ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠬᠠᠳᠠ ᠬᠣᠲᠠ ᠵᠢᠨ᠎ᠬᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠦᠬᠡᠷᠡᠴᠢᠯᠡᠯᠳᠡ ᠵᠢ ᠬᠦᠨᠵᠡᠬᠡᠢ᠌ᠷᠡᠬᠦᠯᠵᠤ ᠪᠠᠢ᠌ᠨ᠎ᠠ
ᠨᠡᠶᠢᠲᠡᠯᠡᠭᠰᠡᠨ ᠴᠠᠭ᠄ 2024-12-23

   ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠢ ᠵᠢᠨ ᠫᠢᠡᠭ ᠶᠡᠷᠤᠡᠭᠭᠡᠢ ᠱᠦᠵᠢ ᠵᠢᠨ  ᠨᠠᠰᠤᠵᠢᠯ᠎ᠤᠨ ᠦᠢ᠍ᠯᠡᠴᠢᠯᠡᠭᠡᠨ᠎ᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ  ᠲᠤᠭᠤᠰᠢᠯᠠᠭᠤᠯᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ 《ᠠᠷᠠᠳ᠎ᠤᠨ ᠠᠮᠢᠳᠤᠷᠠᠯ᠎ᠤᠨ ᠬᠦᠰᠡᠯ᠂ ᠠᠷᠠᠳ᠎ᠤᠨ ᠠᠮᠢᠳᠤᠷᠠᠯ᠎ᠤᠨ ᠬᠡᠷᠡᠭᠴᠡᠭᠡ᠂ ᠠᠷᠠᠳ᠎ᠤᠨ ᠠᠮᠢᠳᠤᠷᠠᠯ᠎ᠤᠨ ᠬᠠᠨᠳᠤᠰᠢ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠣᠢ᠌ᠯᠠᠭ᠋ᠠᠬᠤ ᠳᠡᠭᠡᠷ᠎ᠡ ᠬᠦᠴᠦ ᠲᠠᠯᠪᠢᠵᠤ ᠬᠥᠭᠵᠢᠯᠲᠡ ᠵᠢ ᠡᠷᠢᠯᠬᠢᠯᠡᠨ ᠥᠭᠡᠷᠡᠴᠢᠯᠡᠯᠲᠡ ᠵᠢ ᠠᠳᠬᠤᠬᠤ ᠴᠢᠳᠠᠪᠤᠷᠢ᠎ᠪᠠᠨ ᠴᠢᠷᠮᠠᠢ᠌ᠨ ᠲᠡᠭᠡᠭᠰᠢᠯᠡᠬᠦᠯᠤᠬᠡᠳ ᠨᠠᠰᠤᠵᠢᠯ᠎ᠤᠨ ᠠᠰᠠᠷᠠᠮᠵᠢ ᠵᠢᠨ ᠦᠢ᠍ᠯᠡᠰ ᠪᠣᠯᠣᠨ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠤᠨ ᠬᠦᠭᠵᠢᠬᠦᠯᠤᠯᠳᠡ ᠵᠢ ᠬᠠᠷᠠᠯᠳᠠ᠎ᠲᠠᠢ᠎ᠪᠠᠷ ᠰᠠᠢ᠌ᠲᠤᠷ ᠠᠳᠬᠤᠵᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠨᠠᠰᠤᠲᠠᠢ᠌ᠴᠤᠳ᠎ᠲᠤ ᠨᠡᠩ ᠭᠣᠣᠯᠴᠢ᠎ᠪᠠᠷ ᠬᠦᠷᠳᠡᠬᠡᠵᠤ ᠪᠠᠢ᠌ᠨ᠎ᠠ᠃


    ᠠᠷᠠᠳ᠎ᠤᠨ ᠠᠮᠢᠳᠤᠷᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠷᠠᠯᠳᠠ ᠵᠢ ᠴᠢᠬᠡ ᠤᠨᠢᠯᠠᠪᠠ
 
   ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠥᠭᠡᠷᠡᠴᠢᠯᠡᠯᠲᠡ᠎ᠪᠠᠷ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ 《ᠬᠡᠷᠬᠢᠨ ᠦᠵᠡᠬᠦ》 《ᠶᠠᠭ᠋ᠠᠬᠢᠪᠠᠯ ᠵᠤᠬᠢᠬᠤ》 《ᠶᠠᠭ᠋ᠠᠬᠢᠵᠤ ᠬᠢᠬᠦ》 ᠵᠡᠷᠭᠡ ᠠᠰᠠᠭᠤᠳᠠᠯ᠎ᠢ ᠬᠦᠴᠦᠯᠡᠨ ᠰᠠᠢ᠌ᠲᠤᠷ ᠰᠢᠢ᠍ᠳᠪᠦᠷᠢᠯᠡᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠦᠨᠳᠦᠰᠦᠨ ᠪᠠᠳᠤᠯᠠᠭ᠎ᠠ ᠵᠢᠨ ᠬᠡᠯᠪᠡᠷᠢ᠎ᠠᠴᠠ ᠲᠦᠭᠡᠮᠡᠯ ᠠᠰᠢᠭ ᠬᠦᠷᠲᠡᠭᠡᠬᠦ ᠬᠡᠯᠪᠡᠷᠢ ᠲᠡᠢ᠌ᠰᠢ ᠬᠤᠪᠢᠷᠠᠭᠤᠯᠪᠠ᠃
   ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠬᠡᠷᠬᠢᠨ ᠦᠵᠡᠬᠦ》 ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠵᠢᠨ ᠲᠥᠯᠥᠭᠡ ᠰᠤᠷᠤᠯᠴᠠᠬᠤ᠂ ᠪᠠᠢ᠌ᠴᠠᠭ᠋ᠠᠬᠤ᠂ ᠰᠤᠳᠤᠯᠤᠯᠲᠠ ᠬᠢᠬᠦ ᠭᠤᠷᠪᠠᠨ ᠲᠠᠯ᠎ᠠ᠎ᠪᠠᠷ ᠬᠦᠴᠦᠯᠡᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢᠨ ᠰᠢᠨᠵᠢᠯᠡᠬᠦ ᠤᠬᠠᠭ᠋ᠠᠨᠴᠢ᠂ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠳᠬᠠᠪᠠ᠃ ᠠᠷᠠᠳ᠎ᠤᠨ ᠶᠠᠪᠤᠳᠠᠯ᠎ᠤᠨ ᠪᠥᠬᠥ ᠺᠠᠳ᠋ᠷᠴᠤᠳ᠎ᠢ ᠬᠥᠲᠥᠯᠥᠨ ᠳᠠᠭ᠋ᠠᠭᠤᠯᠵᠤ ᠪᠠᠢ᠌ᠭ᠋ᠠᠳ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠰᠢᠰᠲ᠋ᠧᠮ᠎ᠲᠠᠢ᠎ᠪᠠᠷ ᠡᠮᠬᠢᠯᠡᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠪᠦᠷᠢᠨ ᠪᠦᠲᠦᠨ᠂ ᠣᠨᠣᠪᠴᠢᠲᠠᠶ᠂ ᠪᠥᠬᠥ ᠲᠠᠯ᠎ᠠ᠎ᠪᠠᠷ ᠡᠵᠡᠮᠰᠢᠬᠦ ᠵᠢᠨ ᠬᠠᠮᠲᠤ ᠣᠨᠣᠪᠴᠢᠲᠠᠶ ᠲᠤᠭᠤᠰᠢᠯᠠᠭᠤᠯᠬᠤ᠎ᠳᠤ ᠪᠠᠳᠤᠯᠠᠪᠠ᠃ ᠪᠡᠭᠡᠵᠢᠩ ᠬᠣᠲᠠ᠂ ᠵᠢᠶᠠᠩᠰᠤ ᠮᠤᠵᠢ ᠵᠢᠨ ᠨᠠᠨᠵᠢᠩ ᠬᠣᠲᠠ ᠵᠡᠷᠭᠡ ᠭᠠᠵᠠᠷ᠎ᠲᠤ ᠬᠦᠷᠴᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ᠂ ᠪᠦᠲᠦᠭᠡᠨ ᠪᠠᠢ᠌ᠭᠤᠯᠤᠯᠲᠠ ᠡᠵᠡᠩᠨᠡᠯᠲᠡ᠂ ᠦᠢ᠍ᠯᠡᠴᠢᠯᠡᠭᠡ ᠬᠠᠩᠭ᠋ᠠᠯᠭ᠎ᠠ ᠵᠡᠷᠭᠡ ᠠᠭᠤᠯᠭ᠎ᠠ ᠵᠢ ᠪᠠᠢ᠌ᠴᠠᠭ᠋ᠠᠨ ᠰᠤᠷᠤᠯᠴᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠥᠭᠵᠢᠯᠲᠡ ᠵᠢᠨ ᠬᠠᠷᠠᠭ᠋ᠠᠰᠤ ᠪᠠ ᠰᠡᠳᠬᠢᠴᠡ᠎ᠪᠠᠨ ᠥᠷᠭᠡᠳᠬᠡᠵᠡᠢ᠃ ᠬᠤᠰᠢᠭᠤ ᠰᠢᠶᠠᠨ᠂  ᠰᠤᠮᠤ ᠰᠢᠶᠠᠩ᠂ ᠭᠠᠴᠠᠭ᠎ᠠ ᠲᠣᠰᠬᠣᠨ᠎ᠳᠤ ᠭᠦᠨᠵᠡᠭᠡᠢ᠌ᠷᠡᠨ ᠰᠤᠮᠤ ᠰᠢᠶᠠᠩ ᠪᠠᠯᠭ᠋ᠠᠰᠤᠨ᠎ᠤ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ ᠵᠢᠨ ᠬᠦᠷᠢᠶᠡᠯᠡᠩ᠂ ᠬᠥᠳᠡᠭᠡ ᠲᠣᠰᠬᠣᠨ᠎ᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ᠂ ᠲᠤᠰᠠᠯᠠᠬᠤ ᠬᠣᠭᠣᠯᠠᠨ ᠭᠡᠷ᠎ᠲᠤ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠣᠷᠣᠵᠤ  ᠰᠠᠭᠤᠬᠰᠠᠨ ᠨᠤᠷᠮ᠎ᠠ᠂ ᠦᠢ᠍ᠯᠡᠴᠢᠯᠡᠭᠡᠨ᠎ᠤ ᠠᠭᠤᠯᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠵᠡᠷᠭᠡ ᠪᠠᠢ᠌ᠳᠠᠯ᠎ᠢ ᠣᠢ᠌ᠯᠠᠭ᠋ᠠᠵᠤ ᠳᠤᠲᠠᠭᠤᠳᠠᠯ ᠪᠠᠭᠤᠷᠠᠢ ᠲᠠᠯ᠎ᠠ᠎ᠪᠠᠨ ᠣᠨᠣᠪᠴᠢᠲᠠᠶ ᠡᠷᠢᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠴᠢᠷᠳᠡᠯ᠎ᠢ ᠴᠢᠷᠮᠠᠢ᠌ᠨ ᠰᠢᠢ᠍ᠳᠪᠤᠷᠢᠯᠡᠯ᠎ᠡ᠃
   《ᠶᠠᠭ᠋ᠠᠬᠢᠪᠠᠯ ᠵᠣᠬᠢᠬᠤ》 ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠵᠢᠨ ᠲᠥᠯᠥᠭᠡ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠥᠬᠥ ᠬᠣᠲᠠ ᠵᠢᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠵᠢᠨ ᠰᠢᠰᠲᠸᠮ᠎ᠢ ᠤᠯᠠᠮ ᠲᠡᠭᠦᠯᠳᠡᠷᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠲᠣᠭᠲᠠᠭ᠋ᠠᠵᠤ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮᠵᠢᠯᠲᠡ᠂ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠪᠤᠳᠠᠳᠠᠢ᠎ᠪᠠᠷ ᠪᠠᠢ᠌ᠷᠢᠯᠠᠭᠤᠯᠪᠠ᠃
    ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠠᠭ᠋ᠠᠬᠢᠵᠤ ᠬᠢᠬᠦ》 ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠵᠢᠨ ᠲᠥᠯᠥᠭᠡ 《ᠨᠠᠰᠤᠲᠠᠢ᠌ᠴᠤᠳ᠎ᠲᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠦᠷᠲᠡᠭᠡᠬᠦ》  ᠬᠠᠷᠠᠯᠲᠠᠲᠤ ᠡᠭᠦᠷᠭᠡ ᠵᠢ ᠪᠡᠶᠡᠯᠡᠭᠦᠯᠬᠦ ᠵᠢᠨ ᠲᠣᠭᠣᠷᠢᠨ᠎ᠳᠤ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠥᠯᠥᠪᠯᠡᠬᠦ᠂ ᠲᠥᠷᠥᠯ ᠬᠤᠪᠢᠶᠠᠨ ᠵᠢᠯᠤᠭᠣᠳᠬᠤ ᠵᠢ ᠪᠠᠷᠢᠮᠲᠠᠯᠠᠵᠤ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠭᠤᠯᠤᠭᠳᠠᠬᠤᠨ᠂ ᠦᠢ᠍ᠯᠡᠴᠢᠯᠡᠭᠡᠨ᠎ᠤ ᠪᠠᠷᠢᠮᠵᠢᠶ᠎ᠠ᠂ ᠬᠢᠷᠢ ᠬᠡᠮ᠎ᠤᠨ ᠨᠥᠬᠥᠴᠡᠯ᠂ ᠬᠠᠩᠭ᠋ᠠᠯᠭ᠎ᠠ ᠵᠢᠨ ᠠᠷᠭ᠎ᠠ ᠵᠡᠷᠭᠡ ᠠᠭᠤᠯᠭ᠎ᠠ ᠵᠢ ᠲᠣᠳᠣᠷᠬᠠᠢ᠌ᠯᠠᠭᠰᠠᠨ ᠰᠠᠭᠤᠷᠢᠨ ᠳᠡᠭᠡᠷ᠎ᠡ ᠡᠯ᠎ᠡ ᠭᠠᠵᠠᠷ᠎ᠤᠨ ᠬᠥᠭᠵᠢᠯᠲᠡ ᠵᠢᠨ ᠳᠠᠪᠠᠭᠤᠯᠢᠭ᠎ᠲᠤ ᠰᠠᠭᠤᠷᠢᠯᠠᠨ ᠲᠤᠬᠠᠢ ᠵᠢᠨ ᠭᠠᠵᠠᠷ ᠣᠷᠣᠨ᠎ᠤ ᠪᠠᠢ᠌ᠳᠠᠯ ᠎ᠳᠤ᠎ᠨᠢ ᠲᠤᠬᠢᠷᠠᠭᠤᠯᠵᠤ ᠪᠠᠢ᠌ᠭ᠋ᠠᠳ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠦᠷᠨᠢᠬᠦᠯᠪᠡ᠃


ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ ᠨᠠᠰᠤᠵᠢᠯ᠎ᠤᠨ ᠠᠰᠠᠷᠠᠮᠵᠢ ᠵᠢᠨ ᠲᠦᠬᠦᠬᠡᠷᠤᠮᠵᠢ ᠵᠢᠨ ᠪᠦᠳᠤᠬᠡᠨ ᠪᠠᠢ᠌ᠭᠤᠯᠤᠯᠳᠠ ᠵᠢ ᠠᠬᠢᠭᠤᠯᠪᠠ
 
   ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠠᠷᠠᠳ᠎ᠤᠨ ᠰᠡᠳᠬᠢᠯ᠎ᠤᠨ ᠢᠨᠵᠧᠨᠧᠷᠢᠩ ᠪᠣᠯᠭ᠋ᠠᠨ ᠡᠷᠭᠢᠯᠡᠬᠦ ᠬᠠᠷᠠᠯᠲᠠ ᠵᠢ ᠪᠠᠷᠢᠮᠲᠠᠯᠠᠨ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠪᠥᠬᠥ ᠬᠣᠲᠠ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠡᠷᠦᠩᠬᠡᠢ ᠲᠥᠯᠦᠪᠵᠢᠭᠦᠯᠭᠡ᠎ᠳᠤ ᠣᠷᠣᠭᠤᠯᠬᠤ ᠵᠢ ᠠᠬᠢᠭᠤᠯᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠳᠤ ᠬᠣᠶᠠᠷ ᠵᠢᠯ ᠳᠠᠷᠠᠭ᠋ᠠᠯᠠᠨ ᠣᠷᠣᠭᠤᠯᠪᠠ᠃ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠬᠠᠷᠢᠭᠤᠴᠠᠵᠤ᠂ ᠡᠯ᠎ᠡ ᠬᠣᠰᠢᠭᠤ (ᠰᠢᠶᠠᠨ᠂ ᠲᠣᠭᠣᠷᠢᠭ) ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠵᠶ᠋ᠡᠷ ᠨᠢᠭᠡᠳᠦᠭᠡᠷ ᠬᠠᠷᠢᠭᠤᠴᠠᠯᠭ᠋ᠠᠲᠠᠨ ᠪᠣᠯᠭ᠋ᠠᠵᠤ᠂ 《ᠪᠦᠬᠦᠯᠢ ᠴᠣᠭᠴᠠ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠵᠦ᠂ ᠴᠤᠭ ᠵᠶ᠋ᠡᠷ ᠠᠳᠬᠤᠨ ᠬᠠᠮᠳᠤ᠎ᠪᠠᠷ ᠬᠠᠮᠢᠶᠠᠷᠬᠤ》 ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠪᠠᠢ᠌ᠷᠢᠰᠢᠯ᠎ᠢ ᠪᠣᠶ ᠪᠤᠯᠭ᠋ᠠᠵᠠᠢ᠃
   ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠤᠰᠬᠠᠢ ᠰᠡᠳᠦᠪᠲᠦ ᠲᠣᠬᠢᠷᠠᠭᠤᠯᠭ᠎ᠠ ᠵᠢᠨ ᠬᠤᠷᠠᠯ᠂ ᠵᠢᠯ᠎ᠤᠨ ᠳᠤᠮᠳᠠᠳᠤ ᠵᠢᠨ ᠠᠵᠢᠯ᠎ᠤᠨ ᠬᠤᠷᠠᠯ ᠵᠡᠷᠭᠡ ᠬᠡᠯᠪᠡᠷᠢ᠎ᠪᠠᠷ ᠪᠠᠢ᠌ᠷᠢᠯᠠᠭᠤᠯᠳᠯᠳᠠ᠎ᠪᠠᠨ ᠨᠠᠷᠢᠯᠢᠭᠵᠢᠭᠤᠯᠵᠤ᠂ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠴᠢᠩᠭ᠎ᠠ ᠠᠳᠬᠤᠪᠠ᠃ ᠲᠥᠷᠥᠯ ᠵᠦᠢ᠍ᠯ᠎ᠤᠨ ᠮᠡᠳᠡᠭᠡ ᠵᠠᠩᠭᠢ ᠵᠢ ᠬᠥᠳᠡᠯᠦᠩᠭᠦᠢ᠎ᠪᠠᠷ ᠮᠥᠷᠳᠡᠬᠦ  ᠪᠠ ᠮᠡᠳᠡᠭᠡᠯᠡᠬᠦ ᠲᠣᠭᠲᠠᠴᠠ ᠵᠢ ᠪᠠᠢ᠌ᠭᠤᠯᠵᠤ᠂ ᠲᠤᠬᠠᠢ ᠵᠢᠨ ᠲᠠᠯᠠᠪᠤᠷ᠎ᠲᠤ᠎ᠤ ᠱᠠᠯᠠᠪᠳᠠᠭᠤᠯᠤᠨ ᠭᠦᠢ᠍ᠴᠡᠳᠬᠡᠬᠦ᠂ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠪᠠᠢ᠌ᠴᠠᠭ᠋ᠠᠬᠤ ᠠᠷᠭ᠎ᠠ᠎ᠪᠠᠷ ᠮᠥᠷᠳᠡᠵᠦ ᠦᠷ᠎ᠡ ᠪᠦᠲᠦᠮᠵᠢ ᠵᠢ᠎ᠨᠢ ᠠᠰᠠᠭᠤᠵᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠶᠠᠪᠤᠴᠠ᠎ᠳᠤ ᠢᠯᠡᠷᠡᠭᠰᠡᠨ ᠠᠰᠠᠭᠤᠳᠠᠯ ᠪᠠ ᠬᠦᠴᠢᠷᠳᠡᠯ᠎ᠢ ᠭᠣᠣᠯ ᠤᠳᠤᠷᠢᠳᠤᠯᠭ᠎ᠠ᠎ᠨᠢ ᠠᠩᠬᠠᠷᠴᠤ ᠭᠦᠢ᠍ᠴᠡᠳᠬᠡᠬᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠨᠢ ᠲᠤᠬᠠᠢ ᠵᠢᠨ ᠲᠠᠯᠠᠪᠤᠷ᠎ᠲᠤ ᠠᠵᠢᠯᠯᠠᠬᠤ ᠠᠷᠭ᠎ᠠ᠎ᠪᠠᠷ ᠰᠢᠢ᠍ᠳᠪᠦᠷᠢᠯᠡᠵᠦ᠂ ᠲᠥᠷᠥᠯ ᠵᠦᠢ᠍ᠯ᠎ᠤᠨ ᠤᠷᠤᠭᠰᠢᠲᠠᠢ ᠶᠠᠪᠤᠭᠳᠠᠬᠤ ᠵᠢ ᠪᠠᠳᠤᠯᠠᠪᠠ᠃
   ᠤᠯᠠᠭ᠋ᠠᠨᠬᠠᠳᠠ ᠬᠣᠲᠠ ᠵᠢᠨ᠎ᠬᠢᠨ 2024 ᠣᠨ᠎ᠳᠤ  7 ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ᠎ᠢ ᠪᠠᠢ᠌ᠭᠤᠯᠵᠤ᠂ 29 ᠨᠠᠰᠤᠵᠢᠯ᠎ᠤᠨ ᠦᠢ᠍ᠯᠡᠴᠢᠯᠡᠭᠡᠨ᠎ᠤ ᠲᠥᠪ᠂ 497 ᠲᠣᠰᠬᠣᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ ᠪᠠᠢ᠌ᠭᠤᠯᠤᠨ ᠳᠠᠭᠤᠰᠬᠠᠵᠤ᠂ 171 ᠨᠠᠰᠤᠲᠠᠢ᠌ᠴᠤᠳ᠎ᠲᠤ ᠲᠤᠰᠠᠯᠠᠬᠤ ᠬᠣᠭᠣᠯᠠᠨ ᠭᠡᠷ ᠰᠢᠨ᠎ᠡ᠎ᠪᠠᠷ ᠨᠡᠮᠡᠭᠳᠡᠨ᠂ 3854 ᠣᠨᠴᠠ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ ᠵᠢᠨ ᠥᠭᠡᠷᠡᠴᠢᠯᠡᠯᠲᠡ ᠵᠢ ᠪᠡᠶᠡᠯᠡᠭᠦᠯᠪᠡ᠃


ᠠᠷᠠᠳ᠎ᠤᠨ ᠠᠮᠢᠳᠤᠷᠠᠯ᠎ᠤᠨ ᠬᠠᠨᠳᠤᠰᠢ᠎ᠳᠤ ᠠᠩᠬᠠᠷᠤᠯ ᠵᠶ᠋ᠠᠨ ᠲᠥᠪᠯᠡᠷᠡᠭᠦᠯᠦᠨ ᠪᠡᠭᠡᠵᠢᠩ᠂ ᠲᠢᠶᠠᠨᠵᠢᠨ᠂ ᠾᠧᠪᠧᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠤᠨ ᠬᠦᠭᠵᠢᠬᠦᠯᠤᠯᠳᠡ᠎ᠯᠤᠭ᠎ᠠ ᠠᠭᠤᠰᠬᠠᠪᠠ
 
    ᠤᠯᠠᠭ᠋ᠠᠨᠬᠠᠳᠠ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠵᠤᠭ᠋ᠠᠴᠠᠨ ᠰᠠᠭᠤᠬᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ᠎ᠪᠠᠷ ᠪᠠᠷᠢᠴᠨ ᠪᠣᠯᠭ᠋ᠠᠵᠤ ᠵᠤᠭ᠋ᠠᠴᠠᠨ ᠰᠠᠭᠤᠬᠤ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ᠎ᠪᠠᠷ ᠠᠬᠢᠭᠤᠯᠤᠭ᠋ᠠᠳ ᠪᠡᠭᠡᠵᠢᠩ᠂ ᠲᠢᠶᠠᠨᠵᠢᠨ᠂ ᠡᡁᠥᠪᠸᠢ ᠵᠢᠨ ᠬᠠᠮᠵᠢᠯᠴᠠᠨ ᠬᠥᠭᠵᠢᠬᠦ᠎ᠳᠤ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠠᠢ᠃  ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ  ᠲᠦᠷᠬᠡᠳᠬᠡᠨ ᠵᠤᠭ᠋ᠠᠴᠠᠨ ᠰᠠᠭᠤᠬᠤ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠲᠡᠰ ᠳᠡᠪᠰᠢᠬᠦ ᠵᠢ ᠲᠠᠢ᠌ᠴᠢᠯᠠᠪᠠ᠃ ᠨᠠᠰᠤᠵᠢᠯ᠎ᠤᠨ ᠠᠰᠠᠷᠠᠮᠵᠢ ᠵᠢᠨ  ᠴᠢᠨᠠᠷᠵᠢᠭᠤᠨ ᠪᠠᠢ᠌ᠭᠤᠯᠤᠮᠵᠢ ᠵᠢ ᠪᠣᠢ᠌ᠵᠢᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 《ᠣᠷᠴᠢᠨ ᠲᠣᠭᠣᠷᠢᠨ ᠭᠣᠢ᠌ᠳᠠ᠂ ᠲᠥᠬᠦᠭᠡᠷᠦᠮᠵᠢ ᠪᠦᠷᠢᠨ᠂ ᠴᠢᠳᠠᠮᠵᠢ ᠭᠦᠢ᠍ᠴᠡᠳ᠂ ᠬᠠᠮᠢᠶᠠᠷᠤᠯᠲᠠ ᠵᠢᠷᠤᠮᠵᠢᠭᠤᠨ᠂ ᠦᠢ᠍ᠯᠡᠴᠢᠯᠡᠭᠡ ᠲᠡᠷᠢᠭᠦᠨ》 ᠬᠠᠷᠠᠯᠲᠠ᠎ᠳᠤ ᠬᠦᠷᠦᠭᠦᠯᠬᠦ ᠵᠢ ᠠᠬᠢᠭᠤᠯᠬᠤ ᠵᠢᠨ ᠰᠠᠴᠠᠭᠤ ᠵᠥᠭᠡᠯᠡᠨ ᠲᠣᠨᠣᠭ᠎ᠤᠨ ᠪᠣᠳᠠᠲᠤ ᠬᠦᠴᠦᠨ᠎ᠤ ᠳᠡᠭᠡᠭᠰᠢᠯᠡᠯᠲᠡ ᠵᠢ ᠠᠬᠢᠭᠤᠯᠵᠤ᠂ ᠵᠢᠭᠤᠯᠴᠢᠯᠠᠨ ᠰᠠᠭᠤᠭ᠎ᠠ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠬᠣᠲᠠ ᠵᠢᠨ ᠳᠣᠲᠣᠨ᠎ᠠ ᠭᠠᠳᠠᠨᠠᠬᠢ ᠨᠠᠷᠠᠲᠤ ᠰᠣᠶᠣᠯ᠎ᠤᠨ ᠵᠢᠭᠤᠯᠴᠢᠯᠠᠯ᠎ᠤᠨ ᠠᠵᠤ ᠠᠬᠤᠢ᠌ᠯᠠᠯ᠎ᠯᠤᠭ᠎ᠠ ᠬᠠᠮᠲᠤᠷᠠᠯᠴᠠᠬᠤ ᠬᠠᠷᠢᠴᠠᠭ᠎ᠠ ᠪᠠᠢ᠌ᠭᠤᠯᠵᠤ᠂ ᠪᠠᠢ᠌ᠭᠤᠯᠤᠮᠵᠢ᠂ ᠦᠵᠡᠮᠵᠢ ᠵᠢᠨ ᠣᠷᠣᠨ᠂ ᠡᠮᠴᠢᠯᠡᠭᠡ᠂ ᠵᠠᠮ ᠬᠠᠷᠢᠯᠴᠠᠭ᠎ᠠ ᠵᠡᠷᠭᠡ ᠡᠬᠢ ᠪᠠᠶᠠᠯᠢᠭ᠎ᠢ ᠬᠣᠯᠪᠣᠵᠤ᠂ 《ᠢᠳᠡᠬᠦ᠂ ᠰᠠᠭᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠶᠠᠪᠤᠬᠤ》 ᠦᠢ᠍ᠯᠡᠴᠢᠯᠡᠭᠡ ᠵᠢ ᠵᠣᠯᠭ᠋ᠠᠭᠤᠯᠬᠤ ᠵᠢ ᠪᠥᠬᠥ ᠲᠠᠯ᠎ᠠ᠎ᠪᠠᠷ ᠰᠠᠢ᠌ᠲᠤᠷ ᠬᠢᠵᠦ᠂ ᠨᠠᠰᠤᠲᠠᠢ᠌ᠴᠤᠳ᠎ᠤᠨ ᠵᠢᠭᠤᠯᠴᠢᠯᠠᠨ ᠰᠠᠭᠤᠬᠤ ᠪᠠ ᠨᠠᠰᠤᠵᠢᠯ᠎ᠤᠨ ᠠᠰᠠᠷᠠᠮᠵᠢ ᠵᠢᠨ ᠥᠩᠭᠡᠷᠡᠯᠲᠡ ᠵᠢ ᠲᠡᠭᠡᠭᠰᠢᠯᠡᠬᠦᠯᠦᠭᠰᠡᠨ ᠪᠠᠢ᠌ᠨ᠎ᠠ᠃ ᠠᠤᠬᠠᠨ᠎ᠤ ᠬᠠᠯᠠᠭᠤᠨ ᠷᠠᠰᠢᠶᠠᠨ᠎ᠤ ᠡᠷᠡᠭᠦᠯᠵᠢᠯ᠎ᠤᠨ ᠲᠥᠪ᠂ ᠤᠯᠠᠭ᠋ᠠᠨᠬᠠᠳᠠ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ ᠵᠡᠷᠭᠡ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠨᠠᠷᠢᠯᠢᠭ ᠰᠣᠩᠭᠣᠵᠤ᠂ ᠣᠯᠠᠨ ᠵᠦᠢ᠍ᠯ᠎ᠤᠨ ᠵᠢᠭᠤᠯᠴᠢᠯᠠᠵᠤ ᠰᠠᠭᠤᠬᠤ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ  ᠭᠠᠷᠭ᠋ᠠᠯ᠎ᠠ᠃ ᠡᠯ᠎ᠡ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠂ ᠲᠡᠦᠬᠡ ᠰᠣᠶᠣᠯ᠂ ᠠᠷᠠᠳ᠎ᠤᠨ ᠵᠠᠩ ᠦᠢᠯᠡ ᠵᠡᠷᠭᠡ ᠣᠨᠴᠠᠯᠢᠭᠲᠤ ᠡᠬᠢ ᠪᠠᠶᠠᠯᠢᠭ᠎ᠢ ᠡᠮᠬᠢᠯᠡᠬᠡᠳ  ᠵᠢᠭᠤᠯᠴᠢᠯᠠᠨ ᠰᠠᠭᠤᠵᠤ ᠨᠠᠰᠤᠵᠢᠯ᠎ᠤᠨ ᠠᠰᠠᠷᠠᠮᠵᠢ ᠵᠢᠨ ᠱᠤᠭᠤᠮ᠎ᠢ 7 ᠭᠠᠷᠭ᠋ᠠᠵᠤ᠂ 30 ᠭᠠᠷᠤᠢ ᠰᠢᠯᠢᠳᠡᠭ ᠰᠣᠶᠣᠯ᠎ᠤᠨ ᠵᠢᠭᠤᠯᠴᠢᠯᠠᠯ᠎ᠤᠨ ᠦᠵᠡᠮᠵᠢ ᠵᠢᠨ ᠭᠠᠵᠠᠷ᠎ᠢ ᠵᠢᠭᠤᠯᠴᠢᠯᠠᠨ ᠰᠠᠭᠤᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠳᠤ ᠣᠷᠣᠭᠤᠯᠵᠤ᠂ 《ᠤᠯᠠᠭ᠋ᠠᠨᠬᠠᠳᠠ ᠵᠢ ᠠᠰᠠᠷᠠᠨ ᠲᠡᠵᠢᠭᠡᠬᠦ》 ᠵᠢᠭᠤᠯᠴᠢᠯᠠᠨ ᠰᠠᠭᠤᠵᠤ ᠨᠠᠰᠤᠵᠢᠯ᠎ᠤᠨ ᠠᠰᠠᠷᠠᠮᠵᠢ ᠵᠢᠨ ᠨᠠᠷᠠᠲᠤ ᠲᠥᠷᠥᠯ ᠲᠡᠮᠳᠡᠭᠲᠦ ᠵᠢ ᠪᠣᠶ ᠪᠤᠯᠭ᠋ᠠᠪᠠ᠃ ᠪᠡᠭᠡᠵᠢᠩ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠬᠦᠭᠵᠢᠬᠦᠯᠤᠯᠳᠡ ᠵᠢᠨ ᠳᠥᠷᠪᠡᠨ ᠤᠯᠠᠷᠢᠯ᠎ᠤᠨ ᠵᠠᠯᠠᠭᠤᠴᠤᠳ᠎ᠤᠨ ᠶᠠᠷᠢᠶᠠᠨ᠎ᠤ ᠲᠠᠪᠴᠠᠩ᠂ 《ᠤᠯᠠᠭ᠋ᠠᠨᠬᠠᠳᠠ ᠵᠢᠨ ᠪᠡᠭᠡᠵᠢᠩ᠂ ᠲᠢᠶᠠᠨᠵᠢᠨ᠂ ᠾᠧᠪᠧᠢ ᠵᠢᠨ ᠬᠠᠮᠵᠢᠯᠴᠠᠨ ᠬᠥᠭᠵᠢᠬᠦ ᠬᠣᠣᠰ ᠴᠢᠭᠯᠡᠯᠲᠦ ᠰᠣᠯᠢᠯᠴᠠᠭ᠋ᠠᠨ᠎ᠤ ᠭᠠᠷᠠᠭ》᠎ᠤᠨ ᠠᠵᠢᠯᠯᠠᠭ᠎ᠠ᠎ᠳᠤ ᠣᠷᠣᠯᠴᠠᠬᠤ᠎ᠪᠠᠷ ᠳᠠᠮᠵᠢᠭᠤᠯᠤᠨ 《ᠰᠤᠪᠢᠯᠠᠯᠳᠠ᠎ᠳᠤ ᠵᠤᠬᠢᠷᠠᠬᠤ ᠤᠯᠠᠭ᠋ᠠᠨᠬᠠᠳᠠ》 ᠬᠡᠬᠦ ᠵᠤᠭ᠋ᠠᠴᠠᠵᠤ ᠰᠠᠭᠤᠬᠤ ᠨᠠᠰᠤᠵᠢᠯ᠎ᠤᠨ ᠠᠰᠠᠷᠠᠮᠵᠢ ᠵᠢᠨ ᠨᠠᠷᠠᠲᠤ ᠲᠥᠷᠥᠯ ᠲᠡᠮᠳᠡᠭᠲᠦ ᠵᠢ ᠲᠠᠨᠢᠯᠴᠠᠭᠤᠯᠤᠭ᠋ᠠᠳ ᠵᠤᠭ᠋ᠠᠴᠠᠵᠤ ᠰᠠᠭᠤᠬᠤ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠬᠰᠠᠨ ᠪᠠᠢ᠌ᠨ᠎ᠠ᠃


 






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠯᠬᠠᠪᠴᠢ》 ᠬᠠᠡᠭᠭ᠋ᠠᠵᠤ ᠪᠠᠢ᠌ᠨ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠣᠯᠪᠠᠰᠤᠷᠠᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠪᠡ
ᠤᠯᠠᠭ᠋ᠠᠨᠴᠠᠪ ᠬᠤᠳᠠ ᠵᠢᠨ᠎ᠬᠢᠨ ᠵᠠᠰᠠᠭ ᠎ᠤᠨ ᠣᠷᠳᠣᠨ ᠪᠠ ᠨᠢᠭᠦᠯᠡᠰᠦᠩᠭᠦᠶ ᠵᠢᠨ ᠳᠡᠳᠬᠦᠮᠵᠢ ᠵᠢ ᠪᠦᠲᠦᠮᠵᠢᠲᠡᠢ ᠵᠤᠯᠭ᠋ᠠᠭᠤᠯᠤᠨ ᠠᠭᠢᠭᠤᠯᠵᠤ ᠠᠷᠠᠳ᠎ᠢ ᠳᠡᠳᠬᠦᠪᠡ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠪᠦᠷᠢᠨ᠂ ᠤᠨᠤᠪᠴᠢᠲᠠᠢ᠂ ᠪᠤᠳᠠᠲᠠᠢ》 ᠠᠷᠭ᠎ᠠ ᠎ᠪᠠᠷ ᠵᠠᠮ᠎ᠤᠨ ᠮᠡᠳᠡᠭᠡ ᠵᠠᠩᠭᠢ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠲᠦᠷᠬᠡᠳᠬᠡᠵᠤ ᠪᠠᠢ᠌ᠨ᠎ᠠ
ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠎ᠤ᠎ᠬᠢᠨ ᠨᠠᠰᠤᠲᠠᠢ᠌ᠴᠤᠳ᠎ᠤᠨ ᠰᠡᠳᠬᠢᠯ᠎ᠢ ᠦᠶᠦᠭ ᠲᠤᠯᠠᠭ᠋ᠠᠨ ᠵᠶ᠋ᠡᠷ ᠪᠢᠯᠬᠠᠭᠤᠯᠵᠤ ᠪᠠᠢ᠌ᠨ᠎ᠠ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠮᠠᠭ᠋ᠠᠯᠠᠭᠴᠢ》 ᠪᠤᠯᠤᠶ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠤᠯᠪᠠᠰᠤᠷᠠᠯ᠎ᠤᠨ ᠠᠵᠢᠯᠯᠠᠭ᠎ᠠ ᠡᠷᠬᠢᠯᠡᠪᠡ
 
            