ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠰᠢᠯᠢ ᠵᠢᠨ ᠭᠣᠣᠯ ᠠᠢ᠌ᠮᠠᠭ᠎ᠤᠨ᠎ᠬᠢᠨ ᠮᠠᠳᠠᠭ᠎ᠲᠠᠢ ᠲᠣᠭ᠎ᠠ ᠪᠠᠷᠢᠮᠲᠠ ᠵᠢᠨ ᠬᠠᠷᠭᠤᠭᠤᠯᠤᠯᠳᠠ ᠵᠢᠨ ᠮᠠᠳᠠᠭ᠎ᠢ ᠤᠯᠠᠨ ᠠᠷᠭ᠎ᠠ᠎ᠪᠠᠷ ᠪᠦᠳᠤᠮᠵᠢᠳᠡᠢ ᠪᠠᠭᠤᠷᠠᠭᠤᠯᠪᠠ
ᠨᠡᠶᠢᠲᠡᠯᠡᠭᠰᠡᠨ ᠴᠠᠭ᠄ 2024-12-05

    ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠤ ᠵᠢᠯ ᠬᠦᠴᠦᠲᠡᠢ ᠠᠷᠭ᠎ᠠ᠎ᠪᠠᠷ ᠮᠠᠳᠠᠭ᠎ᠲᠠᠢ ᠲᠣᠭ᠎ᠠ ᠪᠠᠷᠢᠮᠲᠠ ᠵᠢ ᠳᠠᠬᠢᠨ ᠬᠢᠨᠠᠬᠤ ᠡᠷᠴᠢᠮ ᠵᠶ᠋ᠡᠨ ᠴᠢᠩᠭ᠋ᠠᠷᠠᠭᠤᠯᠤᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠣᠭᠰᠠᠨ ᠪᠠᠢ᠌ᠨ᠎ᠠ᠃ ᠣᠲᠣ ᠪᠣᠯᠲᠠᠯ᠎ᠠ ᠣᠷᠣᠨ᠎ᠤ ᠲᠠᠰ᠎ᠤᠨ ᠬᠠᠷᠭᠤᠭᠤᠯᠬᠤ ᠰᠢᠰᠲ᠋ᠧᠮ᠎ᠤᠨ ᠪᠠᠭᠤᠯᠭ᠋ᠠᠭᠰᠠᠨ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠴᠢ ᠪᠠ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠢ᠌ᠭ᠎ᠠ ᠬᠥᠮᠥᠰ᠎ᠤᠨ ᠮᠠᠳᠠᠭ᠎ᠲᠠᠢ ᠲᠣᠭ᠎ᠠ ᠪᠠᠷᠢᠮᠲᠠ 2870 ᠪᠠᠢ᠌ᠵᠤ ᠲᠦᠷᠦᠭᠦᠸ᠋ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 5145 ᠪᠠᠭᠤᠷᠠᠭ᠋ᠠᠳ ᠪᠠᠭᠣᠷᠠᠯᠳᠠ ᠵᠢᠨ ᠨᠤᠷᠮ᠎ᠠ 64.2%᠎ᠳᠤ ᠬᠦᠷᠴᠡᠢ᠃


ᠤᠬᠠᠭᠤᠯᠭ᠎ᠠ ᠵᠢᠨ ᠪᠣᠯᠪᠠᠰᠤᠷᠠᠯ᠎ᠢ  ᠴᠢᠡᠭᠭ᠋ᠠᠳᠬᠠᠪᠠ


   ᠨᠡᠢ᠌ᠭᠡᠮ᠎ᠤᠨ  ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠥᠷᠭᠡᠨ ᠵᠶ᠋ᠡᠷ ᠤᠬᠠᠭᠤᠯᠤᠭ᠋ᠠᠳ  ᠲᠤᠰᠠᠯᠠᠮᠵᠢ ᠵᠢᠨ ᠨᠥᠬᠥᠴᠡᠯ ᠪᠠ ᠭᠤᠶᠤᠴᠢᠯᠠᠬᠤ ᠠᠯᠬᠤᠮ ᠳᠠᠷᠠᠭ᠎ᠠ ᠵᠢ ᠣᠯᠠᠨ ᠲᠦᠮᠡᠨ᠎ᠳᠤ ᠣᠢ᠌ᠯᠠᠭ᠋ᠠᠭᠤᠯᠵᠤ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ  ᠪᠣᠯᠤᠭᠰᠠᠨ ᠵᠶ᠋ᠡᠷ ᠪᠤᠷᠤᠭᠤ ᠮᠡᠳᠡᠭᠦᠯᠦᠯᠲᠡ ᠵᠢ ᠪᠠᠭ᠋ᠠᠰᠬᠠᠨ᠂ ᠡᠯ᠎ᠡ ᠲᠥᠷᠥᠯ᠎ᠤᠨ ᠤᠬᠠᠭᠤᠯᠭ᠎ᠠ ᠵᠢᠨ ᠳᠡᠪᠲᠡᠷ᠎ᠢ 2 ᠲᠦᠮᠡ ᠭᠠᠷᠤᠢ ᠲᠠᠷᠬᠠᠭ᠋ᠠᠵᠤ᠂ ᠨᠡᠢ᠌ᠭᠡᠮ᠎ᠤᠨ ᠲᠤᠰᠠᠯᠠᠮᠵᠢ ᠵᠢᠨ ᠲᠣᠳᠣᠷᠬᠠᠢ ᠺᠠᠷᠲ᠎ᠢ 7 ᠲᠦᠮᠡ ᠭᠠᠷᠤᠢ ᠦᠢ᠍ᠯᠡᠳᠦᠨ ᠲᠠᠷᠬᠠᠭ᠋ᠠᠵᠠᠢ᠃ ᠠᠢ᠌ᠮᠠᠭ᠎ᠤᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ 2 ᠤᠳᠠᠭ᠎ᠠ ᠵᠣᠬᠢᠶᠠᠨ ᠪᠠᠢ᠌ᠭᠤᠯᠵᠤ᠂ ᠦᠨᠳᠦᠰᠦᠨ ᠱᠠᠲᠤᠨ᠎ᠤ ᠠᠵᠢᠯᠲᠠᠨ᠎ᠤ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠪᠠ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠂ ᠬᠦᠮᠦᠷᠬᠡ᠎ᠳᠤ ᠤᠷᠤᠭᠤᠯᠤᠬᠰᠠᠨ ᠲᠣᠭ᠎ᠠ ᠪᠠᠷᠢᠮᠲᠠ ᠵᠢᠨ ᠤᠨᠤᠪᠴᠢ ᠵᠢ ᠪᠠᠳᠤᠯᠠᠪᠠ᠃


ᠬᠥᠳᠡᠯᠦᠩᠭᠦᠢ ᠬᠠᠮᠢᠶᠠᠷᠤᠯᠲᠠ ᠵᠢ ᠴᠢᠡᠭᠭ᠋ᠠᠳᠬᠠᠪᠠ


   ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠬᠥᠮᠥᠰ᠎ᠢ ᠳᠠᠬᠢᠨ ᠬᠢᠨᠠᠬᠤ ᠠᠵᠢᠯ᠎ᠢ ᠬᠢᠨᠠᠮᠠᠭ᠋ᠠᠢ ᠥᠷᠨᠢᠭᠦᠯᠵᠦ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠬᠥᠮᠥᠰ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠴᠠᠭ ᠲᠤᠬᠠᠢ᠎ᠳᠤ᠎ᠨᠢ ᠡᠵᠡᠮᠰᠢᠨ᠂ ᠬᠥᠳᠡᠯᠦᠩᠭᠦᠢ ᠬᠠᠮᠢᠶᠠᠷᠤᠯᠲᠠ ᠵᠢᠨ ᠳᠣᠣᠷ᠎ᠠ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠬᠡᠷᠡᠭᠵᠢᠭᠦᠯᠵᠦ᠂ ᠣᠨᠴᠠ ᠬᠦᠴᠢᠷᠳᠡᠯ᠎ᠲᠠᠢ ᠬᠥᠮᠥᠰ᠎ᠢ ᠲᠤᠰᠠᠯᠠᠮᠵᠢ᠎ᠳᠤ ᠤᠷᠤᠭᠤᠯᠬᠤ ᠪᠠ ᠲᠤᠰᠠᠯᠠᠮᠵᠢ᠎ᠠᠴᠠ ᠭᠠᠷᠭ᠋ᠠᠬᠤ ᠲᠦᠷᠤ ᠵᠢᠨ ᠪᠤᠳᠤᠯᠭ᠎ᠠ ᠵᠢ ᠬᠡᠷᠡᠭᠵᠢᠬᠦᠯᠪᠡ᠃ ᠣᠲᠣ ᠪᠣᠯᠲᠠᠯ᠎ᠠ ᠪᠥᠬᠥ ᠠᠢ᠌ᠮᠠᠭ᠎ᠤᠨ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠠᠵᠢᠯ᠎ᠳᠤ 10004 ᠬᠥᠮᠥᠨ᠎ᠳᠤ ᠬᠥᠳᠡᠯᠦᠩᠭᠦᠢ ᠲᠣᠬᠢᠷᠠᠭᠤᠯᠤᠯᠲᠠ ᠬᠢᠪᠡ᠂ ᠡᠭᠦᠨ᠎ᠳᠤ 5410 ᠬᠥᠮᠥᠨ ᠰᠢᠨ᠎ᠡ᠎ᠪᠠᠷ ᠨᠡᠮᠡᠭᠳᠡᠵᠦ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠎ᠠᠴᠠ 4594 ᠬᠥᠮᠥᠨ᠎ᠢ ᠭᠠᠷᠭ᠋ᠠᠪᠠ᠃ ᠬᠤᠳᠠ ᠬᠥᠳᠡᠭᠡ ᠵᠢᠨ ᠣᠨᠴᠠ ᠬᠦᠴᠢᠷᠳᠡᠯ᠎ᠲᠠᠢ 478 ᠬᠥᠮᠥᠨ᠎ᠢ ᠬᠥᠳᠡᠯᠦᠩᠭᠦᠢ᠎ᠪᠠᠷ ᠲᠤᠬᠢᠷᠠᠭᠤᠯᠤᠬᠰᠠᠨ᠎ᠤ ᠳᠣᠲᠣᠷ᠎ᠠ 289 ᠬᠥᠮᠥᠨ ᠰᠢᠨ᠎ᠡ᠎ᠪᠠᠷ ᠨᠡᠮᠡᠭᠳᠡᠵᠦ᠂ 189 ᠬᠥᠮᠥᠨ ᠬᠠᠰᠤᠭᠳᠠᠪᠠ᠃


ᠰᠠᠯᠠᠭ᠎ᠠ ᠮᠥᠴᠢᠷ᠎ᠤᠨ ᠬᠠᠮᠵᠢᠯᠴᠠᠭ᠎ᠠ ᠬᠠᠮᠲᠤᠷᠠᠯᠴᠠᠭ᠎ᠠ ᠵᠢ  ᠴᠢᠡᠭᠭ᠋ᠠᠳᠬᠠᠪᠠ


   ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮ ᠡᠮᠨᠡᠯᠭᠡ ᠵᠢᠨ ᠳᠠᠭ᠋ᠠᠳᠬᠠᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠬᠦᠨᠳᠦ ᠡᠪᠡᠳᠴᠢᠲᠡᠨ᠂ ᠨᠤᠴᠢᠳᠠᠢ ᠵᠡᠮᠳᠡᠭᠴᠤᠳ᠎ᠤᠨ ᠲᠣᠭ᠎ᠠ ᠪᠠᠷᠢᠮᠲᠠ ᠵᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠯᠦᠭᠡ ᠴᠠᠭ ᠲᠤᠬᠠᠢ᠎ᠳᠤ᠎ᠨᠢ ᠬᠠᠮᠳᠤ᠎ᠪᠠᠷ ᠡᠳ᠋ᠯᠡᠬᠦ ᠵᠢ ᠠᠬᠢᠭᠤᠯᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠯᠦᠭᠡ ᠬᠠᠷᠢᠴᠠᠭᠤᠯᠤᠨ ᠵᠠᠳᠠᠯᠤᠯᠲᠠ ᠬᠢᠵᠦ᠂ ᠣᠷᠣᠯᠭ᠍ ᠪᠠᠭ᠎ᠠ ᠬᠦᠮᠦᠰ᠎ᠤᠨ  ᠠᠵᠢᠯ ᠣᠯᠣᠭᠰᠠᠨ ᠪᠠᠢ᠌ᠳᠠᠯ᠂ ᠭᠡᠷ ᠪᠦᠯᠢ ᠵᠢᠨ ᠵᠠᠷᠤᠯᠭ᠎ᠠ᠂ ᠬᠦᠴᠢᠷᠳᠡᠯᠲᠡᠢ ᠪᠠᠢ᠌ᠳᠠᠯ ᠵᠡᠷᠭᠡ ᠬᠤᠪᠢᠷᠠᠯᠲᠠ ᠵᠢᠨ ᠪᠠᠢ᠌ᠳᠠᠯ᠎ᠢ ᠬᠥᠳᠡᠯᠦᠩᠭᠦᠢ᠎ᠪᠠᠷ ᠡᠵᠡᠮᠰᠢᠪᠡ᠃ ᠣᠲᠣ ᠪᠣᠯᠲᠠᠯ᠎ᠠ ᠨᠡᠢ᠌ᠭᠡᠮ᠎ᠤᠨ ᠲᠤᠰᠠᠯᠠᠮᠵᠢ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ   85 ᠲᠦᠮᠡᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠬᠦᠷᠭᠡᠭᠰᠡᠨ ᠪᠠᠢ᠌ᠨ᠎ᠠ᠃


ᠬᠢᠨᠠᠯᠲᠠ ᠲᠠᠯᠪᠢᠬᠤ ᠲᠣᠭᠲᠠᠴᠠ ᠵᠢ ᠦᠷᠭᠦᠯᠵᠢᠯᠡᠨ ᠨᠠᠢ᠌ᠳᠠᠪᠤᠷᠢᠵᠢᠭᠤᠯᠪᠠ


   ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠠᠷᠭᠤᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠨᠡᠢ᠌ᠭᠡᠮ᠎ᠤᠨ ᠲᠤᠰᠠᠯᠠᠮᠵᠢ ᠵᠢ ᠬᠦᠷᠳᠡᠵᠤ ᠪᠠᠢ᠌ᠭ᠎ᠠ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠠᠵᠢᠯ᠎ᠢ ᠬᠢᠨᠠᠮᠠᠭ᠋ᠠᠢ ᠥᠷᠨᠢᠭᠦᠯᠵᠦ ᠢᠨᠲ᠋ᠧᠷ ᠰᠦᠯᠵᠢᠶ᠎ᠡ᠂ ᠭᠠᠷ ᠤᠲᠠᠰᠤᠨ᠎ᠤ ᠸᠢᠳᠢᠤ᠋᠎ᠪᠠᠷ ᠰᠢᠯᠭ᠋ᠠᠨ ᠪᠠᠲᠤᠯᠠᠬᠤ ᠵᠡᠷᠭᠡ ᠠᠷᠭ᠎ᠠ ᠎ᠪᠠᠷ ᠮᠠᠳᠠᠭ᠎ᠲᠠᠢ ᠵᠦᠢ᠍ᠯ᠎ᠤᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠠᠵᠢᠯ᠎ᠢ ᠥᠷᠨᠢᠭᠦᠯᠵᠦ᠂ ᠮᠠᠳᠠᠭ᠎ᠲᠠᠢ ᠵᠦᠢ᠍ᠯ᠎ᠤᠨ ᠲᠣᠭ᠎ᠠ ᠪᠠᠷᠢᠮᠲᠠ᠎ᠳᠤ ᠬᠣᠯᠪᠣᠭᠳᠠᠭᠰᠠᠨ ᠬᠥᠮᠥᠰ᠎ᠤᠨ ᠪᠠᠢ᠌ᠳᠠᠯ᠎ᠤᠨ ᠰᠠᠭᠤᠷᠢ ᠲᠣᠭ᠎ᠠ ᠲᠣᠳᠣᠷᠬᠠᠢ᠂ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ᠎ᠳᠤ  ᠠᠯᠳᠠᠰᠢ ᠭᠠᠷᠬᠤ ᠦᠬᠡᠢ ᠪᠠᠢ᠌ᠬᠤ ᠵᠢ ᠪᠠᠳᠤᠯᠠᠪᠠ ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ ᠨᠥᠬᠥᠴᠡᠯ᠎ᠳᠤ ᠨᠡᠢ᠌ᠴᠡᠭᠰᠡᠳ᠎ᠤᠨ ᠪᠠᠲᠤᠯᠠᠪᠠᠰᠤ ᠵᠣᠬᠢᠬᠤ ᠵᠢ᠎ᠨᠢ ᠴᠥᠮ ᠪᠠᠲᠤᠯᠠᠵᠤ᠂ ᠪᠠᠢ᠌ᠳᠠᠯ᠎ᠢ ᠴᠠᠭ ᠲᠤᠬᠠᠢ᠎ᠳᠤ᠎ᠨᠢ ᠡᠵᠡᠮᠰᠢᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠥᠳᠡᠯᠦᠩᠭᠦᠢ᠎ᠪᠠᠷ ᠬᠢᠨᠠᠨ ᠬᠡᠮᠵᠢᠬᠦ ᠵᠢ ᠰᠠᠢ᠌ᠲᠤᠷ ᠬᠢᠵᠡᠢ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ   ᠲᠤᠰᠠᠯᠠᠵᠤ ᠠᠰᠠᠷᠠᠨ ᠲᠡᠵᠢᠭᠡᠬᠦ ᠨᠥᠬᠥᠴᠡᠯ᠎ᠳᠤ ᠨᠡᠢ᠌ᠴᠡᠬᠦ ᠦᠭᠡᠢ ᠡᠲᠡᠭᠡᠳ᠎ᠢ ᠴᠠᠭ ᠲᠤᠬᠠᠢ᠎ᠳᠤ᠎ᠨᠢ ᠢᠯᠭ᠋ᠠᠷᠠᠭᠤᠯᠤᠨ ᠪᠤᠴᠠᠭ᠋ᠠᠬᠤ ᠵᠢᠨ ᠬᠠᠮᠲᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ᠂ 《ᠡᠭᠡᠭᠡ ᠠᠳᠠᠯᠢ ᠪᠠᠢ᠌ᠯᠭ᠋ᠠᠬᠤ》 ᠠᠷᠭ᠎ᠠ ᠵᠢ ᠴᠢᠩᠭ᠎ᠠ ᠬᠤᠷᠢᠭᠯᠠᠨ   ᠬᠢᠨᠠᠨ ᠬᠠᠷᠭᠤᠭᠤᠯᠬᠤ ᠵᠢ ᠳᠠᠮᠵᠢᠬᠤ ᠦᠭᠡᠢ᠎ᠪᠠᠷ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ᠎ᠤᠨ ᠪᠠᠲᠤᠯᠠᠭ᠎ᠠ ᠵᠢᠨ ᠬᠠᠷᠠᠭ᠋ᠠᠯᠵᠠᠯ᠎ᠢ ᠵᠤᠬᠰᠤᠭ᠋ᠠᠪᠠ᠃ ᠣᠲᠣ ᠪᠣᠯᠲᠠᠯ᠎ᠠ ᠮᠠᠳᠠᠭ᠎ᠲᠠᠢ 2870 ᠲᠣᠭ᠎ᠠ ᠪᠠᠷᠢᠮᠲᠠ ᠵᠢ ᠬᠠᠷᠭᠤᠭᠤᠯᠤᠭ᠋ᠠᠳ ᠪᠠᠷᠢᠮᠵᠢᠶ᠎ᠠ᠎ᠳᠤ ᠨᠡᠢ᠌ᠴᠡᠬᠦ ᠦᠭᠡᠢ 1065᠎ᠢ ᠪᠤᠴᠠᠭ᠋ᠠᠵᠤ᠂ ᠪᠠᠷᠢᠮᠵᠢᠶ᠎ᠠ᠎ᠳᠤ ᠨᠡᠢ᠌ᠴᠡᠵᠦ 1805 ᠬᠦᠮᠦᠰ᠎ᠤᠨ ᠪᠠᠳᠤᠯᠠᠭ᠎ᠠ ᠵᠢᠨ ᠬᠠᠷᠠᠭ᠋ᠠᠯᠵᠠᠯ᠎ᠢ  ᠦᠷᠭᠦᠯᠵᠢᠯᠡᠨ ᠪᠠᠲᠤᠯᠠᠪᠠ᠃


 




   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠬᠣᠲᠣᠩᠴᠤᠳ᠎ᠤᠨ ᠲᠣᠭᠣᠷᠢᠭ᠎ᠤᠨ᠎ᠬᠢᠨ 《ᠦᠰᠦᠨ ᠪᠤᠢ᠌ᠵᠢᠯᠳᠠ᠎ᠳᠤ᠎ᠨᠢ ᠬᠠᠨᠢ ᠪᠤᠯᠵᠤ ᠬᠦᠰᠡᠯ᠎ᠢ᠎ᠨᠢ ᠲᠡᠷᠭᠡᠯᠰᠢᠭᠦᠯᠬᠦ ᠠᠶᠠᠨ᠎ᠤ ᠭᠠᠷᠤᠭ᠎ᠠ》 ᠨᠡᠶ᠋ᠢᠲᠡ ᠵᠢᠨ ᠠᠰᠠᠷᠠᠮᠵᠢ ᠵᠢᠨ ᠲᠦᠷᠦᠯ ᠵᠦᠢ᠍ᠯ᠎ᠢ ᠡᠬᠢᠯᠡᠬᠦᠯᠪᠡ
ᠤᠯᠠᠭ᠋ᠠᠨᠬᠠᠳᠠ ᠬᠣᠲᠠ ᠵᠢᠨ᠎ᠬᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠦᠬᠡᠷᠡᠴᠢᠯᠡᠯᠳᠡ ᠵᠢ ᠬᠦᠨᠵᠡᠬᠡᠢ᠌ᠷᠡᠬᠦᠯᠵᠤ ᠪᠠᠢ᠌ᠨ᠎ᠠ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠯᠬᠠᠪᠴᠢ》 ᠬᠠᠡᠭᠭ᠋ᠠᠵᠤ ᠪᠠᠢ᠌ᠨ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠣᠯᠪᠠᠰᠤᠷᠠᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠪᠡ
ᠤᠯᠠᠭ᠋ᠠᠨᠴᠠᠪ ᠬᠤᠳᠠ ᠵᠢᠨ᠎ᠬᠢᠨ ᠵᠠᠰᠠᠭ ᠎ᠤᠨ ᠣᠷᠳᠣᠨ ᠪᠠ ᠨᠢᠭᠦᠯᠡᠰᠦᠩᠭᠦᠶ ᠵᠢᠨ ᠳᠡᠳᠬᠦᠮᠵᠢ ᠵᠢ ᠪᠦᠲᠦᠮᠵᠢᠲᠡᠢ ᠵᠤᠯᠭ᠋ᠠᠭᠤᠯᠤᠨ ᠠᠭᠢᠭᠤᠯᠵᠤ ᠠᠷᠠᠳ᠎ᠢ ᠳᠡᠳᠬᠦᠪᠡ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠪᠦᠷᠢᠨ᠂ ᠤᠨᠤᠪᠴᠢᠲᠠᠢ᠂ ᠪᠤᠳᠠᠲᠠᠢ》 ᠠᠷᠭ᠎ᠠ ᠎ᠪᠠᠷ ᠵᠠᠮ᠎ᠤᠨ ᠮᠡᠳᠡᠭᠡ ᠵᠠᠩᠭᠢ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠲᠦᠷᠬᠡᠳᠬᠡᠵᠤ ᠪᠠᠢ᠌ᠨ᠎ᠠ
 
            