ᠦᠬᠠᠢ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠦᠨᠤ ᠵᠢᠯ 《ᠠᠰᠠᠷᠠᠨ ᠲᠡᠵᠢᠭᠡᠬᠦ᠂ ᠵᠠᠰᠠᠬᠤ᠂ ᠡᠷᠡᠭᠦᠯ ᠮᠡᠨᠳᠦ᠂ ᠰᠤᠷᠭ᠋ᠠᠨ ᠬᠥᠮᠦᠵᠢᠯ》᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠵᠤ ᠨᠠᠷᠢᠯᠢᠭ ᠣᠨᠣᠴᠠᠲᠠᠢ ᠬᠠᠮᠢᠶᠠᠷᠤᠯᠲᠠ᠂ ᠨᠠᠷᠢᠯᠢᠭ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠦᠬᠡᠳ᠎ᠤᠨ ᠦᠰᠦᠨ ᠪᠣᠶ᠋ᠢᠵᠢᠯᠲᠠ ᠵᠢᠨ ᠵᠠᠮᠴᠢᠯᠠᠭᠴᠢ᠂ ᠬᠡᠦᠬᠡᠳ᠎ᠤᠨ ᠡᠷᠬᠡ ᠠᠰᠢᠭ᠎ᠤᠨ ᠬᠠᠮᠠᠭ᠋ᠠᠯᠠᠭᠴᠢ᠂ ᠬᠡᠦᠬᠡᠳ᠎ᠤᠨ ᠢᠷᠡᠭᠡᠳᠦᠢ ᠵᠢᠨ ᠬᠦᠰᠡᠯ ᠢ ᠲᠡᠷᠭᠡᠯᠰᠢᠭᠦᠯᠦᠭᠴᠢ ᠪᠤᠯᠵᠤ ᠪᠠᠢ᠌ᠨ᠎ᠠ᠃
ᠠᠰᠠᠷᠠᠨ ᠬᠥᠮᠥᠵᠢᠭᠦᠯᠬᠦ ᠦᠢ᠍ᠯᠡᠴᠢᠯᠡᠭᠡ ᠵᠢ 《ᠨᠠᠷᠢᠯᠢᠭ ᠣᠨᠣᠴᠠᠲᠠᠢ》 ᠪᠠᠢ᠌ᠯᠭ᠋ᠠᠬᠤ᠎ᠪᠠᠷ ᠴᠢᠷᠮᠠᠢ᠌ᠪᠠ
ᠦᠬᠠᠢ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ᠎ᠨᠢ ᠠᠰᠠᠷᠠᠨ ᠬᠥᠮᠥᠵᠢᠭᠦᠯᠬᠦ ᠦᠢ᠍ᠯᠡᠴᠢᠯᠡᠭᠡ ᠵᠢ ᠳᠡᠭᠡᠭᠰᠢᠯᠡᠭᠦᠯᠬᠦ᠎ᠪᠠᠷ ᠪᠠᠷᠢᠴᠨ ᠪᠣᠯᠭ᠋ᠠᠵᠤ᠂ ᠠᠰᠠᠷᠠᠨ ᠬᠥᠮᠥᠵᠢᠭᠦᠯᠬᠦ ᠠᠵᠢᠯ᠎ᠤᠨ ᠰᠢᠨᠵᠢᠯᠡᠬᠦ ᠤᠬᠠᠭ᠋ᠠᠨᠴᠢᠯᠠᠯᠲᠠ᠂ ᠵᠢᠷᠤᠮᠵᠢᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠪᠡ᠃ 14 ᠰᠤᠪᠢᠯᠠᠬᠤ ᠠᠷᠭ᠎ᠠ ᠵᠢ ᠨᠠᠷᠢᠯᠢᠭᠵᠢᠭᠤᠯᠬᠤ᠎ᠪᠠᠷ ᠳᠠᠮᠵᠢᠭᠤᠯᠤᠨ᠂ ᠰᠤᠪᠢᠯᠠᠭᠴᠢ ᠵᠢᠨ ᠮᠡᠳᠡᠪᠡᠯ ᠵᠣᠬᠢᠬᠤ ᠠᠭᠤᠯᠭ᠎ᠠ ᠵᠢ ᠲᠣᠳᠣᠷᠬᠠᠢ᠌ᠯᠠᠵᠤ᠂ ᠡᠮᠦᠰᠴᠦ ᠵᠡᠭᠦᠬᠦ᠂ ᠤᠬᠢᠶᠠᠵᠤ ᠴᠡᠪᠡᠷᠯᠡᠬᠦ᠂ ᠬᠣᠭᠣᠯᠠ ᠢᠳᠡᠬᠦ᠂ ᠪᠡᠶ᠎ᠡ ᠤᠬᠢᠶᠠᠬᠤ᠂ ᠶᠠᠪᠤᠵᠤ ᠰᠠᠭᠤᠬᠤ᠂ ᠨᠠᠷᠢᠯᠢᠭ ᠬᠥᠳᠡᠯᠭᠡᠭᠡᠨ ᠬᠢᠬᠦ ᠵᠡᠷᠭᠡ ᠲᠠᠯ᠎ᠠ᠎ᠪᠠᠷ ᠡᠮᠨᠡᠯᠭᠡ ᠵᠢᠨ ᠬᠣᠷᠢᠶᠠᠨ᠎ᠤ ᠬᠡᠦᠬᠡᠳ᠎ᠲᠤ ᠪᠥᠬᠥ ᠲᠠᠯ᠎ᠠ᠎ᠪᠠᠷ ᠦᠨᠡᠯᠡᠨ᠂ ᠦᠨᠡᠯᠡᠭᠰᠡᠨ ᠦᠷ᠎ᠡ ᠳ᠋ᠦᠩ᠎ᠢ ᠦᠨᠳᠦᠰᠦᠯᠡᠨ ᠬᠡᠦᠬᠡᠳ᠎ᠲᠤ ᠲᠠᠰ ᠬᠤᠪᠢᠶᠠᠨ ᠰᠤᠪᠢᠯᠠᠬᠤ ᠠᠷᠭ᠎ᠠ ᠵᠢ ᠬᠡᠷᠡᠭᠵᠢᠬᠦᠯᠪᠡ᠃ ᠣᠳᠣᠬᠠᠨ᠎ᠳᠤ ᠨᠢᠭᠡ ᠬᠡᠦᠬᠡᠳ ᠢᠳᠡᠭᠡᠨ ᠤᠮᠳᠠᠭ᠋ᠠᠨ ᠵᠶ᠋ᠡᠷ ᠵᠤᠬᠢᠴᠠᠭᠤᠯᠤᠭ᠋ᠠᠳ ᠨᠠᠷᠢᠨ ᠨᠢᠮᠪᠠᠢ ᠰᠤᠪᠢᠯᠠᠭᠰᠠᠨᠤ ᠳᠠᠷᠠᠭ᠎ᠠ ᠪᠡᠶ᠎ᠡ᠎ᠪᠠᠨ ᠳᠠᠭ᠋ᠠᠭ᠋ᠠᠵᠤ ᠣᠷᠣᠨ᠎ᠠᠴᠠ᠎ᠪᠠᠨ ᠪᠠᠭᠤᠵᠤ ᠠᠯᠬᠤᠵᠤ ᠲᠡᠢ᠌ᠯᠬᠦ ᠪᠤᠯᠤᠬᠰᠠᠨ ᠪᠠᠢ᠌ᠨ᠎ᠠ᠃
ᠡᠮ ᠡᠮᠨᠡᠯᠭᠡ ᠵᠢᠨ ᠦᠢ᠍ᠯᠡᠴᠢᠯᠡᠭᠡ᠎ᠳᠤ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠪᠠ
ᠬᠡᠦᠬᠡᠳ᠎ᠤᠨ ᠡᠷᠡᠭᠦᠯ ᠮᠡᠨᠳᠦ ᠵᠢ ᠨᠢᠭᠲᠠ ᠠᠩᠬᠠᠷᠴᠤ᠂ ᠡᠮᠴᠢᠯᠡᠭᠡᠨ᠎ᠤ ᠠᠪᠤᠷᠠᠯᠳᠠ ᠵᠢᠨ ᠰᠠᠭ᠋ᠠᠳ ᠦᠭᠡᠢ ᠵᠠᠮ᠎ᠢ ᠨᠡᠭᠡᠭᠡᠵᠦ᠂ ᠬᠢᠲᠠᠳ ᠡᠮᠨᠡᠯᠭᠡ ᠵᠢᠨ ᠤᠷᠢᠳᠴᠢᠯᠠᠨ ᠰᠡᠷᠬᠡᠢ᠌ᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠬᠢᠲᠠᠳ ᠡᠮᠨᠡᠯᠭᠡ ᠵᠢᠨ ᠡᠮᠨᠡᠨ ᠵᠠᠰᠠᠬᠤ ᠲᠥᠷᠥᠯ ᠵᠦᠢ᠍ᠯ᠎ᠢ ᠰᠦᠪᠡᠭᠴᠢᠯᠡᠨ ᠥᠷᠨᠢᠭᠦᠯᠵᠦ᠂ ᠬᠡᠦᠬᠡᠳ᠎ᠤᠨ ᠪᠡᠶ᠎ᠡ ᠮᠠᠬᠠᠪᠤᠳ᠂ ᠡᠪᠡᠳᠴᠢᠨ᠎ᠤ ᠪᠠᠢ᠌ᠳᠠᠯ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠰᠤᠢ᠌ᠬᠠᠨ ᠲᠦᠬᠡᠨᠡᠯᠬᠡ ᠵᠡᠷᠭᠡ ᠠᠷᠭ᠎ᠠ᠎ᠪᠠᠷ ᠥᠪᠡᠷᠮᠢᠴᠡ ᠬᠢᠲᠠᠳ ᠡᠮ ᠡᠮᠨᠡᠯᠭᠡ ᠵᠢᠨ ᠡᠮᠨᠡᠨ ᠵᠠᠰᠠᠬᠤ ᠲᠥᠰᠥᠯ᠎ᠢ ᠲᠣᠭᠲᠠᠭ᠋ᠠᠵᠤ᠂ ᠡᠮᠨᠡᠯᠭᠡ᠎ᠳᠤ ᠪᠠᠢ᠌ᠭ᠎ᠠ 7 ᠬᠡᠦᠬᠡᠳ᠎ᠲᠤ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠵᠤ᠂ ᠦᠷ᠎ᠡ ᠪᠦᠲᠦᠮᠵᠢ᠎ᠪᠠᠷ ᠰᠠᠢ᠌ᠨ ᠪᠠᠢ᠌ᠨ᠎ᠠ᠃
ᠬᠠᠮᠢᠶᠠᠷᠤᠯᠲᠠ ᠵᠢᠨ ᠠᠵᠢᠯ᠎ᠢ 《ᠴᠢᠩᠭ᠎ᠠ ᠨᠢᠮᠪᠠᠢ》 ᠬᠢᠬᠦ᠎ᠪᠠᠷ ᠴᠢᠷᠮᠠᠢ᠌ᠪᠠ
ᠬᠠᠮᠢᠶᠠᠷᠤᠯᠲᠠ ᠵᠢᠨ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠬᠡᠦᠬᠡᠳ᠎ᠤᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠬᠤ ᠠᠵᠢᠯ᠎ᠢ ᠲᠤᠰᠬᠠᠢ ᠬᠥᠮᠥᠨ ᠵᠶ᠋ᠡᠷ ᠬᠠᠷᠢᠭᠤᠴᠠᠭᠤᠯᠵᠤ᠂ ᠮᠡᠳᠡᠭᠡ ᠵᠠᠩᠭᠢ ᠵᠢᠨ ᠰᠢᠰᠲ᠋ᠧᠮ᠎ᠳᠤ᠎ᠬᠢ ᠲᠣᠭ᠎ᠠ ᠪᠠᠷᠢᠮᠲᠠ ᠵᠢᠨ ᠤᠨᠤᠪᠴᠢᠳᠠᠢ᠂ ᠪᠦᠷᠢᠨ ᠪᠦᠲᠦᠨ ᠪᠠᠢ᠌ᠬᠤ ᠵᠢ ᠪᠠᠳᠤᠯᠠᠪᠠ᠃ ᠬᠡᠦᠬᠡᠳ᠎ᠤᠨ ᠪᠡᠶ᠎ᠡ ᠰᠡᠳᠬᠢᠯ᠎ᠤᠨ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠬᠠᠮᠤᠭ᠎ᠤᠨ ᠠᠰᠢᠭᠲᠠᠢ ᠪᠠᠢ᠌ᠬᠤ ᠵᠠᠷᠴᠢᠮ ᠶᠣᠰᠣᠭ᠋ᠠᠷ ᠬᠡᠦᠬᠡᠳ᠎ᠤᠨ ᠠᠮᠢᠳᠤᠷᠠᠯ᠎ᠤᠨ ᠲᠣᠭᠣᠷᠢᠭ᠎ᠢ ᠵᠦᠢ ᠵᠣᠬᠢᠰᠲᠠᠢ᠎ᠪᠠᠷ ᠲᠣᠬᠢᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠥᠰᠬᠡᠨ ᠬᠥᠮᠥᠵᠢᠭᠦᠯᠬᠦ ᠪᠠᠷᠢᠮᠵᠢᠶ᠎ᠠ ᠵᠢ ᠲᠣᠭᠲᠠᠭ᠋ᠠᠨ᠂ ᠬᠣᠭᠣᠯᠠ ᠤᠮᠳᠠ ᠵᠢᠨ ᠰᠢᠮ᠎ᠡ ᠲᠡᠵᠢᠭᠡᠯ᠎ᠢ ᠲᠡᠩᠴᠡᠭᠦᠷᠢᠲᠡᠢ ᠪᠠᠢ᠌ᠯᠭ᠋ᠠᠵᠤ᠂ ᠬᠡᠦᠬᠡᠳ᠎ᠤᠨ ᠠᠵᠢᠯᠯᠠᠭ᠋ᠠᠨ᠎ᠤ ᠲᠥᠰᠥᠯ᠎ᠢ ᠵᠦᠢ ᠵᠣᠬᠢᠰᠲᠠᠢ᠎ᠪᠠᠷ ᠲᠥᠯᠥᠪᠯᠡᠨ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠵᠣᠬᠢᠰᠲᠠᠢ᠎ᠪᠠᠷ ᠨᠡᠮᠡᠭᠳᠡᠭᠦᠯᠵᠦ ᠬᠡᠦᠬᠡᠳ᠎ᠤᠨ ᠡᠷᠡᠭᠦᠯ ᠵᠶ᠋ᠡᠷ ᠦᠰᠦᠨ ᠪᠤᠢ᠌ᠵᠢᠯᠳᠠ᠎ᠳᠤ ᠪᠠᠳᠤᠯᠠᠪᠠ᠃