ᠵᠢ ᠲᠡᠳᠬᠦᠬᠦ᠂ 《ᠲᠤᠰᠠᠯᠠᠮᠵᠢ ᠲᠡᠷᠬᠡᠳᠡ ᠴᠢᠨᠢ ᠪᠤᠢ》 — ᠶᠡᠬᠡ ᠬᠠᠢ᠌ᠷ᠎ᠠ᠎ᠪᠠᠷ ᠬᠣᠲᠠ ᠵᠢ ᠳᠤᠯᠠᠭ᠋ᠠᠯᠠᠬᠤ᠂ 《ᠰᠡᠳᠬᠢᠯ ᠵᠶ᠋ᠡᠨ ᠨᠢᠭᠡᠳᠬᠡᠵᠦ ᠬᠦᠴᠦᠨ ᠵᠶ᠋ᠡᠨ ᠬᠠᠮᠲᠤᠳᠬᠠᠨ ᠦᠳᠡᠯᠤᠬᠡ ᠪᠤᠭᠤᠷᠤᠯᠴᠤᠤᠯ᠎ᠳᠤ ᠲᠤᠰᠠᠯᠠᠬᠤ》 ᠨᠢᠭᠦᠯᠡᠰᠦᠩᠭᠦᠢ ᠵᠢᠨ ᠲᠤᠰᠠᠯᠠᠮᠵᠢ᠂ 《ᠬᠠᠢ᠌ᠷᠠᠲᠠᠢ ᠪᠣᠯ ᠰᠠᠭ᠋ᠠᠳ ᠦᠭᠡᠢ᠂ ᠣᠯᠠᠨ ᠵᠶ᠋ᠠᠷ ᠵᠶ᠋ᠠᠨ ᠬᠠᠢ᠌ᠷ᠎ᠠ᠎ᠪᠠᠷ ᠠᠶᠠᠯᠠᠬᠤ ᠵᠢ ᠳᠡᠮᠵᠢᠬᠦ》 ᠵᠡᠮᠳᠡᠭᠴᠦᠳ᠎ᠤᠨ ᠬᠦᠷᠳᠦᠲᠦ ᠰᠠᠨᠳᠠᠯᠢ ᠬᠠᠨᠳᠢᠪᠯᠡᠬᠤ ᠵᠡᠷᠭᠡ ᠲᠥᠷᠥᠯ ᠵᠦᠢ᠍ᠯ᠎ᠢ ᠥᠷᠨᠢᠭᠦᠯᠵᠡᠢ᠃ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠨᠡᠶ᠋ᠢᠲᠡ 20.45 ᠲᠦᠮᠡᠨ ᠲᠥᠭᠥᠷᠢᠭ᠎ᠤᠨ ᠬᠠᠨᠳᠢᠪ᠎ᠤᠨ ᠮᠥᠩᠭᠥ ᠴᠤᠭᠯᠠᠭᠤᠯᠵᠤ᠂ ᠬᠠᠷᠢᠶᠠᠲᠤ ᠣᠷᠣᠨ᠎ᠤ 22 ᠡᠷᠦᠬᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠦᠴᠢᠷᠳᠡᠯ᠎ᠲᠠᠢ ᠭᠡᠷ ᠪᠦᠯᠢ᠎ᠳᠤ 2.1 ᠲᠦᠮᠡᠨ ᠲᠥᠭᠥᠷᠢᠭ᠎ᠤᠨ ᠨᠢᠭᠦᠯᠡᠰᠦᠩᠭᠦᠢ ᠵᠢᠨ ᠲᠤᠰᠠᠯᠠᠮᠵᠢ ᠵᠢᠨ ᠮᠥᠩᠭᠥ ᠴᠤᠭᠯᠠᠭᠤᠯᠵᠤ᠂ ᠬᠠᠷᠢᠶᠠᠲᠤ ᠣᠷᠣᠨ᠎ᠤ 20 ᠡᠷᠦᠬᠡ ᠵᠢᠨ ᠵᠡᠮᠳᠡᠭᠴᠦᠳ᠎ᠤᠨ ᠭᠡᠷ ᠪᠦᠯᠢ᠂ ᠭᠠᠭᠴᠠᠭ᠋ᠠᠷ ᠰᠠᠭᠤᠭ᠎ᠠ ᠦᠳᠡᠬᠦᠰ ᠂ ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠎ᠲᠤ 1 ᠲᠦᠮᠡᠨ ᠲᠥᠭᠥᠷᠢᠭ᠎ᠤᠨ ᠨᠢᠭᠦᠯᠡᠰᠦᠩᠭᠦᠢ ᠵᠢᠨ ᠲᠤᠰᠠᠯᠠᠮᠵᠢ ᠵᠢᠨ ᠮᠥᠩᠭᠥ ᠴᠤᠬᠯᠠᠭᠤᠯᠤᠭ᠋ᠠᠳ ᠭᠡᠷ᠎ᠲᠤ᠎ᠨᠢ ᠬᠦᠷᠴᠦ ᠠᠷᠢᠭᠤᠨ ᠴᠡᠪᠡᠷ᠎ᠲᠤ ᠲᠤᠰᠠᠯᠠᠬᠤ ᠦᠢ᠍ᠯᠡᠴᠢᠯᠡᠭᠡ ᠬᠤᠳᠠᠯᠳᠤᠨ ᠠᠪᠬᠤ᠎ᠳᠤ ᠬᠡᠷᠡᠭᠯᠡᠵᠦ᠂ ᠬᠦᠴᠢᠷᠳᠡᠯ᠎ᠲᠠᠢ ᠣᠯᠠᠨ ᠲᠦᠮᠡᠨ᠎ᠤ ᠠᠮᠢᠳᠤᠷᠠᠯ᠎ᠤᠨ ᠪᠠᠢ᠌ᠳᠠᠯ᠎ᠢ ᠪᠦᠲᠦᠮᠵᠢᠲᠡᠶ ᠰᠠᠢ᠌ᠵᠢᠷᠠᠭᠤᠯᠪᠠ᠃
ᠨᠠᠷᠠᠲᠤ ᠲᠡᠮᠳᠡᠭᠲᠦ ᠵᠢ ᠪᠣᠶ ᠪᠣᠯᠭ᠋ᠠᠵᠤ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ᠎ᠬᠢᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠎ᠳᠤ ᠣᠷᠣᠯᠴᠠᠬᠤ ᠬᠠᠯᠠᠭᠤᠨ ᠰᠡᠳᠬᠢᠯ᠎ᠢ ᠬᠦᠭᠵᠢᠬᠡᠪᠡ᠃ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠪᠦᠲᠦᠮᠵᠢᠲᠡᠶ ᠵᠣᠯᠭ᠋ᠠᠭᠤᠯᠬᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠬᠡᠷᠡᠭᠵᠢᠭᠦᠯᠵᠦ 《ᠨᠢᠬᠦᠯᠡᠰᠤᠡᠭᠭᠦᠢ ᠵᠢᠨ ᠠᠵᠢᠯᠯᠠᠭ᠎ᠠ ᠵᠢ ᠤᠯᠠᠮᠵᠢᠯᠠᠨ ᠬᠦᠮᠦᠰ᠎ᠤᠨ ᠰᠡᠳᠬᠢᠯ᠎ᠢ ᠦᠶᠦᠭᠰᠢᠬᠦᠯᠤᠶᠡ》 ᠬᠡᠬᠦ ᠨᠢᠭᠦᠯᠡᠰᠦᠩᠭᠦᠢ ᠵᠢᠨ ᠨᠠᠷᠠᠲᠤ ᠲᠥᠷᠥᠯ ᠲᠡᠮᠳᠡᠭᠲᠦ ᠵᠢ ᠡᠭᠦᠳᠦᠨ ᠨᠢᠭᠦᠯᠡᠰᠦᠩᠭᠦᠢ ᠵᠢᠨ ᠦᠳᠡᠰᠢᠯᠡᠭᠡ ᠡᠷᠭᠢᠯᠡᠵᠦ ᠬᠠᠨᠳᠢᠪ ᠡᠷᠬᠦᠬᠦ ᠠᠵᠤ ᠠᠬᠤᠢ᠌ᠯᠠᠯ᠂ ᠨᠡᠢ᠌ᠭᠡᠮ᠎ᠤᠨ ᠬᠥᠮᠥᠰ ᠵᠡᠷᠭᠡ ᠨᠡᠢ᠌ᠭᠡᠮ᠎ᠤᠨ ᠬᠦᠴᠦᠨ᠎ᠢ ᠪᠠᠢ᠌ᠩᠭᠤᠵᠢᠭᠤᠯᠤᠨ ᠵᠢᠯᠤᠭᠣᠳᠴᠤ ᠪᠠᠢ᠌ᠭ᠋ᠠᠳ ᠡᠳ᠋ ᠮᠥᠩᠭᠥ ᠡᠳ᠋ ᠪᠣᠳᠠᠰ ᠬᠠᠨᠳᠢᠪᠯᠠᠭᠤᠯᠵᠤ᠂ ᠨᠢᠬᠦᠯᠡᠰᠤᠡᠭᠭᠦᠢ ᠵᠢᠨ ᠮᠥᠩᠭᠥ ᠪᠠ ᠡᠳ᠋ ᠪᠣᠳᠠᠰ 71.63 ᠲᠦᠮᠡᠨ ᠲᠥᠭᠥᠷᠢᠭ ᠴᠤᠭᠯᠠᠭᠤᠯᠪᠠ᠃