ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠪᠦᠷᠢᠨ᠂ ᠤᠨᠤᠪᠴᠢᠲᠠᠢ᠂ ᠪᠤᠳᠠᠲᠠᠢ》 ᠠᠷᠭ᠎ᠠ ᠎ᠪᠠᠷ ᠵᠠᠮ᠎ᠤᠨ ᠮᠡᠳᠡᠭᠡ ᠵᠠᠩᠭᠢ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠲᠦᠷᠬᠡᠳᠬᠡᠵᠤ ᠪᠠᠢ᠌ᠨ᠎ᠠ
ᠨᠡᠶᠢᠲᠡᠯᠡᠭᠰᠡᠨ ᠴᠠᠭ᠄ 2025-03-17

     ᠬᠣᠲᠠ ᠵᠢᠨ ᠵᠠᠮ᠎ᠤᠨ ᠪᠠᠷᠢᠮᠵᠢᠶᠠᠵᠢᠯᠲᠠ ᠪᠠ ᠵᠢᠷᠤᠮᠵᠢᠭᠰᠠᠨ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠰᠢᠨᠵᠢᠯᠡᠬᠦ  ᠤᠬᠠᠭ᠋ᠠᠨᠴᠢᠯᠠᠯᠲᠠ᠂  ᠨᠠᠷᠢᠯᠢᠭᠵᠢᠭᠤᠯᠤᠯᠲᠠ᠂  ᠮᠡᠳᠡᠭᠡ ᠵᠠᠩᠭᠢ ᠵᠠᠩᠭᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ ᠬᠤᠲᠠ ᠵᠢᠨ ᠵᠠᠮ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠰᠠᠭᠤᠷᠢ ᠵᠢ ᠪᠡᠬᠢᠵᠢᠭᠦᠯᠬᠦ ᠵᠢᠨ ᠲᠥᠯᠥᠭᠡ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠤᠨ ᠵᠢᠯ᠎ᠠᠴᠠ ᠡᠬᠢᠯᠡᠨ  《  ᠪᠦᠷᠢᠨ᠂ ᠣᠨᠣᠪᠴᠢᠲᠠᠶ᠂ ᠪᠣᠳᠠᠲᠠᠶ 》 ᠠᠷᠭ᠎ᠠ᠎ᠪᠠᠷ ᠪᠦᠬᠦ ᠬᠣᠲᠠ ᠵᠢᠨ ᠵᠠᠮ ᠮᠡᠳᠡᠭᠡ ᠵᠠᠩᠭᠢ ᠵᠢ ᠰᠢᠨᠡᠳᠬᠡᠨ ᠬᠢᠨᠠᠨ ᠬᠠᠷᠠᠭᠤᠯᠬᠤ ᠠᠵᠢᠯ᠎ᠢ ᠡᠬᠢᠯᠡᠭᠦᠯᠵᠦ᠂ ᠨᠢᠭᠡ ᠰᠠᠷ᠎ᠠ ᠭᠠᠷᠤᠶ ᠵᠢᠨ ᠬᠤᠭᠤᠴᠠᠭ᠋ᠠᠨ᠎ᠳᠤ 799 ᠵᠠᠮ ᠎ᠢ  ᠬᠠᠷᠠᠭᠤᠯᠵᠤ ᠵᠠᠮ ᠬᠠᠷᠢᠯᠴᠠᠭ᠋ᠠᠨ᠎ᠤ ᠮᠡᠳᠡᠭᠡ ᠵᠠᠩᠭᠢ ᠵᠢᠨ ᠬᠥᠮᠥᠷᠭᠡ ᠵᠢ ᠲᠡᠬᠦᠯᠳᠡᠷᠵᠢᠬᠦᠯᠪᠡ᠃
    ᠨᠢᠭᠡ᠂  《ᠪᠦᠷᠢᠨ》 ᠨᠢᠭᠲᠠᠷᠠᠭᠤᠯᠵᠤ ᠮᠡᠳᠡᠭᠡ ᠵᠠᠩᠭᠢ ᠵᠢ ᠬᠢᠨᠠᠨ ᠵᠦᠪᠰᠢᠶᠡᠷᠡᠬᠦ 《ᠲᠠᠢ᠌ᠯᠠᠯᠳᠤᠭ᠋ᠠᠨ᠎ᠤ ᠬᠥᠮᠥᠷᠭᠡ ᠵᠢ ᠰᠢᠨᠡᠳᠬᠡᠨ ᠬᠢᠨᠠᠨ ᠵᠥᠪᠰᠢᠶᠡᠷᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》  ᠎ᠢ ᠳᠠᠷᠤᠮᠠᠯᠯᠠᠨ ᠲᠠᠷᠬᠠᠭ᠋ᠠᠵᠤ ᠂ 10 ᠬᠣᠰᠢᠭᠤ ᠰᠢᠶᠠᠩ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢ ᠵᠣᠬᠢᠶᠠᠨ ᠪᠠᠶ᠋ᠢᠭᠤᠯᠵᠤ ᠣᠷᠣᠯᠴᠠᠭᠤᠯᠤᠨ᠂ ᠦᠨᠡᠨ ᠪᠠᠶ᠋ᠢᠳᠠᠯ᠎ᠢ  ᠤᠢ᠌ᠯᠠᠭ᠋ᠠᠬᠤ ᠵᠢᠨ ᠲᠦᠯᠤᠬᠡ ᠨᠠᠷᠢᠨ ᠨᠢᠮᠪᠠᠢ ᠠᠵᠢᠯᠯᠠᠭ᠎ᠠ ᠵᠢ ᠰᠠᠷ᠎ᠠ ᠭᠠᠷᠤᠢ ᠥᠷᠨᠢᠭᠦᠯᠪᠡ ᠂ ᠡᠯ᠎ᠡ ᠱᠠᠲᠤᠨ᠎ᠤ ᠣᠷᠣᠨ ᠬᠤᠪᠢᠶᠠᠬᠤ ᠭᠠᠵᠠᠷ᠎ᠤᠨ ᠨᠡᠷᠡᠰ᠎ᠤᠨ ᠪᠠᠢ᠌ᠭ᠎ᠠ ᠳᠠᠩᠰᠠ ᠡᠪᠬᠡᠮᠡᠯ᠎ᠤᠨ ᠮᠠᠲ᠋ᠧᠷᠢᠶᠠᠯ᠎ᠲᠠᠢ ᠠᠳᠠᠯᠢᠳᠬᠠᠬᠤ ᠪᠠ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠲᠣᠭ᠎ᠠ ᠪᠠᠷᠢᠮᠲᠠ ᠵᠢ ᠠᠳᠠᠯᠢᠳᠬᠠᠬᠤ ᠵᠡᠷᠭᠡ ᠠᠷᠭ᠎ᠠ ᠵᠢ ᠶᠡᠷᠦᠩᠬᠡᠶ᠋ᠢᠯᠡᠨ ᠬᠡᠷᠡᠭᠯᠡᠵᠦ᠂ ᠬᠠᠷᠢᠶ᠎ᠠ ᠣᠷᠣᠨ᠎ᠤ ᠵᠠᠮ ᠎ᠤᠨ ᠨᠡᠷᠡᠶ᠋ᠢᠳᠦᠯ᠂ ᠠᠭᠤᠯᠭ᠎ᠠ᠂  ᠭᠠᠷᠤᠭ᠋ᠠᠨ᠎ᠤ ᠭᠠᠵᠠᠷ᠂ ᠴᠢᠭᠯᠡᠯ᠂ ᠥᠷᠭᠡᠴᠡ ᠂  ᠤᠷᠳᠤᠴᠨ ᠵᠡᠷᠭᠡ   ᠪᠠᠷᠢᠮᠲᠠ ᠵᠢ  ᠳᠠᠷᠠᠭ᠋ᠠᠯᠠᠨ ᠬᠢᠨᠠᠨ ᠵᠦᠪᠰᠢᠶᠡᠷᠡᠵᠡᠢ᠃
     ᠬᠣᠶᠠᠷ᠂  《ᠤᠨᠤᠪᠴᠢᠲᠠᠢ》 ᠪᠠᠢ᠌ᠬᠤ ᠵᠢ ᠴᠢᠩᠭ᠎ᠠ ᠠᠳᠬᠤᠵᠤ ᠂ ᠲᠣᠭ᠎ᠠ ᠪᠠᠷᠢᠮᠲᠠ ᠵᠢ ᠣᠯᠠᠨ ᠤᠳᠠᠭ᠎ᠠ ᠬᠢᠨᠠᠨ  ᠬᠠᠷᠭᠤᠭᠤᠯᠤᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠬᠦᠯᠤᠬᠡᠳ ᠨᠡᠷᠡᠢ᠌ᠳᠦᠭᠰᠡᠨ ᠪᠤᠯᠪᠠᠴᠤ ᠵᠠᠮ᠎ᠤᠨ ᠮᠡᠳᠡᠭᠡ ᠵᠠᠩᠭᠢ ᠵᠢᠨ ᠬᠥᠮᠥᠷᠭᠡ᠎ᠳᠤ ᠣᠷᠣᠭᠤᠯᠤᠭᠰᠠᠨ ᠦᠭᠡᠢ ᠵᠠᠮ ᠎ᠢ ᠴᠠᠭ ᠲᠤᠬᠠᠢ᠎ᠳᠤ᠎ᠨᠢ ᠨᠡᠮᠡᠵᠦ ᠮᠡᠳᠡᠭᠡ ᠵᠠᠩᠭᠢ ᠵᠢ ᠤᠷᠬᠢᠭᠳᠠᠭᠤᠯᠤᠯ ᠦᠬᠡᠢ ᠬᠦᠮᠦᠷᠬᠡᠯᠡᠪᠡ᠂ ᠲᠣᠭ᠎ᠠ ᠪᠠᠷᠢᠮᠲᠠ᠎ᠨᠢ ᠣᠨᠣᠪᠴᠢ ᠦᠭᠡᠢ ᠨᠢᠬᠡ ᠪᠦᠯᠦᠭ ᠮᠠᠲ᠋ᠧᠷᠢᠶᠠᠯ᠎ᠢ  ᠪᠠᠢ᠌ᠴᠠᠭ᠋ᠠᠵᠤ ᠲᠣᠳᠣᠯᠠᠭᠰᠠᠨ᠎ᠤ ᠳᠠᠷᠠᠭ᠎ᠠ ᠬᠢᠨᠠᠮᠠᠭ᠋ᠠᠶ  ᠵᠠᠯᠠᠷᠠᠭᠤᠯᠵᠤ᠂ ᠲᠣᠭ᠎ᠠ ᠪᠠᠷᠢᠮᠲᠠ᠎ᠨᠢ ᠪᠦᠷᠢᠨ ᠪᠤᠰᠤ ᠪᠤᠶᠤ ᠮᠠᠳᠠᠭ᠎ᠲᠠᠢ ᠠᠭᠤᠯᠭ᠎ᠠ ᠵᠢ ᠮᠠᠲ᠋ᠧᠷᠢᠶᠠᠯ ᠴᠤᠬᠯᠠᠭᠤᠯᠵᠤ  ᠲᠡᠬᠦᠯᠳᠡᠷᠵᠢᠬᠦᠯᠪᠡ᠃ ᠲᠣᠭ᠎ᠠ ᠪᠠᠷᠢᠮᠲᠠ ᠪᠦᠷᠢ ᠵᠢ ᠴᠥᠮ ᠬᠣᠲᠠ ᠲᠤᠭᠤᠷᠢᠭ᠎ᠤᠨ ᠬᠣᠶᠠᠷ ᠱᠠᠲᠤ᠎ᠪᠠᠷ ᠬᠢᠨᠠᠨ  ᠬᠠᠷᠠᠭᠤᠯᠵᠤ᠂ ᠪᠦᠬᠦ ᠬᠣᠲᠠ ᠵᠢᠨ ᠵᠠᠮ᠎ᠤᠨ ᠲᠣᠭ᠎ᠠ ᠪᠠᠷᠢᠮᠲᠠ ᠵᠢ ᠪᠦᠬᠦ ᠲᠠᠯ᠎ᠠ ᠵᠢᠨ᠂  ᠪᠦᠷᠢᠨ ᠪᠦᠲᠦᠨ ᠪᠦᠬᠡᠳ ᠤᠨᠤᠪᠴᠢᠳᠠᠢ ᠪᠠᠢ᠌ᠬᠤ ᠵᠢ  ᠪᠠᠲᠤᠯᠠᠪᠠ᠃
     ᠭᠤᠷᠪᠠ᠂  《ᠪᠣᠳᠠᠲᠠᠶ》᠎ᠯᠤᠭ᠎ᠠ ᠴᠢᠩᠭ᠎ᠠ ᠤᠶᠠᠯᠳᠤᠭᠤᠯᠵᠤ᠂  ᠵᠠᠮ ᠬᠠᠷᠢᠯᠴᠠᠭ᠋ᠠᠨ᠎ᠤ ᠮᠡᠳᠡᠭᠡ ᠵᠠᠩᠭᠢ ᠵᠢᠨ   ᠬᠠᠮᠢᠶᠠᠷᠤᠯᠲᠠ ᠵᠢᠨ ᠲᠤᠤᠷᠵᠢᠯ᠎ᠢ ᠲᠡᠬᠦᠯᠳᠡᠷᠵᠢᠬᠦᠯᠪᠡ᠂ ᠴᠢᠩᠭ᠎ᠠ ᠬᠢᠨᠠᠨ ᠰᠢᠯᠭ᠋ᠠᠯᠲᠠ᠎ᠪᠠᠷ ᠪᠦᠬᠦ ᠲᠠᠯ᠎ᠠ᠎ᠪᠠᠷ ᠡᠮᠬᠢᠯᠡᠬᠡᠳ  799 ᠵᠠᠮ᠎ᠢ ᠬᠠᠷᠭᠤᠭᠤᠯᠵᠤ ᠂ ᠰᠠᠭᠤᠷᠢ ᠲᠣᠭ᠎ᠠ ᠵᠢ ᠲᠣᠳᠣᠷᠬᠠᠢ᠂ ᠲᠣᠭ᠎ᠠ ᠪᠠᠷᠢᠮᠲᠠ ᠵᠢ ᠣᠨᠣᠪᠴᠢᠲᠠᠢ ᠪᠤᠯᠭ᠋ᠠᠭ᠋ᠠᠳ ᠪᠤᠭᠤᠲᠤ ᠬᠣᠲᠠ ᠵᠢᠨ ᠵᠠᠮ᠎ᠤᠨ ᠰᠢᠨ᠎ᠡ ᠮᠡᠳᠡᠭᠡ ᠵᠠᠩᠭᠢ ᠵᠢᠨ ᠬᠥᠮᠥᠷᠭᠡ ᠵᠢ ᠲᠡᠭᠦᠯᠳᠡᠷᠵᠢᠭᠦᠯᠵᠦ᠂ ᠵᠠᠮ᠎ᠤᠨ ᠨᠡᠷᠡᠢ᠌ᠳᠦᠬᠦ᠎ᠠᠴᠠ ᠡᠮᠦᠨᠡᠬᠢ  ᠪᠠᠢ᠌ᠴᠠᠭ᠋ᠠᠯᠲᠠ ᠵᠢ ᠰᠠᠢ᠌ᠨ ᠬᠢᠵᠦ᠂  ᠪᠦᠬᠦ ᠬᠣᠲᠠ ᠵᠢᠨ ᠵᠠᠮ᠎ᠤᠨ  ᠨᠡᠷᠡᠢ᠌ᠳᠦᠯ᠎ᠤᠨ ᠭᠠᠵᠠᠷ᠎ᠤᠨ ᠵᠢᠷᠤᠭ᠎ᠢ  ᠵᠢᠷᠤᠬᠤ  ᠪᠠ ᠵᠠᠮ᠎ᠤᠨ  ᠲᠦᠯᠦᠪᠵᠢᠭᠦᠯᠭᠡ ᠲᠤᠭᠲᠠᠭ᠋ᠠᠬᠤ ᠵᠡᠷᠭᠡ ᠠᠵᠢᠯ᠎ᠳᠤ ᠪᠠᠲᠤᠯᠠᠭ᠎ᠠ ᠬᠠᠡᠭᠭ᠋ᠠᠯ᠎ᠠ᠃
     
 




         

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠎ᠤ᠎ᠬᠢᠨ ᠨᠠᠰᠤᠲᠠᠢ᠌ᠴᠤᠳ᠎ᠤᠨ ᠰᠡᠳᠬᠢᠯ᠎ᠢ ᠦᠶᠦᠭ ᠲᠤᠯᠠᠭ᠋ᠠᠨ ᠵᠶ᠋ᠡᠷ ᠪᠢᠯᠬᠠᠭᠤᠯᠵᠤ ᠪᠠᠢ᠌ᠨ᠎ᠠ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠮᠠᠭ᠋ᠠᠯᠠᠭᠴᠢ》 ᠪᠤᠯᠤᠶ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠤᠯᠪᠠᠰᠤᠷᠠᠯ᠎ᠤᠨ ᠠᠵᠢᠯᠯᠠᠭ᠎ᠠ ᠡᠷᠬᠢᠯᠡᠪᠡ
ᠲᠦᠩᠯᠢᠶᠣᠣ ᠬᠣᠲᠠ ᠵᠢᠨ᠎ᠬᠢᠨ ᠭᠡᠷ ᠪᠦᠯᠢ ᠵᠢᠨ ᠨᠠᠰᠤᠵᠢᠯᠳᠠ ᠵᠢᠨ ᠥᠭᠡᠷᠡᠴᠢᠯᠡᠯᠲᠡ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠨᠠᠰᠤᠵᠢᠯᠳᠠ᠎ᠳᠤ ᠲᠤᠬᠢᠷᠠᠬᠤ ᠦᠬᠡᠷᠡᠴᠢᠯᠡᠯᠳᠡ ᠵᠢᠨ ᠨᠦᠬᠦᠪᠤᠷᠢ᠎ᠪᠠᠷ ᠲᠦᠭ ᠲᠦᠮᠡᠨ ᠠᠢ᠌ᠯ ᠡᠷᠦᠬᠡ ᠵᠢ ᠬᠠᠯᠠᠮᠵᠢᠯᠠᠵᠤ ᠪᠠᠢ᠌ᠨ᠎ᠠ
ᠲᠦᠩᠯᠢᠶᠣᠣ ᠬᠤᠳᠠ ᠵᠢᠨ᠎ᠬᠢᠨ ᠨᠡᠢ᠌ᠭᠡᠮ ᠲᠣᠭᠣᠷᠢᠭ᠎ᠢ ᠨᠠᠰᠤᠲᠠᠢ᠌ᠴᠤᠳ᠎ᠤᠨ ᠬᠠᠯᠠᠭᠤᠨ ᠳᠤᠯᠠᠭ᠋ᠠᠨ ᠭᠡᠷ ᠣᠷᠣᠨ ᠪᠤᠯᠭ᠋ᠠᠵᠤ ᠪᠠᠢ᠌ᠨ᠎ᠠ
ᠬᠥᠬᠡᠬᠣᠲᠠ ᠵᠢᠨ᠎ᠬᠢᠨ ᠠᠷᠠᠳ᠎ᠤᠨ ᠠᠮᠢᠳᠤᠷᠠᠯ᠎ᠢ ᠡᠷᠴᠢᠮ᠎ᠲᠠᠢ ᠪᠠᠳᠤᠯᠠᠭ᠋ᠠᠳ ᠨᠠᠰᠤᠳᠠᠢ᠌ᠴᠤᠳ᠎ᠤᠨ ᠠᠮᠢᠳᠤᠷᠠᠯ ᠵᠢ ᠵᠢᠷᠭ᠋ᠠᠯ ᠨᠡᠮᠡᠷᠢᠯᠡᠵᠤ ᠪᠠᠢ᠌ᠨ᠎ᠠ
 
            