ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠥᠯᠥᠨ ᠪᠣᠶ᠋ᠢᠷ ᠬᠣᠲᠠ ᠵᠢᠨ᠎ᠬᠢᠨ ᠴᠤᠬᠯᠢᠭ ᠴᠢᠳᠠᠪᠤᠷᠢᠲᠠᠨ᠎ᠤ ᠡᠡᠭᠨᠡᠬᠡ ᠵᠢ ᠴᠢᠡᠭᠭ᠋ᠠᠳᠬᠠᠵᠤ ᠨᠠᠰᠤᠳᠠᠢ᠌ᠴᠤᠳ᠎ᠤᠨ ᠠᠰᠠᠷᠠᠮᠵᠢ᠎ᠳᠤ ᠦᠡᠭᠭᠡ ᠪᠤᠳᠤᠭ ᠨᠡᠮᠡᠷᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2024-12-05

   ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠮᠠᠰᠢ ᠴᠢᠬᠤᠯᠨ ᠪᠠᠢ᠌ᠳᠠᠭ᠃ 2023 ᠣᠨ᠎ᠳᠤ ᠠᠷᠠᠳ᠎ᠤᠨ ᠶᠠᠪᠤᠳᠠᠯ᠎ᠤᠨ ᠶᠠᠮᠤᠨ ᠵᠡᠷᠭᠡ 12 ᠰᠠᠯᠠᠭ᠎ᠠ ᠮᠥᠴᠢᠷ᠎ᠤᠨ᠎ᠬᠢᠨ ᠤᠯᠤᠰ᠎ᠤᠨ ᠠᠩᠬᠠᠳᠠᠭᠴᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠲᠤᠬᠠᠢ ᠶᠡᠷᠦᠩᠬᠡᠢ᠌ᠯᠡᠭᠰᠡᠨ ᠴᠢᠨᠠᠷᠲᠠᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠪᠤᠯᠬᠤ 《ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠴᠢᠳᠠᠪᠤᠷᠢᠲᠠᠨ᠎ᠤ ᠡᠩᠨᠡᠭᠡ ᠵᠢᠨ ᠴᠢᠨᠠᠷᠯᠢᠭ ᠬᠥᠭᠵᠢᠯᠲᠡ ᠵᠢ ᠠᠬᠢᠭᠤᠯᠪᠠ᠃ ᠬᠥᠯᠥᠨ ᠪᠤᠢ᠍ᠢ᠍ᠷ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠴᠤᠬᠯᠢᠭ ᠡᠩᠨᠡᠭᠡ ᠵᠢᠨ ᠪᠠᠢ᠌ᠭᠤᠯᠤᠯᠲᠠ ᠵᠢ ᠤᠯᠠᠨ ᠠᠷᠭ᠎ᠠ ᠵᠠᠮ ᠵᠶ᠋ᠡᠷ ᠲᠠᠰᠤᠷᠠᠯᠳᠡ ᠦᠭᠡᠢ ᠴᠢᠩᠭ᠋ᠠᠳᠬᠠᠵᠤ ᠨᠠᠰᠤᠳᠠᠢ᠌ᠴᠤᠳ᠎ᠤᠨ ᠠᠰᠠᠷᠠᠮᠵᠢ᠎ᠳᠤ  ᠦᠡᠭᠭᠡ ᠪᠤᠳᠤᠭ ᠨᠡᠮᠡᠷᠢᠯᠡᠵᠤ ᠪᠠᠢ᠌ᠨ᠎ᠠ᠃


ᠴᠢᠳᠠᠪᠤᠷᠢᠲᠠᠨ᠎ᠢ ᠲᠠᠪᠳᠠᠨ ᠪᠤᠯᠪᠠᠰᠤᠷᠠᠭᠤᠯᠵᠤ ᠡᠡᠭᠨᠡᠬᠡᠨ᠎ᠤ ᠪᠠᠢ᠌ᠭᠤᠯᠤᠯᠳᠠ᠎ᠳᠤ ᠰᠢᠨ᠎ᠡ ᠬᠦᠴᠤᠨ ᠨᠡᠮᠡᠷᠢᠯᠡᠪᠡ
 
    ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠎ᠨᠢ ᠲᠥᠷᠥᠯ ᠳᠠᠪᠬᠤᠷᠭ᠎ᠠ᠎ᠨᠢ ᠣᠯᠠᠨ ᠶᠠᠩᠵᠤ ᠵᠢᠨ᠂ ᠬᠦᠷᠢᠶ᠎ᠡ ᠴᠠᠷᠠᠭ᠎ᠠ ᠠᠯᠤᠰᠯᠠᠨ ᠰᠤᠯᠢᠪᠴᠠᠬᠰᠠᠨ ᠪᠦᠬᠡᠳ ᠪᠣᠳᠠᠲᠤ ᠠᠵᠢᠯᠯᠠᠭ᠎ᠠ ᠵᠢᠨ ᠰᠢᠨᠵᠢ ᠴᠢᠩᠭ᠎ᠠ ᠵᠡᠷᠭᠡ ᠣᠨᠴᠠᠯᠢᠭ᠎ᠲᠠᠢ ᠪᠤᠯᠬᠤᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠲᠤ ᠣᠯᠠᠨ ᠵᠦᠢ᠍ᠯ᠎ᠤᠨ ᠴᠢᠳᠠᠪᠤᠷᠢ ᠵᠢ ᠡᠵᠡᠮᠰᠢᠭᠦᠯᠬᠦ ᠵᠢᠨ ᠬᠠᠮᠲᠤ ᠰᠢᠨ᠎ᠡ ᠮᠡᠳᠡᠯᠭᠡ᠂ ᠰᠢᠨ᠎ᠡ ᠮᠡᠷᠭᠡᠵᠢᠯ ᠴᠢᠳᠠᠪᠤᠷᠢ ᠵᠢ ᠲᠠᠰᠤᠷᠠᠯᠲᠠ ᠦᠭᠡᠢ ᠰᠤᠷᠤᠯᠴᠠᠭᠤᠯᠬᠤ ᠴᠢᠬᠤᠯᠠᠳᠠᠢ ᠪᠢᠯᠨ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠴᠢᠳᠠᠪᠤᠷᠢᠲᠠᠨ᠎ᠤ ᠬᠡᠷᠡᠭᠴᠡᠭᠡ᠎ᠳᠤ ᠵᠣᠬᠢᠴᠠᠭᠤᠯᠬᠤ ᠵᠢᠨ ᠲᠥᠯᠥᠭᠡ  ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠢ ᠢᠳᠡᠪᠬᠢᠲᠡᠢ ᠴᠢᠩᠭ᠋ᠠᠳᠬᠠᠵᠤ᠂ ᠨᠠᠰᠤᠵᠢᠯ᠎ᠤᠨ ᠪᠠᠢ᠌ᠭᠤᠯᠤᠮᠵᠢ ᠵᠢᠨ ᠳᠠᠷᠤᠭ᠎ᠠ᠂ ᠲᠤᠬᠠᠢ᠌ᠯᠠᠭᠰᠠᠨ ᠠᠵᠢᠯ᠎ᠤᠨ ᠨᠢᠷᠤᠭᠤᠪᠴᠢ ᠬᠦᠴᠦᠨ᠎ᠢ ᠢᠳᠡᠪᠬᠢᠲᠡᠢ᠎ᠪᠠᠷ ᠵᠣᠬᠢᠶᠠᠨ ᠪᠠᠢ᠌ᠭᠤᠯᠤᠨ ᠪᠥᠬᠥ ᠣᠷᠣᠨ᠎ᠤ ᠨᠠᠰᠤᠵᠢᠯ᠎ᠤᠨ ᠪᠠᠢ᠌ᠭᠤᠯᠤᠮᠵᠢ ᠵᠢᠨ ᠳᠠᠷᠤᠭ᠎ᠠ ᠵᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠪᠠ ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠬᠦ ᠪᠠᠭᠰᠢ ᠵᠢᠨ ᠪᠣᠯᠪᠠᠰᠤᠷᠠᠯ᠎ᠳᠤ ᠣᠷᠣᠯᠴᠠᠭᠤᠯᠵᠤ ᠬᠥᠯᠥᠨ ᠪᠣᠶ᠋ᠢᠷ ᠬᠣᠲᠠ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠲᠦᠪᠰᠢᠨ ᠪᠠ ᠦᠢ᠍ᠯᠡᠴᠢᠯᠡᠭᠡᠨ᠎ᠤ ᠴᠢᠳᠠᠪᠤᠷᠢ ᠵᠢ ᠲᠡᠭᠡᠭᠰᠢᠯᠡᠬᠦᠯᠦᠭᠰᠡᠨ᠎ᠤ᠎ᠤ ᠬᠠᠮᠲᠤ 2024 ᠣᠨ᠎ᠤ ᠪᠥᠬᠥ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠠᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠪᠣᠯᠪᠠᠰᠤᠷᠠᠯ (ᠵᠡᠭᠦᠨ ᠬᠡᠰᠡᠭ᠎ᠤᠨ ᠠᠩᠭᠢ)᠂ ᠬᠥᠯᠥᠨ ᠪᠣᠶ᠋ᠢᠷ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠵᠢᠨ ᠨᠠᠨᠵᠢᠩ ᠬᠣᠲᠠ ᠵᠢᠨ ᠳ᠋ᠢᠶᠠᠨ ᠵᠢᠶᠠᠡᠭ᠎ᠲᠠᠢ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠪᠣᠯᠪᠠᠰᠤᠷᠠᠯ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ ᠤᠨᠲᠠᠷᠠᠭ᠋ᠠᠬᠤ ᠲᠦᠬᠦᠬᠡᠷᠤᠮᠵᠢ ᠵᠢ ᠬᠡᠷᠡᠭᠯᠡᠭᠴᠢ (ᠳᠤᠮᠳᠠ ᠵᠡᠷᠭᠡ) ᠵᠢᠨ ᠪᠣᠯᠪᠠᠰᠤᠷᠠᠯ ᠵᠡᠷᠭᠡ ᠨᠠᠰᠤᠵᠢᠯ᠎ᠤᠨ ᠠᠯᠢ ᠣᠯᠠᠨ ᠪᠣᠯᠪᠠᠰᠤᠷᠠᠯ᠎ᠤᠨ 《ᠬᠠᠮ ᠠᠷᠭ᠎ᠠ》᠎ᠪᠠᠷ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠮᠡᠷᠭᠡᠵᠢᠯ᠎ᠤᠨ ᠪᠣᠯᠪᠠᠰᠤᠷᠠᠯ᠎ᠤᠨ ᠰᠠᠭᠤᠷᠢ ᠵᠢ ᠪᠡᠬᠢᠵᠢᠬᠦᠯᠪᠡ᠃ 2024 ᠣᠨ᠎ᠳᠤ ᠪᠥᠬᠥ ᠬᠣᠲᠠ ᠵᠢᠨ ᠨᠠᠰᠤᠵᠢᠯ᠎ᠤᠨ ᠠᠰᠠᠷᠠᠭᠴᠢ ᠵᠢ 1249 ᠤᠳᠠᠭ᠎ᠠ ᠪᠣᠯᠪᠠᠰᠤᠷᠠᠭᠤᠯᠵᠤ᠂ ᠬᠥᠯᠥᠨ ᠪᠣᠶ᠋ᠢᠷ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
 
ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠤᠭ᠋ᠠᠳ ᠥᠨᠳᠥᠷ  ᠪᠤᠯᠪᠠᠰᠤᠷᠠᠯ ᠪᠦᠬᠦᠢ ᠡᠩᠨᠡᠭᠡ ᠵᠢ ᠪᠠᠢ᠌ᠭᠤᠯᠪᠠ


  ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠳᠤᠲᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠠᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠳᠤ ᠢᠳᠡᠪᠬᠢᠲᠡᠢ ᠣᠷᠣᠯᠴᠠᠵᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭ᠋ᠠᠨ ᠵᠶ᠋ᠠᠷ ᠴᠢᠳᠠᠪᠤᠷᠢᠲᠠᠨ᠎ᠢ ᠳᠡᠭᠡᠭᠰᠢᠯᠡᠭᠦᠯᠬᠦ᠎ᠪᠠᠷ ᠳᠠᠮᠵᠢᠭᠤᠯᠤᠨ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯᠲᠠᠨ᠎ᠤ ᠲᠤᠰᠬᠠᠢ ᠮᠡᠷᠭᠡᠵᠢᠯ᠎ᠤᠨ ᠲᠦᠪᠰᠢᠨ᠎ᠢ ᠢᠯᠡᠳᠳᠡ ᠲᠡᠭᠡᠭᠰᠢᠯᠡᠬᠦᠯᠦᠭᠰᠡᠨ ᠪᠠᠢ᠌ᠨ᠎ᠠ᠃
   ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ ᠲᠥᠷᠥᠯ᠎ᠤᠨ ᠠᠵᠢᠯ᠎ᠤᠨ  ᠴᠢᠳᠠᠪᠤᠷᠢ ᠵᠢᠨ ᠠᠡᠭᠬᠠᠳᠤᠭ᠋ᠠᠷ ᠤᠷᠤᠯᠳᠤᠭ᠋ᠠᠨ᠎ᠳᠤ  《ᠰᠢᠯᠢᠳᠡᠭ ᠵᠣᠬᠢᠶᠠᠨ ᠪᠠᠢ᠌ᠭᠤᠯᠤᠯᠲᠠ》 ᠵᠢᠨ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠂ ᠬᠥᠯᠥᠨ ᠪᠣᠶ᠋ᠢᠷ ᠬᠣᠲᠠ ᠵᠢᠨ᠎ᠬᠢᠨ ᠬᠤᠪᠢ ᠬᠥᠮᠥᠨ᠎ᠤ ᠠᠷᠪᠠᠨ ᠨᠢᠭᠡᠨ ᠱᠠᠩᠨᠠᠯ᠎ᠢ ᠭᠥᠷᠳᠡᠵᠦ᠂ ᠤᠷᠤᠯᠳᠤᠭ᠋ᠠᠨ᠎ᠤ ᠪᠦᠯᠬᠦᠮ᠎ᠤᠨ ᠪᠣᠶ ᠪᠦᠬᠦᠢ ᠨᠢᠭᠡᠳᠦᠭᠡᠷ ᠳᠡᠰ᠎ᠤᠨ ᠱᠠᠩᠨᠠᠯ᠎ᠢ ᠳᠠᠭ᠋ᠠᠭ᠋ᠠᠨ ᠠᠪᠤᠭᠰᠠᠨ ᠪᠠᠢ᠌ᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠠᠵᠢᠯ  ᠎ᠤᠨ ᠴᠢᠳᠠᠪᠤᠷᠢ ᠵᠢᠨ ᠤᠷᠤᠯᠳᠤᠭ᠋ᠠᠨ᠎ᠳᠤ ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠤᠯᠤᠰ ᠲᠥᠷᠥ ᠵᠢᠨ ᠲᠣᠪᠴᠢᠶ᠎ᠠ ᠵᠢᠨ  ᠤᠷᠤᠯᠴᠠᠬ᠍ᠴᠢ ᠲᠢᠶᠠᠨ ᠰᠢᠨ ᠲᠤᠰᠬᠠᠢ ᠮᠡᠷᠭᠡᠵᠢᠯ᠎ᠤᠨ ᠴᠢᠳᠠᠪᠤᠷᠢ᠂ ᠳᠣᠲᠣᠨᠣ ᠦᠢ᠍ᠯᠡᠴᠢᠯᠡᠭᠡ᠎ᠪᠠᠷ ᠵᠶ᠋ᠡᠨ 《ᠪᠥᠬᠥ ᠣᠷᠣᠨ᠎ᠤ ᠮᠡᠷᠭᠡᠵᠢᠯ᠎ᠤᠨ ᠴᠢᠳᠠᠪᠤᠷᠢᠲᠠᠨ᠎ᠤ ᠴᠣᠯᠠ》 ᠭᠥᠷᠳᠡᠪᠡ᠃
   《ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠪᠠ ᠰᠤᠷᠤᠯᠴᠠᠯᠭ᠎ᠠ ᠵᠢ ᠤᠶᠠᠯᠳᠤᠭᠤᠯᠬᠤ》 ᠠᠷᠭ᠎ᠠ ᠎ᠪᠠᠷ ᠬᠥᠯᠥᠨ ᠪᠣᠶ᠋ᠢᠷ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠰᠤᠪᠢᠯᠠᠯᠲᠠ ᠵᠢᠨ ᠴᠢᠳᠠᠪᠤᠷᠢᠲᠠᠨ᠎ᠤ ᠲᠤᠰᠬᠠᠢ ᠮᠡᠷᠭᠡᠵᠢᠯ᠎ᠤᠨ ᠴᠣᠭ ᠵᠢᠪᠬᠤᠭ᠎ᠠ ᠵᠢ ᠭᠦᠢ᠍ᠴᠡᠳ ᠢᠯᠡᠷᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠴᠢᠳᠠᠪᠤᠷᠢᠲᠠᠨ᠎ᠤ ᠡᠩᠨᠡᠭᠡ ᠵᠢᠨ ᠬᠥᠭᠵᠢᠯᠲᠡ᠎ᠳᠤ ᠬᠡᠪ ᠳᠠᠭᠤᠷᠢᠶᠠᠯ ᠦᠵᠡᠬᠦᠯᠦᠭᠰᠡᠨ᠎ᠤ ᠬᠠᠮᠲᠤ ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠡᠮᠦᠨ᠎ᠡ ᠹᠷᠣᠨᠲ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯᠲᠠᠨ᠎ᠤ ᠮᠡᠷᠭᠡᠵᠢᠯ ᠰᠤᠷᠬᠤ᠂ ᠴᠢᠳᠠᠪᠤᠷᠢ᠎ᠪᠠᠨ ᠲᠠᠪᠳᠠᠨ ᠪᠣᠯᠪᠠᠰᠤᠷᠠᠭᠤᠯᠬᠤ᠂ ᠮᠡᠷᠭᠡᠵᠢᠯ ᠴᠢᠳᠠᠪᠤᠷᠢ᠎ᠪᠠᠨ ᠠᠳᠠᠯᠢᠳᠬᠠᠬᠤ ᠥᠷᠨᠢᠯᠲᠡ ᠭᠠᠷᠭ᠋ᠠᠵᠤ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠡᠩᠨᠡᠭᠡ ᠵᠢᠨ ᠲᠤᠬᠠᠢ᠌ᠯᠠᠭᠰᠠᠨ ᠠᠵᠢᠯ᠎ᠤᠨ ᠲᠦᠪᠰᠢᠨ᠎ᠢ ᠢᠯᠡᠳᠳᠡ ᠲᠡᠭᠡᠭᠰᠢᠯᠡᠬᠦᠯᠵᠡᠢ᠃


ᠨᠡᠢ᠌ᠲᠡᠯᠢᠭ ᠵᠢᠱ᠌ᠢᠶ᠎ᠡ᠎ᠪᠠᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠠᠵᠢᠯ᠎ᠤᠨ ᠤᠷᠮ᠎ᠠ ᠵᠢ ᠬᠦᠭᠵᠢᠬᠡᠪᠡ
 
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ᠎ᠤ 2024 ᠣᠨ᠎ᠤ ᠪᠥᠬᠥ ᠣᠷᠣᠨ᠎ᠤ 《ᠬᠠᠮᠤᠭ᠎ᠤᠨ ᠰᠤᠳᠤᠨ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠳᠠᠷᠤᠭ᠎ᠠ》 ᠪᠠ 《ᠬᠠᠮᠤᠭ᠎ᠤᠨ ᠰᠤᠳᠤᠨ ᠨᠠᠰᠤᠲᠠᠨ᠎ᠢ ᠠᠰᠠᠷᠠᠬᠤ ᠠᠰᠠᠷᠠᠭᠴᠢ》 ᠵᠢᠨ ᠨᠡᠷᠡᠰ᠎ᠢ ᠨᠡᠢ᠌ᠲᠡᠯᠡᠪᠡ᠃ ᠬᠥᠯᠥᠨ ᠪᠣᠶ᠋ᠢᠷ᠎ᠤᠨ 《ᠴᠠᠡᠭ ᠵᠸᠡᠭ》 ᠡᠷᠡᠭᠦᠯ ᠮᠡᠨᠳᠦ ᠵᠢᠨ ᠰᠤᠪᠢᠯᠠᠯᠲᠠ ᠵᠢᠨ ᠦᠢ᠍ᠯᠡᠴᠢᠯᠡᠭᠡᠨ᠎ᠤ ᠲᠥᠪ᠎ᠤᠨ ᠳᠠᠷᠤᠭ᠎ᠠ ᠬᠤᠤ ᠶᠦᠩ᠂ ᠬᠥᠯᠥᠨ ᠪᠣᠶ᠋ᠢᠷ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠲᠢᠶᠠᠨ ᠰᠢᠨ ᠨᠠᠷ 《ᠬᠠᠮᠤᠭ᠎ᠤᠨ ᠰᠤᠳᠤᠨ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠳᠠᠷᠤᠭ᠎ᠠ》 ᠪᠠ 《ᠬᠠᠮᠤᠭ᠎ᠤᠨ ᠰᠤᠳᠤᠨ ᠨᠠᠰᠤᠲᠠᠨ᠎ᠢ ᠠᠰᠠᠷᠠᠬᠤ ᠠᠰᠠᠷᠠᠭᠴᠢ》 ᠵᠢᠨ ᠢᠷᠠᠭᠤ ᠠᠯᠳᠠᠷ᠎ᠢ ᠭᠥᠷᠳᠡᠪᠡ᠃
    ᠡᠨᠡ ᠵᠢᠯ ᠬᠥᠯᠥᠨ ᠪᠣᠶ᠋ᠢᠷ᠎ᠤᠨ 《ᠴᠠᠡᠭ ᠵᠸᠡᠭ》 ᠡᠷᠡᠭᠦᠯᠵᠢᠯ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠨᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 5 ᠲᠠᠰ᠎ᠤᠨ ᠦᠨᠡᠯᠡᠯᠳᠡ ᠵᠢ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ  ᠴᠢᠨᠠᠷᠯᠢᠭ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠪᠤᠯᠪᠠ᠃ ᠠᠷᠤᠨ ᠬᠣᠰᠢᠭᠤᠨ᠎ᠤ ᠰᠢᠨ ᠹᠠ ᠰᠢᠶᠠᠩ᠎ᠤᠨ 《ᠹᠦ᠋ ᠬᠣᠶ》 ᠨᠠᠰᠤᠳᠠᠢ᠌ᠴᠤᠳ᠎ᠲᠤ ᠦᠢ᠍ᠯᠡᠴᠢᠯᠡᠬᠦ ᠥᠷᠲᠡᠭᠡ ᠪᠣᠯ ᠪᠥᠬᠥ ᠣᠷᠣᠨ᠎ᠤ ᠴᠣᠷ᠎ᠤᠨ ᠭᠠᠭᠴᠠ 《5A》 ᠲᠠᠰ᠎ᠤᠨ ᠭᠡᠷ᠎ᠲᠤ᠎ᠪᠠᠨ ᠠᠰᠠᠷᠠᠭᠤᠯᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ  ᠪᠤᠯᠪᠠ᠃ ᠬᠥᠯᠥᠨ ᠪᠣᠶ᠋ᠢᠷ ᠬᠣᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ》 ᠵᠶ᠋ᠠᠷ ᠦᠨᠡᠯᠡᠭᠳᠡᠪᠡ᠃ ᠬᠥᠯᠥᠨ ᠪᠣᠶ᠋ᠢᠷ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠪᠣᠳᠠᠲᠠᠢ ᠪᠣᠯᠪᠠᠰᠤᠷᠠᠯ᠎ᠤᠨ ᠰᠠᠭᠤᠷᠢᠨ ᠭᠠᠵᠠᠷ》 ᠵᠶ᠋ᠠᠷ ᠦᠨᠡᠯᠡᠭᠳᠡᠪᠡ᠃
    ᠠᠯᠢ ᠣᠯᠠᠨ ᠢᠷᠠᠭᠤ ᠠᠯᠳᠠᠷ᠎ᠨᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠮᠡᠳᠡᠷᠡᠮᠵᠢ ᠵᠢ ᠲᠤᠢ᠌ᠯ ᠵᠶ᠋ᠡᠷ ᠲᠡᠭᠡᠭᠡᠰᠢᠯᠡᠬᠦᠯᠦᠭᠰᠡᠨ ᠵᠶ᠋ᠡᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠳᠠᠳ ᠲᠤᠰᠬᠠᠢ ᠮᠡᠷᠭᠡᠵᠢᠯ᠎ᠤᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠵᠢ ᠠᠶᠠᠨᠳᠠᠭ᠋ᠠᠨ ᠱᠠᠭ᠋ᠠᠷᠳᠠᠬᠤ ᠲᠠᠨᠢᠯᠳᠠ᠎ᠲᠠᠢ ᠪᠤᠯᠤᠬᠰᠠᠨ ᠪᠦᠬᠡᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠳᠤ ᠡᠷᠡᠮᠡᠯᠵᠡᠯ ᠤᠯᠭᠤᠭ᠋ᠠᠳ ᠬᠥᠯᠥᠨ ᠪᠣᠶ᠋ᠢᠷ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠦᠷᠭᠦᠯᠵᠢᠯᠡᠨ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠤᠬᠰᠠᠨ ᠪᠠᠢ᠌ᠨ᠎ᠠ᠃

 
 
 


   



ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠣᠯ ᠠᠢ᠌ᠮᠠᠭ᠎ᠤᠨ᠎ᠬᠢᠨ ᠮᠠᠳᠠᠭ᠎ᠲᠠᠢ ᠲᠣᠭ᠎ᠠ ᠪᠠᠷᠢᠮᠲᠠ ᠵᠢᠨ ᠬᠠᠷᠭᠤᠭᠤᠯᠤᠯᠳᠠ ᠵᠢᠨ ᠮᠠᠳᠠᠭ᠎ᠢ ᠤᠯᠠᠨ ᠠᠷᠭ᠎ᠠ᠎ᠪᠠᠷ ᠪᠦᠳᠤᠮᠵᠢᠳᠡᠢ ᠪᠠᠭᠤᠷᠠᠭᠤᠯᠪᠠ
ᠬᠥᠬᠡᠬᠣᠲᠠ ᠵᠢᠨ ᠬᠣᠲᠣᠩᠴᠤᠳ᠎ᠤᠨ ᠲᠣᠭᠣᠷᠢᠭ᠎ᠤᠨ᠎ᠬᠢᠨ 《ᠦᠰᠦᠨ ᠪᠤᠢ᠌ᠵᠢᠯᠳᠠ᠎ᠳᠤ᠎ᠨᠢ ᠬᠠᠨᠢ ᠪᠤᠯᠵᠤ ᠬᠦᠰᠡᠯ᠎ᠢ᠎ᠨᠢ ᠲᠡᠷᠭᠡᠯᠰᠢᠭᠦᠯᠬᠦ ᠠᠶᠠᠨ᠎ᠤ ᠭᠠᠷᠤᠭ᠎ᠠ》 ᠨᠡᠶ᠋ᠢᠲᠡ ᠵᠢᠨ ᠠᠰᠠᠷᠠᠮᠵᠢ ᠵᠢᠨ ᠲᠦᠷᠦᠯ ᠵᠦᠢ᠍ᠯ᠎ᠢ ᠡᠬᠢᠯᠡᠬᠦᠯᠪᠡ
ᠤᠯᠠᠭ᠋ᠠᠨᠬᠠᠳᠠ ᠬᠣᠲᠠ ᠵᠢᠨ᠎ᠬᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠦᠬᠡᠷᠡᠴᠢᠯᠡᠯᠳᠡ ᠵᠢ ᠬᠦᠨᠵᠡᠬᠡᠢ᠌ᠷᠡᠬᠦᠯᠵᠤ ᠪᠠᠢ᠌ᠨ᠎ᠠ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠯᠬᠠᠪᠴᠢ》 ᠬᠠᠡᠭᠭ᠋ᠠᠵᠤ ᠪᠠᠢ᠌ᠨ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠣᠯᠪᠠᠰᠤᠷᠠᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠪᠡ
ᠤᠯᠠᠭ᠋ᠠᠨᠴᠠᠪ ᠬᠤᠳᠠ ᠵᠢᠨ᠎ᠬᠢᠨ ᠵᠠᠰᠠᠭ ᠎ᠤᠨ ᠣᠷᠳᠣᠨ ᠪᠠ ᠨᠢᠭᠦᠯᠡᠰᠦᠩᠭᠦᠶ ᠵᠢᠨ ᠳᠡᠳᠬᠦᠮᠵᠢ ᠵᠢ ᠪᠦᠲᠦᠮᠵᠢᠲᠡᠢ ᠵᠤᠯᠭ᠋ᠠᠭᠤᠯᠤᠨ ᠠᠭᠢᠭᠤᠯᠵᠤ ᠠᠷᠠᠳ᠎ᠢ ᠳᠡᠳᠬᠦᠪᠡ
 
            