ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ ᠬᠦᠴᠢᠷᠳᠡᠯᠲᠡᠢ ᠣᠯᠠᠨ ᠲᠦᠮᠡᠨ᠎ᠤ ᠬᠡᠷᠡᠭᠴᠡᠭᠡ᠎ᠲᠠᠢ ᠨᠢᠭᠲᠠ ᠤᠶᠠᠯᠳᠤᠭᠤᠯᠤᠨ ᠦᠨᠳᠦᠰᠦᠨ ᠪᠠᠳᠤᠯᠠᠭ᠎ᠠ᠂ ᠲᠦᠭᠰᠢᠭᠦᠷᠢ ᠵᠢ ᠰᠡᠷᠭᠡᠢ᠌ᠯᠡᠬᠦ᠂ ᠬᠥᠭᠵᠢᠯᠲᠡ ᠵᠢ ᠠᠬᠢᠭᠤᠯᠬᠤ ᠵᠢ ᠪᠣᠳᠣᠯᠬᠢᠯᠠᠵᠤ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠢᠳᠡᠪᠬᠢᠲᠡᠢ ᠬᠥᠭᠵᠢᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠬᠤ᠂ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠬᠦ᠂ ᠦᠢ᠍ᠯᠡᠴᠢᠯᠡᠭᠡᠨ᠎ᠤ ᠶᠠᠪᠤᠴᠨᠢ ᠵᠢᠷᠤᠮᠵᠢᠭᠤᠯᠬᠤ᠂ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢ ᠬᠥᠭᠵᠢᠭᠦᠯᠬᠦ ᠪᠦᠲᠦᠮᠵᠢᠲᠡᠶ ᠠᠷᠭ᠎ᠠ ᠵᠠᠮ᠎ᠢ ᠢᠳᠡᠪᠬᠢᠲᠡᠢ᠎ᠪᠠᠷ ᠰᠦᠪᠡᠭᠴᠢᠯᠡᠪᠡ᠃
ᠨᠢᠭᠡᠳᠦᠯᠲᠡᠢ ᠲᠥᠯᠥᠪᠯᠡᠨ ᠬᠠᠮᠵᠢᠯᠴᠠᠵᠤ ᠪᠠᠢ᠌ᠭ᠋ᠠᠳ ᠦᠢ᠍ᠯᠡᠴᠢᠯᠡᠭᠡᠨ᠎ᠤ ᠭᠣᠣᠯ ᠴᠣᠭᠴᠠ ᠵᠢ ᠣᠯᠠᠨ ᠡᠰᠢᠵᠢᠬᠦᠯᠪᠡ
ᠨᠢᠭᠡᠳᠦᠯᠲᠡᠢ ᠲᠥᠯᠥᠪᠯᠡᠨ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠬᠢ ᠪᠠᠶᠠᠯᠢᠭ ᠪᠠ ᠨᠡᠢ᠌ᠭᠡᠮ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠬᠡᠷᠡᠭᠯᠡᠪᠡ᠃ ᠨᠡᠢ᠌ᠭᠡᠮ᠎ᠤᠨ ᠲᠤᠰᠠᠯᠠᠮᠵᠢ ᠵᠢᠨ ᠰᠠᠯᠠᠭ᠎ᠠ ᠮᠥᠴᠢᠷ᠎ᠤᠨ ᠬᠠᠮᠲᠤᠷᠠᠭᠰᠠᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠬᠦ᠂ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠪᠠ ᠡᠬᠢ ᠪᠠᠶᠠᠯᠢᠭ᠎ᠢ ᠡᠮᠬᠢᠯᠡᠬᠦ ᠠᠵᠢᠯ᠎ᠢ ᠴᠢᠡᠭᠭ᠋ᠠᠷᠠᠭᠤᠯᠪᠠ᠃ ᠳ᠋ᠠᠢ᠌ᠲ᠋ᠠ ᠵᠢ ᠬᠠᠮᠳᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠵᠤ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠡᠬᠢ ᠪᠠᠶᠠᠯᠢᠭ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠬᠦᠯᠪᠡ᠃ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠡᠩᠨᠡᠭᠡ ᠵᠢ ᠪᠤᠵᠠᠭ᠋ᠠᠢ᠌ᠷᠠᠭᠤᠯᠵᠤ᠂ ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠳᠠᠭ᠋ᠠᠳᠬᠠᠯ ᠵᠡᠷᠭᠡ ᠰᠠᠯᠠᠭ᠎ᠠ ᠮᠥᠴᠢᠷ ᠪᠠ ᠠᠵᠢᠯᠴᠢᠨ᠎ᠤ ᠡᠪᠯᠡᠯ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠎ᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ ᠨᠡᠢ᠌ᠭᠡᠮ᠎ᠤᠨ ᠲᠤᠰᠬᠠᠢ ᠠᠵᠢᠯ᠎ᠤᠨ ᠲᠡᠳᠬᠦᠮᠵᠢ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠥᠷᠨᠢᠭᠦᠯᠬᠦ ᠠᠵᠢᠯ᠎ᠢ ᠠᠬᠢᠭᠤᠯᠪᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠪᠠᠳᠠᠷᠠᠭᠤᠯᠵᠤ᠂ ᠨᠠᠰᠤᠵᠢᠯ᠎ᠤᠨ ᠠᠰᠠᠷᠠᠮᠵᠢ᠂ ᠵᠡᠮᠳᠡᠭᠴᠦᠳ᠎ᠢ ᠲᠤᠰᠠᠯᠠᠬᠤ᠂ ᠬᠡᠦᠬᠡᠳ ᠰᠠᠭ᠋ᠠᠲᠠᠭᠤᠯᠬᠤ ᠵᠡᠷᠭᠡ ᠬᠠᠯᠠᠮᠵᠢᠯᠠᠬᠤ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠵᠣᠯᠭ᠋ᠠᠭᠤᠯᠵᠤ᠂ ᠨᠢᠭᠦᠯᠡᠰᠦᠩᠭᠦᠢ ᠵᠢᠨ ᠲᠡᠳᠬᠦᠮᠵᠢ᠂ ᠠᠵᠢᠯ ᠲᠥᠷᠥᠯ ᠵᠶ᠋ᠡᠷ ᠵᠶ᠋ᠡᠨ ᠬᠣᠣᠰᠯᠠᠬᠤ᠂ ᠬᠥᠷᠰᠢ ᠵᠡᠷᠭᠡᠯᠡᠳᠡᠭᠡ᠎ᠪᠠᠷ ᠵᠶ᠋ᠡᠨ ᠬᠠᠷᠢᠯᠴᠠᠨ ᠬᠠᠪᠰᠤᠷᠤᠯᠴᠠᠬᠤ ᠵᠡᠷᠭᠡ ᠨᠡᠢ᠌ᠭᠡᠮ᠎ᠤᠨ ᠡᠬᠢ ᠪᠠᠶᠠᠯᠢᠭ᠎ᠢ ᠡᠮᠬᠢᠯᠡᠵᠤ ᠰᠢᠯᠢᠳᠡᠭᠵᠢᠬᠦᠯᠪᠡ᠃
ᠬᠡᠷᠡᠭᠴᠡᠬᠡ ᠵᠢ ᠦᠨᠡᠯᠡᠬᠡᠳ ᠦᠢ᠍ᠯᠡᠴᠢᠯᠡᠬᠡ ᠬᠦᠷᠳᠡᠭᠰᠡᠳ᠎ᠲᠤ ᠣᠨᠣᠴᠠᠲᠠᠢ ᠦᠢ᠍ᠯᠡᠴᠢᠯᠡᠪᠡ
ᠨᠢᠭᠡᠨᠲᠡ ᠡᠵᠡᠮᠰᠢᠭᠰᠡᠨ ᠦᠢ᠍ᠯᠡᠴᠢᠯᠡᠬᠡ ᠬᠦᠷᠳᠡᠭᠰᠡᠳ᠎ᠤᠨ ᠮᠡᠳᠡᠭᠡ ᠵᠠᠩᠭᠢ ᠵᠢ ᠡᠮᠬᠢᠯᠡᠬᠦ᠎ᠪᠠᠷ ᠳᠠᠮᠵᠢᠭᠤᠯᠤᠨ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠡᠯᠡᠬᠦ ᠭᠦᠢ᠍ᠴᠡᠳᠬᠡᠯ ᠲᠣᠭ᠎ᠠ ᠵᠢ ᠲᠡᠬᠦᠯᠳᠡᠷᠵᠢᠬᠦᠯᠪᠡ᠃ ᠲᠤᠰᠠᠯᠠᠮᠵᠢ ᠬᠦᠷᠳᠡᠭᠰᠡᠳ᠎ᠤᠨ ᠠᠵᠤ ᠠᠬᠤᠢ ᠵᠢᠨ ᠪᠠᠢ᠌ᠳᠠᠯ᠂ ᠪᠡᠶ᠎ᠡ ᠮᠠᠬᠠᠪᠤᠳ᠎ᠤᠨ ᠪᠠᠢ᠌ᠳᠠᠯ᠂ ᠣᠷᠣᠰᠢᠨ ᠰᠠᠭᠤᠬᠤ ᠨᠥᠬᠥᠴᠡᠯ᠂ ᠰᠤᠷᠭ᠋ᠠᠨ ᠬᠥᠮᠦᠵᠢᠯ ᠠᠵᠢᠯ ᠣᠯᠭᠣᠯᠲᠠ ᠵᠢᠨ ᠪᠠᠢ᠌ᠳᠠᠯ᠂ ᠨᠡᠢ᠌ᠭᠡᠮ᠎ᠤᠨ ᠪᠠᠲᠤᠯᠠᠭ᠎ᠠ ᠪᠠ ᠦᠢ᠍ᠯᠡᠴᠢᠯᠡᠭᠡᠨ᠎ᠤ ᠬᠦᠰᠡᠯ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠦᠢ᠍ᠯᠡᠴᠢᠯᠡᠬᠡ ᠬᠦᠷᠳᠡᠭᠰᠡᠳ᠎ᠢ ᠲᠣᠭᠲᠠᠭ᠋ᠠᠬᠤ᠎ᠳᠤ ᠭᠣᠣᠯᠳᠠᠭᠤ ᠬᠠᠮᠢᠶ᠎ᠠ ᠪᠦᠬᠦᠢ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠣᠨᠴᠠ ᠬᠦᠴᠢᠷᠳᠡᠯᠲᠡᠢ ᠬᠥᠮᠥᠰ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠡᠷ ᠪᠦᠯᠢ ᠵᠢᠨ ᠨᠠᠰᠤᠲᠠᠢ᠌ᠴᠤᠳ᠂ ᠨᠠᠰᠤᠨ᠎ᠳᠤ ᠥᠯᠥ ᠬᠦᠷᠦᠭᠰᠡᠳ᠂ ᠵᠡᠮᠳᠡᠭᠴᠦᠳ ᠪᠠ ᠬᠦᠨᠳᠦ ᠡᠪᠡᠳᠴᠢᠲᠡᠨ ᠵᠡᠷᠭᠡ ᠣᠨᠴᠠ ᠬᠦᠴᠢᠷᠳᠡᠯᠲᠡᠢ ᠣᠯᠠᠨ ᠲᠦᠮᠡᠨ᠎ᠢ ᠰᠠᠯᠭ᠋ᠠᠨ ᠠᠰᠠᠷᠠᠪᠠ᠃ ᠡᠯ᠎ᠡ ᠲᠣᠭᠣᠷᠢᠭ᠎ᠢ ᠢᠳᠡᠪᠬᠢᠲᠡᠢ᠎ᠪᠠᠷ ᠵᠢᠯᠤᠭᠣᠳᠴᠤ ᠪᠠᠢ᠌ᠭ᠋ᠠᠳ ᠪᠣᠳᠠᠲᠠᠢ ᠪᠠᠢ᠌ᠳᠠᠯ᠎ᠢ ᠦᠨᠳᠦᠰᠦᠯᠡᠨ᠂ ᠲᠤᠰᠠᠯᠠᠮᠵᠢ ᠵᠢᠨ ᠬᠦᠷᠢᠶ᠎ᠡ ᠬᠡᠪᠴᠢᠶ᠎ᠡ ᠵᠢ ᠬᠡᠷᠡᠭᠴᠡᠭᠡ ᠪᠦᠬᠦᠢ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢᠨ ᠪᠦᠷᠢᠯᠳᠦᠭᠦᠨ᠂ ᠵᠠᠢ᠌ᠯᠠᠰᠢ ᠦᠭᠡᠢ ᠵᠠᠷᠤᠯᠭ᠎ᠠ᠎ᠲᠠᠢ ᠬᠦᠴᠢᠷᠳᠡᠯᠲᠡᠢ ᠭᠡᠷ ᠪᠦᠯᠢ ᠵᠢᠨ ᠪᠦᠷᠢᠯᠳᠦᠭᠦᠨ᠂ ᠳᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠬᠢᠨᠠᠯᠳᠠ᠎ᠳᠤ ᠪᠠᠢ᠌ᠠᠭ ᠵᠡᠷᠭᠡ ᠣᠷᠣᠯᠭ᠎ᠠ ᠪᠠᠭ᠎ᠠ ᠬᠦᠮᠦᠰ᠎ᠲᠤ ᠬᠦᠷᠲᠡᠯ᠎ᠡ ᠠᠯᠬᠤᠮ ᠠᠯᠬᠤᠮ ᠵᠶ᠋ᠠᠷ ᠦᠷᠬᠡᠳᠬᠡᠪᠡ᠃ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠡᠮᠵᠢᠬᠦ ᠮᠡᠳᠡᠭᠡ ᠵᠠᠩᠭᠢ ᠵᠢᠨ ᠲᠠᠪᠴᠠᠩ ᠪᠠ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠤᠷᠪᠤᠯᠵᠢᠯᠠᠬᠤ᠂ ᠬᠥᠳᠡᠯᠦᠩᠭᠦᠢ᠎ᠪᠠᠷ ᠬᠠᠮᠢᠶᠠᠷᠬᠤ ᠵᠡᠷᠭᠡ ᠠᠵᠢᠯ᠎ᠲᠠᠢ ᠤᠶᠠᠯᠳᠤᠭᠤᠯᠤᠨ᠂ ᠬᠦᠴᠢᠷᠳᠡᠯ᠎ᠤᠨ ᠲᠥᠷᠥᠯ ᠬᠡᠯᠪᠡᠷᠢ᠂ ᠬᠦᠴᠢᠷᠳᠡᠯ᠎ᠤᠨ ᠬᠡᠮᠵᠢᠶ᠎ᠡ ᠪᠠ ᠵᠣᠬᠢᠴᠠᠩᠭᠤᠢ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠣᠨᠣᠪᠴᠢᠲᠠᠶ ᠦᠨᠡᠯᠡᠬᠡᠳ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠠᠩᠰᠠ ᠵᠢ ᠪᠠᠢ᠌ᠭᠤᠯᠪᠠ᠃
ᠨᠠᠷᠢᠨ ᠳᠠᠩᠰᠠ ᠵᠢ ᠲᠡᠭᠦᠯᠳᠡᠷᠵᠢᠭᠦᠯᠵᠦ ᠦᠢ᠍ᠯᠡᠴᠢᠯᠡᠭᠡᠨ᠎ᠤ ᠠᠭᠤᠯᠭ᠎ᠠ ᠵᠢ ᠪᠠᠶᠠᠯᠢᠬ᠍ᠵᠢᠭᠤᠯᠪᠠ
ᠲᠤᠰᠠᠯᠠᠮᠵᠢ ᠬᠦᠷᠳᠡᠭᠰᠡᠳ᠎ᠤᠨ ᠬᠦᠴᠢᠷᠳᠡᠯᠲᠡᠢ ᠲᠥᠷᠥᠯ ᠬᠡᠯᠪᠡᠷᠢ ᠪᠠ ᠪᠣᠳᠠᠲᠠᠢ ᠬᠡᠷᠡᠭᠴᠡᠭᠡ ᠵᠢ ᠦᠨᠳᠦᠰᠦᠯᠡᠨ᠂ ᠦᠬᠠᠢ ᠬᠣᠲᠠ ᠵᠢᠨ᠎ᠬᠢᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ ᠊ᠦ᠊ ᠲᠤᠰᠠᠯᠠᠮᠵᠢ ᠵᠢᠨ ᠪᠣᠳᠠᠲᠠᠢ ᠲᠥᠷᠥᠯ ᠵᠦᠢ᠍ᠯ ᠪᠠ ᠦᠨᠳᠦᠰᠦᠨ ᠠᠭᠤᠯᠭ᠎ᠠ ᠵᠢ ᠨᠠᠷᠢᠯᠢᠭᠵᠢᠭᠤᠯᠪᠠ᠃ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠨᠠᠷᠢᠨ ᠬᠠᠭᠤᠳᠠᠰᠤ ᠵᠢ ᠨᠠᠢ᠌ᠷᠠᠭᠤᠯᠤᠨ ᠦᠢ᠍ᠯᠡᠴᠢᠯᠡᠭᠡᠨ᠎ᠤ ᠲᠥᠷᠥᠯ ᠢᠯᠭ᠋ᠠᠯ᠂ ᠦᠢ᠍ᠯᠡᠴᠢᠯᠡᠬᠡ ᠬᠦᠷᠳᠡᠭᠰᠡᠳ᠎ᠤᠨ ᠬᠦᠷᠢᠶ᠎ᠡ ᠬᠡᠪᠴᠢᠶ᠎ᠡ᠂ ᠦᠢ᠍ᠯᠡᠴᠢᠯᠡᠭᠡᠨ᠎ᠤ ᠪᠠᠷᠢᠮᠵᠢᠶ᠎ᠠ᠂ ᠬᠠᠩᠭ᠋ᠠᠯᠭ᠎ᠠ ᠵᠢᠨ ᠭᠣᠣᠯ ᠴᠣᠭᠴᠠ ᠵᠢ ᠲᠤᠳᠤᠷᠬᠠᠢ᠌ᠯᠠᠪᠠ᠃ ᠦᠢ᠍ᠯᠡᠴᠢᠯᠡᠬᠡ ᠬᠦᠷᠳᠡᠭᠰᠡᠳ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠤᠯᠠᠮᠵᠢᠯᠠᠯᠲᠤ ᠪᠠᠶᠠᠷ᠎ᠤᠨ ᠡᠳᠦᠷ᠂ ᠠᠭᠤᠷ ᠠᠮᠢᠰᠬᠤᠯ᠎ᠤᠨ ᠬᠤᠪᠢᠷᠠᠯᠲᠠ ᠪᠠ ᠭᠡᠷ ᠪᠦᠯᠢ ᠵᠢᠨ ᠣᠷᠴᠢᠨ ᠲᠣᠭᠣᠷᠢᠨ ᠵᠡᠷᠭᠡ ᠬᠦᠴᠦᠨ ᠵᠦᠢ᠍ᠯ᠎ᠳᠤ ᠠᠭᠤᠰᠤᠯᠴᠠᠭᠤᠯᠤᠨ ᠦᠢ᠍ᠯᠡᠴᠢᠯᠡᠭᠡᠨ᠎ᠤ ᠠᠭᠤᠯᠭ᠎ᠠ ᠵᠢ ᠥᠷᠭᠡᠳᠬᠡᠵᠦ᠂ 《ᠢᠵᠢ ᠬᠣᠭᠣᠯᠠ + ᠬᠣᠭᠣᠯᠠ ᠵᠠᠬᠢᠶᠠᠯᠠᠬᠤ》 ᠦᠢ᠍ᠯᠡᠴᠢᠯᠡᠭᠡᠨ᠎ᠤ ᠲᠣᠪᠶᠣᠭ᠎ᠢ ᠲᠤᠬᠳᠠᠭ᠋ᠠᠪᠠ᠃ ᠵᠣᠭᠣᠰ ᠵᠶ᠋ᠠᠷ ᠲᠤᠰᠠᠯᠠᠵᠤ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠬᠠᠮᠢᠶ᠎ᠠ ᠪᠦᠬᠦᠢ ᠦᠢ᠍ᠯᠡᠴᠢᠯᠡᠭᠡᠨ᠎ᠢ ᠳᠠᠪᠬᠤᠷᠳᠠᠭᠤᠯᠤᠨ ᠬᠠᠩᠭ᠋ᠠᠬᠤ ᠦᠭᠡᠢ ᠰᠠᠭᠤᠷᠢᠨ ᠳᠡᠭᠡᠷ᠎ᠡ ᠨᠢᠭᠡᠨᠲᠡ ᠪᠠᠢ᠌ᠭ᠎ᠠ ᠲᠤᠰᠠᠯᠠᠵᠤ ᠲᠡᠳᠬᠦᠬᠦ᠂ ᠨᠠᠰᠤᠵᠢᠯ᠎ᠤᠨ ᠦᠨᠳᠦᠰᠦᠨ ᠦᠢ᠍ᠯᠡᠴᠢᠯᠡᠭᠡᠨ᠂ ᠵᠡᠮᠳᠡᠭᠴᠦᠳ᠎ᠤᠨ ᠬᠣᠶᠠᠷ ᠨᠥᠬᠥᠪᠦᠷᠢ᠂ ᠵᠡᠮᠳᠡᠭᠴᠦᠳ᠎ᠢ ᠨᠠᠢ᠌ᠳᠠᠨ ᠠᠰᠠᠷᠠᠭᠤᠯᠬᠤ ᠵᠡᠷᠭᠡ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠪᠠ ᠡᠮᠴᠢᠯᠡᠭᠡᠨ᠎ᠤ ᠳᠠᠭ᠋ᠠᠳᠬᠠᠯ᠂ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ ᠵᠡᠷᠭᠡ ᠨᠡᠢ᠌ᠭᠡᠮ᠎ᠤᠨ ᠳᠠᠭ᠋ᠠᠳᠬᠠᠯ᠎ᠤᠨ ᠳᠦᠷᠢᠮ᠎ᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠦᠴᠢᠷᠳᠡᠯᠲᠡᠢ ᠣᠯᠠᠨ ᠲᠦᠮᠡᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠬᠠᠡᠭᠭ᠋ᠠᠪᠠ᠃
ᠬᠠᠮᠢᠶᠠᠷᠤᠯᠲᠠ᠎ᠪᠠᠨ ᠴᠢᠩᠭ᠋ᠠᠳᠬᠠᠵᠤ ᠦᠢ᠍ᠯᠡᠴᠢᠯᠡᠭᠡᠨ᠎ᠤ ᠳᠠᠩᠰᠠ ᠡᠪᠬᠡᠮᠡᠯ᠎ᠢ ᠪᠠᠢ᠌ᠭᠤᠯᠪᠠ
《ᠨᠢᠭᠡ ᠡᠷᠦᠬᠡ᠎ᠳᠤ ᠨᠢᠭᠡ ᠲᠠᠩᠰᠠ ᠡᠪᠬᠡᠮᠡᠯ᠂ ᠨᠢᠭᠡ ᠲᠣᠰᠬᠣᠨ (ᠰᠠᠭᠤᠭ᠋ᠠᠯᠢ ᠠᠷᠠᠳ)᠎ᠳᠤ ᠨᠢᠭᠡ ᠬᠠᠢ᠌ᠷᠴᠠᠭ᠂ ᠨᠢᠭᠡ ᠰᠤᠮᠤ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠨᠢᠭᠡ ᠯᠠᠩᠭᠦᠢ》 ᠵᠢᠨ ᠭᠤᠷᠪᠠᠨ ᠱᠠᠲᠤᠨ᠎ᠤ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠰᠢᠰᠲᠸᠮ᠎ᠢ ᠪᠠᠶ᠋ᠢᠭᠤᠯᠬᠤ᠎ᠪᠠᠷ ᠬᠠᠷᠠᠯᠲᠠ ᠪᠣᠯᠭ᠋ᠠᠵᠤ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠲᠠᠩᠰᠠ ᠡᠪᠬᠡᠮᠡᠯ᠎ᠤᠨ ᠵᠢᠷᠤᠮᠵᠢᠭᠰᠠᠨ ᠬᠠᠮᠢᠶᠠᠷᠤᠯᠲᠠ ᠵᠢ ᠲᠠᠰᠤᠷᠠᠯᠲᠠ ᠦᠭᠡᠢ ᠠᠬᠢᠭᠤᠯᠪᠠ᠃ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠣᠭᠲᠠᠴᠠ ᠵᠢ ᠲᠡᠬᠦᠯᠳᠡᠷᠵᠢᠬᠦᠯᠤᠨ ᠲᠠᠩᠰᠠ ᠡᠪᠬᠡᠮᠡᠯ᠎ᠳᠤ ᠣᠷᠣᠭᠤᠯᠬᠤ ᠠᠷᠭ᠎ᠠ ᠂ ᠲᠠᠩᠰᠠ ᠡᠪᠬᠡᠮᠡᠯ᠎ᠳᠤ ᠦᠢ᠍ᠯᠡᠴᠢᠯᠡᠭᠡᠨ᠎ᠤ ᠲᠠᠩᠰᠠ ᠡᠪᠬᠡᠮᠡᠯ᠎ᠢ ᠰᠢᠯᠵᠢᠭᠦᠯᠦᠨ ᠲᠤᠰᠢᠶᠠᠬᠤ ᠠᠷᠭ᠎ᠠ ᠪᠠ ᠬᠠᠳᠠᠭ᠋ᠠᠯᠠᠨ ᠬᠠᠮᠢᠶᠠᠷᠬᠤ ᠬᠤᠭᠤᠴᠠᠭ᠎ᠠ ᠵᠢ ᠲᠣᠭᠲᠠᠭ᠋ᠠᠵᠤ᠂ ᠦᠢ᠍ᠯᠡᠴᠢᠯᠡᠭᠡᠨ᠎ᠤ ᠲᠠᠩᠰᠠ ᠡᠪᠬᠡᠮᠡᠯ᠎ᠤᠨ ᠬᠠᠮᠢᠶᠠᠷᠤᠯᠲᠠ ᠵᠢ ᠨᠢᠭᠡᠳᠦᠯᠲᠡᠢ ᠵᠢᠷᠤᠮᠵᠢᠭᠤᠯᠤᠨ᠂ ᠲᠠᠩᠰᠠ ᠡᠪᠬᠡᠮᠡᠯ᠎ᠢ ᠲᠠᠩᠰᠠ ᠡᠪᠬᠡᠮᠡᠯ᠎ᠳᠤ ᠣᠷᠣᠭᠤᠯᠬᠤ᠎ᠳᠤ ᠠᠮᠤᠷ ᠲᠦᠪᠰᠢᠨ ᠪᠥᠭᠡᠳ ᠡᠮᠬᠢ ᠵᠢᠷᠤᠮ᠎ᠲᠠᠢ ᠪᠠᠢ᠌ᠬᠤ ᠵᠢ ᠪᠠᠳᠤᠯᠠᠪᠠ᠃ ᠬᠠᠢ᠌ᠷᠤᠪ᠎ᠤᠨ ᠲᠣᠬᠣᠢ ᠵᠢᠨ ᠲᠣᠭᠣᠷᠢᠭ᠂ ᠬᠠᠢ᠌ᠨᠠᠨ ᠲᠣᠭᠣᠷᠢᠭ᠎ᠤᠨ᠎ᠬᠢᠨ ᠦᠢ᠍ᠯᠡᠴᠢᠯᠡᠭᠡᠨ᠎ᠤ ᠲᠦᠷᠦᠯ᠎ᠤᠨ ᠨᠡᠢ᠌ᠭᠡᠮ᠎ᠤᠨ ᠲᠤᠰᠠᠯᠠᠮᠵᠢ ᠵᠢᠨ APP ᠵᠢ ᠰᠤᠳᠤᠯᠤᠨ ᠨᠡᠭᠡᠭᠡᠵᠦ᠂ ᠪᠦᠷᠢᠨ ᠪᠦᠲᠦᠨ᠂ ᠪᠦᠳᠤᠮᠵᠢ ᠰᠠᠢ᠌ᠳᠠᠢ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲᠸᠮ᠎ᠢ ᠪᠠᠢ᠌ᠭᠤᠯᠤᠭ᠋ᠠᠳ ᠦᠢ᠍ᠯᠡᠴᠢᠯᠡᠭᠡᠨ᠎ᠤ ᠲᠠᠩᠰᠠ ᠡᠪᠬᠡᠮᠡᠯ᠎ᠢ ᠴᠠᠭ᠋ᠠᠰᠤᠨ ᠲᠠᠩᠰᠠ ᠡᠪᠬᠡᠮᠡᠯ᠎ᠠᠴᠠ ᠡᠯᠧᠺᠲᠷᠣᠨ ᠲᠠᠩᠰᠠ ᠡᠪᠬᠡᠮᠡᠯ ᠪᠤᠯᠭ᠋ᠠᠭ᠋ᠠᠳ ᠦᠢ᠍ᠯᠡᠴᠢᠯᠡᠭᠡᠨ᠎ᠢ ᠳᠥᠭᠥᠮ ᠳᠥᠲᠡ ᠪᠦᠬᠡᠳ ᠨᠠᠷᠢᠯᠢᠭ ᠣᠨᠣᠪᠴᠢᠲᠤ ᠪᠤᠯᠭ᠋ᠠᠯ᠎ᠠ᠃
ᠲᠣᠭᠲᠠᠴᠠ ᠵᠢ ᠲᠡᠬᠦᠯᠳᠡᠷᠵᠢᠬᠦᠯᠤᠨ ᠦᠢ᠍ᠯᠡᠴᠢᠯᠡᠭᠡ ᠬᠢᠨᠠᠯᠲᠠ ᠵᠢ ᠲᠦᠷᠢᠮᠵᠢᠬᠦᠯᠪᠡ
ᠦᠢ᠍ᠯᠡᠴᠢᠯᠡᠭᠡᠨ᠎ᠤ ᠶᠠᠰᠤ ᠴᠢᠨᠠᠷ᠎ᠤᠨ ᠦᠷ᠎ᠡ ᠪᠦᠲᠦᠮᠵᠢ᠎ᠳᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠬᠤ ᠵᠢᠨ ᠲᠥᠯᠥᠭᠡ ᠦᠬᠠᠢ ᠬᠣᠲᠠ ᠵᠢᠨ᠎ᠬᠢᠨ 《ᠬᠡᠷᠡᠭ᠎ᠤᠨ ᠡᠮᠦᠨ᠎ᠡ ᠰᠠᠨᠠᠭᠤᠯᠬᠤ᠂ ᠬᠡᠷᠡᠭ᠎ᠤᠨ ᠳᠤᠮᠳᠠ ᠬᠠᠮᠢᠶᠠᠷᠬᠤ᠂ ᠬᠡᠷᠡᠭ᠎ᠤᠨ ᠳᠠᠷᠠᠭ᠎ᠠ ᠦᠷ᠎ᠡ ᠪᠦᠲᠦᠮᠵᠢ ᠵᠢ ᠠᠰᠠᠭᠤᠬᠤ》 ᠬᠢᠨᠠᠯᠲᠠ ᠬᠠᠮᠢᠶᠠᠷᠤᠯᠲᠠ ᠵᠢᠨ ᠦᠨᠡᠯᠡᠬᠦ ᠲᠣᠭᠲᠠᠴᠠ ᠵᠢ ᠲᠡᠬᠦᠯᠳᠡᠷᠵᠢᠬᠦᠯᠦᠭᠰᠡᠨ ᠪᠥᠭᠡᠳ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠭᠣᠣᠯᠳᠠᠯᠭ᠎ᠠ᠎ᠲᠠᠢ ᠠᠵᠢᠯ᠎ᠤᠨ ᠠᠭᠤᠯᠭ᠎ᠠ᠎ᠳᠤ ᠣᠷᠣᠭᠤᠯᠪᠠ᠃