ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠪᠦᠲᠦᠮᠵᠢᠲᠡᠶ ᠵᠣᠯᠭ᠋ᠠᠭᠤᠯᠬᠤ ᠠᠵᠢᠯ᠎ᠢ ᠤᠯᠠᠮ ᠠᠬᠢᠭᠤᠯᠬᠤ ᠵᠢᠨ ᠲᠥᠯᠥᠭᠡ ᠬᠥᠬᠡᠬᠣᠲᠠ ᠵᠢᠨ ᠬᠤᠳᠤᠡᠭᠴᠤᠳ᠎ᠤᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠯᠠᠨ ᠲᠦᠮᠡᠨ᠎ᠤ ᠬᠦᠴᠢᠷ ᠲᠦᠪᠡᠭᠲᠡᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠰᠠᠯᠠᠮᠵᠢ ᠵᠢᠨ ᠨᠠᠷᠢᠨ ᠲᠠᠩᠰᠠ ᠵᠢᠨ ᠳᠦᠷᠢᠮ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠬᠦᠴᠢᠷᠳᠡᠯᠲᠡᠢ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠵᠤ᠂ ᠨᠢᠭᠦᠯᠡᠰᠦᠩᠭᠦᠢ ᠵᠢᠨ ᠡᠬᠢ ᠪᠠᠶᠠᠯᠢᠭ᠎ᠢ ᠢᠳᠡᠪᠬᠢᠲᠡᠢ᠎ᠪᠠᠷ ᠲᠡᠮᠡᠴᠡᠨ ᠤᠯᠤᠭ᠋ᠠᠳ ᠨᠢᠭᠦᠯᠡᠰᠦᠩᠭᠦᠢ ᠵᠢᠨ ᠬᠦᠴᠦᠨ᠎ᠢ ᠬᠡᠷᠡᠭᠯᠡᠨ ᠣᠯᠠᠨ ᠲᠦᠮᠡᠨ᠎ᠤ 《ᠦᠴᠤᠬᠡᠨ ᠲᠦᠪᠡᠭ》᠎ᠢ ᠰᠢᠢ᠍ᠳᠪᠦᠷᠢᠯᠡᠬᠦ ᠵᠢ ᠰᠦᠪᠡᠭᠴᠢᠯᠡᠵᠦ᠂ 《 ᠨᠢᠬᠦᠯᠡᠰᠤᠡᠭᠬᠦᠢ ᠵᠢᠨ ᠲᠡᠳᠬᠦᠮᠵᠢ ᠭᠠᠵᠠᠷ ᠪᠤᠯᠭ᠋ᠠᠨ᠎ᠳᠤ᠂ ᠬᠦᠮᠦᠨ ᠪᠤᠯᠭ᠋ᠠᠨ᠎ᠳᠤ ᠴᠠᠭ ᠢᠮᠠᠬᠳᠠ ᠪᠠᠢ᠌ᠬᠤ 》 ᠰᠢᠨ᠎ᠡ ᠪᠠᠢ᠌ᠷᠢᠰᠢᠯ᠎ᠢ ᠴᠢᠷᠮᠠᠢ᠌ᠨ ᠪᠣᠶ ᠪᠣᠯᠭ᠋ᠠᠪᠠ᠃
ᠬᠣᠲᠣᠩᠴᠤᠳ᠎ᠤᠨ ᠲᠣᠭᠣᠷᠢᠭ᠎ᠤᠨ᠎ᠬᠢᠨ ᠤᠷᠴᠢᠮ᠎ᠳᠤ 《ᠦᠰᠦᠨ ᠪᠤᠢ᠌ᠵᠢᠯᠳᠠ᠎ᠳᠤ᠎ᠨᠢ ᠬᠠᠨᠢ ᠪᠤᠯᠵᠤ ᠬᠦᠰᠡᠯ᠎ᠢ᠎ᠨᠢ ᠲᠡᠷᠭᠡᠯᠰᠢᠭᠦᠯᠬᠦ ᠠᠶᠠᠨ᠎ᠤ ᠭᠠᠷᠤᠭ᠎ᠠ》ᠲᠦᠷᠦᠯ ᠵᠦᠢ᠍ᠯ᠎ᠤᠨ ᠡᠬᠢᠯᠡᠯᠲᠡ ᠵᠢᠨ ᠶᠣᠰᠣᠯᠠᠯ ᠬᠣᠲᠣᠩᠴᠤᠳ᠎ᠤᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠢᠯᠤᠭᠣᠳᠬᠤ ᠲᠥᠪ᠎ᠲᠤ ᠡᠬᠢᠯᠡᠪᠡ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠥᠮᠥᠯᠢᠭ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ MSW ᠰᠤᠷᠭ᠋ᠠᠨ ᠬᠥᠮᠦᠵᠢᠯ᠎ᠤᠨ ᠲᠥᠪ᠂ ᠥᠪᠥᠷ ᠮᠣᠩᠭᠣᠯ᠎ᠤᠨ 《ᠵᠢᠦᠢ ᠯᠢ》 ᠨᠡᠶ᠋ᠢᠲᠡ ᠵᠢᠨ ᠠᠰᠠᠷᠠᠮᠵᠢ ᠵᠢᠨ ᠬᠣᠯᠪᠣᠭ᠋ᠠᠲᠤ ᠬᠤᠷᠠᠯ᠂ ᠥᠪᠥᠷ ᠮᠣᠩᠭᠣᠯ᠎ᠤᠨ 《ᠢ ᠮᠢᠨ》 ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢᠨ ᠦᠢ᠍ᠯᠡᠴᠢᠯᠡᠭᠡᠨ᠎ᠤ ᠲᠥᠪ᠂ ᠬᠥᠬᠡᠬᠣᠲᠠ ᠵᠢᠨ 《ᠯᠢ ᠰᠢᠨ》 ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠠ ᠲᠡᠳᠬᠦᠮᠵᠢ ᠬᠦᠷᠳᠡᠭᠰᠡᠨ 24 ᠭᠡᠷ ᠪᠦᠯᠢ ᠵᠢᠨ ᠲᠥᠯᠥᠭᠡᠯᠡᠭᠴᠢ ᠣᠷᠣᠯᠴᠠᠵᠠᠢ᠃ ᠡᠬᠢᠯᠡᠯᠲᠡ ᠵᠢᠨ ᠶᠣᠰᠣᠯᠠᠯ ᠳᠡᠭᠡᠷ᠎ᠡ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠤᠯᠠᠭ᠋ᠠᠨ ᠨᠡᠷᠡᠨ ᠨᠡᠶ᠋ᠢᠲᠡ ᠵᠢᠨ ᠠᠰᠠᠷᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ ᠣᠯᠠᠨ ᠲᠦᠮᠡᠨ᠎ᠳᠤ 20 ᠲᠦᠮᠡᠨ ᠲᠥᠭᠥᠷᠢᠭ᠎ᠤᠨ ᠪᠡᠯᠡ ᠮᠥᠩᠭᠥ ᠬᠠᠨᠳᠢᠪᠯᠡᠭ᠍ᠰᠠᠨ ᠪᠥᠭᠡᠳ ᠲᠡᠳᠬᠦᠮᠵᠢ ᠬᠦᠷᠳᠡᠭᠰᠡᠳ᠎ᠤᠨ ᠲᠥᠯᠥᠭᠡᠯᠡᠭᠴᠢᠳ᠎ᠲᠤ ᠲᠣᠬᠣᠨᠢᠭᠤᠯᠬᠤ ᠪᠣᠳᠠᠰ ᠲᠠᠷᠬᠠᠭ᠋ᠠᠭᠰᠠᠨ ᠪᠠᠢ᠌ᠨ᠎ᠠ᠃
《ᠦᠰᠦᠨ ᠪᠤᠢ᠌ᠵᠢᠯᠳᠠ᠎ᠳᠤ᠎ᠨᠢ ᠬᠠᠨᠢ ᠪᠤᠯᠵᠤ ᠬᠦᠰᠡᠯ᠎ᠢ᠎ᠨᠢ ᠲᠡᠷᠭᠡᠯᠰᠢᠭᠦᠯᠬᠦ ᠠᠶᠠᠨ᠎ᠤ ᠭᠠᠷᠤᠭ᠎ᠠ》 ᠨᠡᠶ᠋ᠢᠲᠡ ᠵᠢᠨ ᠠᠰᠠᠷᠠᠮᠵᠢ ᠵᠢᠨ ᠲᠦᠷᠦᠯ ᠵᠦᠢ᠍ᠯ᠎ᠳᠤ ᠭᠡᠷ᠎ᠤᠨ ᠠᠬᠠᠮᠠᠳ᠎ᠤᠨ ᠬᠢᠴᠢᠶᠡᠯ᠎ᠤᠨ ᠲᠢᠡᠭᠭᠢᠮ᠂ ᠵᠠᠯᠠᠭᠤᠴᠤᠳ ᠪᠠᠭ᠋ᠠᠴᠤᠳ᠎ᠤᠨ ᠰᠦᠷᠬᠡᠤ ᠵᠢ ᠡᠰᠡᠷᠭᠦᠴᠡᠬᠦ ᠬᠦᠴᠦᠨ᠎ᠢ ᠳᠡᠭᠡᠭᠰᠢᠯᠡᠭᠦᠯᠬᠦ ᠪᠠᠭᠤᠳᠠᠯ᠂ ᠰᠤᠷᠤᠯᠭ᠎ᠠ᠎ᠠᠴᠠ ᠬᠠᠯᠠᠰᠢᠷᠠᠬᠤ ᠵᠠᠯᠠᠭᠤᠴᠤᠳ ᠪᠠᠭ᠋ᠠᠴᠤᠳ ᠪᠠ ᠲᠡᠳᠡᠨ᠎ᠤ ᠭᠡᠷ ᠪᠦᠯᠢ ᠵᠢᠨ᠎ᠬᠢᠨ᠎ᠢ᠎ᠨᠢ ᠲᠡᠮᠵᠢᠬᠦ ᠵᠡᠷᠭᠡ ᠭᠤᠷᠪᠠᠨ ᠵᠦᠢ᠍ᠯ᠎ᠤᠨ ᠦᠢ᠍ᠯᠡᠴᠢᠯᠡᠭᠡ ᠪᠠᠬᠳᠠᠬᠤ ᠪᠦᠬᠡᠳ ᠬᠠᠨᠳᠤᠯᠭ᠎ᠠ᠎ᠲᠠᠢ ᠰᠢᠨ᠎ᠡ ᠰᠢᠷᠢᠰ ᠠᠵᠢᠯᠯᠠᠭ᠎ᠠ᠎ᠪᠠᠷ ᠬᠣᠲᠣᠩᠴᠤᠳ᠎ᠤᠨ ᠲᠣᠭᠣᠷᠢᠭ᠎ᠤᠨ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠬᠦᠴᠦᠨ ᠨᠡᠮᠡᠷᠢᠯᠡᠯ᠎ᠡ᠃
ᠬᠣᠲᠣᠩᠴᠤᠳ᠎ᠤᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠳᠠᠷᠠᠭ᠋ᠠᠴᠢ᠎ᠪᠠᠷ ᠡᠬᠢ ᠪᠠᠶᠠᠯᠢᠭ᠎ᠤᠨ 《ᠴᠥᠷᠬᠥᠯᠡᠭᠡ》 ᠪᠣᠯᠣᠨ《ᠴᠥᠭᠥᠷᠥᠮ》 ᠤᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠬᠦᠯᠤᠬᠡᠳ ᠤᠯᠠᠨ ᠡᠰᠢᠲᠦ ᠭᠣᠣᠯ ᠴᠣᠭᠴᠠ᠂ ᠤᠯᠠᠨ ᠲᠠᠯ᠎ᠠ ᠵᠢᠨ ᠬᠠᠮᠲᠤᠷᠠᠯᠴᠠᠭ᠎ᠠ᠎ᠪᠠᠷ ᠠᠷᠠᠳ᠎ᠤᠨ ᠠᠮᠢᠳᠤᠷᠠᠯ᠎ᠤᠨ ᠦᠨᠳᠤᠰᠤᠨ ᠪᠠᠳᠤᠯᠠᠭ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ ᠬᠦᠴᠢᠷᠳᠡᠯᠲᠡᠢ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠣᠯᠣᠨ ᠠᠮᠤᠷ ᠠᠮᠤᠭᠤᠯᠠᠡᠭ ᠲᠥᠷᠥᠭᠳᠡᠯ᠎ᠢ ᠳᠡᠭᠡᠭᠰᠢᠯᠡᠭᠦᠯᠵᠦ ᠬᠣᠲᠣᠩᠴᠤᠳ᠎ᠤᠨ ᠲᠣᠭᠣᠷᠢᠭ᠎ᠤᠨ ᠨᠢᠭᠦᠯᠡᠰᠦᠩᠭᠦᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠲᠠᠰᠤᠷᠠᠯᠳᠡ ᠦᠭᠡᠢ ᠠᠬᠢᠭᠤᠯᠬᠤ ᠪᠣᠯᠣᠨ᠎ᠠ᠃