ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠎ᠤ᠎ᠬᠢᠨ ᠨᠠᠰᠤᠲᠠᠢ᠌ᠴᠤᠳ᠎ᠤᠨ ᠰᠡᠳᠬᠢᠯ᠎ᠢ ᠦᠶᠦᠭ ᠲᠤᠯᠠᠭ᠋ᠠᠨ ᠵᠶ᠋ᠡᠷ ᠪᠢᠯᠬᠠᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2025-03-26

   ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠤᠸᠠᠳᠤᠭᠤᠯ ᠪᠠᠯᠭ᠋ᠠᠰᠤᠨ᠎ᠳᠤ ᠬᠤᠨᠳᠠᠭ᠋ᠠᠨ ᠴᠡᠴᠡᠭ ᠭᠠᠵᠠᠷ ᠰᠠᠢ ᠦᠬᠡᠢ  ᠬᠠᠷᠠᠭᠳᠠᠨ᠎ᠠ᠂  ᠬᠤᠨᠳᠠᠭ᠋ᠠᠨ ᠴᠡᠴᠡᠭ ᠭᠠᠵᠠᠷ ᠪᠣᠯᠭ᠋ᠠᠨ᠎ᠳᠤ ᠨᠤᠲᠤᠭᠰᠢᠵᠤ᠂ ᠨᠡᠷᠡᠨ ᠎ᠤ ᠰᠢᠮ᠎ᠡ᠎ᠪᠠᠷ ᠪᠠᠳᠠᠷᠠᠨ ᠲᠡᠯᠬᠡᠷᠡᠬᠡᠳ  ᠠᠮᠢᠵᠢᠷᠠᠯ᠎ᠤᠨ ᠬᠦᠴᠦᠨ ᠪᠠ ᠬᠦᠰᠡᠯ ᠡᠷᠡᠮᠡᠯᠵᠡᠯ᠎ᠢ ᠪᠡᠯᠭᠡᠳᠡᠵᠦ ᠪᠠᠢ᠌ᠳᠠᠭ᠃ ᠣᠳᠣᠬᠠᠨ᠎ᠳᠤ ᠡᠨᠡ ᠬᠦ᠌ ᠬᠦᠰᠡᠯ ᠡᠷᠡᠮᠡᠯᠵᠡᠯ ᠪᠣᠯᠣᠨ ᠬᠠᠢ᠌ᠷ᠎ᠠ ᠬᠠᠯᠠᠮᠵᠢ᠎ᠨᠢ 《ᠬᠤᠨᠳᠠᠭ᠋ᠠᠨ ᠴᠡᠴᠡᠭ》 ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠦᠷᠦᠯ ᠵᠦᠢ᠍ᠯ ᠵᠶ᠋ᠡᠷ ᠳᠠᠮᠵᠢᠨ  ᠨᠠᠰᠤᠳᠠᠢ᠌ᠴᠤᠳ ᠨᠢᠬᠡ ᠪᠦᠷᠢ ᠵᠢᠨ ᠠᠮᠢᠳᠤᠷᠠᠯ᠎ᠳᠤ ᠣᠷᠣᠵᠤ ᠲᠡᠳᠡᠨ᠎ᠳᠤ ᠦᠨᠡᠨ ᠪᠣᠳᠠᠲᠠᠢ ᠬᠠᠯᠠᠮᠵᠢᠯᠠᠯ ᠪᠣᠯᠣᠨ ᠳᠡᠮᠵᠢᠯᠭᠡ  ᠤᠯᠭᠤᠵᠤ ᠪᠠᠢ᠌ᠨ᠎ᠠ᠃
    ᠬᠤᠸᠨ ᠲᠤᠭᠤᠯ ᠬᠡᠬᠦ ᠦᠬᠡ᠎ᠨᠢ ᠶᠣᠭᠲᠠ ᠤᠳᠬ᠎ᠠ᠎ᠲᠠᠢ ᠪᠦᠬᠡᠳ ᠠᠮᠢᠵᠢᠷᠠᠯ᠎ᠤᠨ ᠬᠦᠴᠦᠨ ᠪᠠ ᠬᠦᠰᠡᠯ ᠡᠷᠡᠮᠡᠯᠵᠡᠯ᠎ᠢ ᠪᠡᠯᠭᠡᠳᠡᠳᠡᠭ᠃ ᠬᠤᠨᠳᠠᠭ᠋ᠠᠨ ᠴᠡᠴᠡᠭ ᠬᠤᠸᠠᠳᠤᠭᠤᠯ ᠪᠠᠯᠭ᠋ᠠᠰᠤᠨ᠎ᠤ ᠥᠨᠴᠥᠭ ᠪᠤᠯᠤᠩ ᠪᠣᠯᠭ᠋ᠠᠨ᠎ᠳᠤ ᠳᠡᠯᠭᠡᠷᠡᠬᠦ᠎ᠲᠠᠢ ᠠᠳᠠᠯᠢ᠎ᠪᠠᠷ᠂ 《ᠬᠤᠨᠳᠠᠭ᠋ᠠᠨ ᠴᠡᠴᠡᠭ》 ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ ᠬᠠᠷᠢᠶᠠᠲᠤ ᠣᠷᠣᠨ᠎ᠤ ᠨᠠᠰᠤᠲᠠᠢ᠌ᠴᠤᠳ᠎ᠲᠤ ᠨᠠᠰᠤᠵᠢᠯ᠎ᠤᠨ ᠠᠰᠠᠷᠠᠮᠵᠢ ᠵᠢᠨ ᠬᠠᠯᠠᠭᠤᠨ ᠳᠣᠲᠣᠨᠣ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃ 《ᠬᠤᠨᠳᠠᠭ᠋ᠠᠨ ᠴᠡᠴᠡᠭ》᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠣᠣᠯᠯᠠᠨ ᠤᠳᠤᠷᠢᠳᠴᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢᠨ ᠳᠡᠮᠵᠢᠯᠭᠡ᠎ᠳᠤ ᠲᠦᠰᠢᠭᠯᠡᠨ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠰᠬᠠᠢ᠌ᠵᠢᠭᠰᠠᠨ ᠲᠦᠪᠰᠢᠨ᠎ᠢ ᠳᠡᠭᠡᠭᠰᠢᠯᠡᠭᠦᠯᠵᠦ᠂ ᠨᠠᠰᠤᠲᠠᠢ᠌ᠴᠤᠳ᠎ᠤᠨ ᠠᠮᠢᠳᠤᠷᠠᠯ᠎ᠤᠨ ᠬᠦᠴᠢᠷᠳᠡᠯ᠎ᠢ  ᠰᠢᠢ᠍ᠳᠪᠦᠷᠢᠯᠡᠨ ᠨᠠᠰᠤᠲᠠᠢ᠌ᠴᠤᠳ᠎ᠤᠨ ᠵᠣᠯ ᠵᠢᠷᠭ᠋ᠠᠯᠲᠤ ᠲᠥᠷᠥᠭᠳᠡᠯ ᠪᠠ ᠬᠦᠷᠲᠡᠭᠡᠯ᠎ᠤᠨ ᠲᠥᠷᠥᠭᠳᠡᠯ᠎ᠢ ᠲᠡᠭᠡᠭᠰᠢᠯᠡᠬᠦᠯᠵᠤ ᠪᠠᠢ᠌ᠳᠠᠭ᠃
    《ᠬᠤᠨᠳᠠᠭ᠋ᠠᠨ ᠴᠡᠴᠡᠭ》᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠨᠢ ᠨᠠᠰᠤᠲᠠᠢ᠌ᠴᠤᠳ᠎ᠤᠨ ᠣᠯᠠᠨ ᠶᠠᠩᠵᠤ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢᠳᠤᠷᠠᠯ᠎ᠤᠨ ᠬᠠᠷᠠᠭ᠋ᠠᠯᠵᠠᠯ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ᠂ ᠤᠷᠮ᠎ᠠ  ᠵᠢ ᠬᠦᠭᠵᠢᠬᠡᠬᠦ ᠪᠠ ᠬᠢᠮᠤᠷᠠᠯ᠎ᠳᠤ ᠭᠠᠷ ᠲᠦᠷᠦᠭᠦ᠂ ᠨᠡᠢ᠌ᠭᠡᠮ᠎ᠤᠨ᠎ᠬᠢᠨ ᠣᠷᠣᠯᠴᠠᠬᠤ ᠵᠡᠷᠭᠡ ᠦᠢ᠍ᠯᠡᠴᠢᠯᠡᠭᠡ ᠬᠠᠡᠭᠭ᠋ᠠᠳᠠᠭ᠃ ᠬᠣᠭᠣᠯᠠ ᠤᠮᠳᠠ᠎ᠳᠤ ᠲᠤᠰᠠᠯᠠᠬᠤ᠂ ᠤᠬᠢᠶᠠᠯᠭ᠎ᠠ᠎ᠳᠤ ᠲᠤᠰᠠᠯᠠᠬᠤ᠂ ᠠᠷᠢᠭᠤᠨ ᠴᠡᠪᠡᠷ᠎ᠲᠤ ᠲᠤᠰᠠᠯᠠᠬᠤ ᠵᠡᠷᠭᠡ ᠡᠳᠦᠷ ᠲᠤᠲᠤᠮ᠎ᠤᠨ ᠠᠮᠢᠳᠤᠷᠠᠯ᠎ᠤᠨ ᠬᠠᠪᠰᠤᠷᠤᠯᠭ᠎ᠠ᠎ᠪᠠᠷ ᠳᠡᠮᠵᠢᠨ ᠶᠠᠪᠤᠵᠤ ᠰᠠᠭᠤᠬᠤ᠎ᠳᠤ ᠳᠥᠭᠥᠮ ᠦᠭᠡᠢ ᠨᠠᠰᠤᠲᠠᠢ᠌ᠴᠤᠳ᠎ᠤᠨ ᠠᠮᠢᠳᠤᠷᠠᠯ᠎ᠳᠤ ᠨᠠᠩ ᠲᠥᠬᠥᠮ ᠦᠵᠡᠭᠦᠯᠬᠦ ᠵᠢᠨ ᠬᠠᠮᠳᠤ ᠵᠣᠭᠣᠭᠳᠠᠬᠤ᠂ ᠪᠠᠶᠠᠷ᠎ᠤᠨ ᠡᠳᠦᠷ᠎ᠤᠨ ᠲᠣᠬᠣᠨᠢᠭᠤᠯᠬᠤ ᠵᠡᠷᠭᠡ ᠬᠡᠯᠪᠡᠷᠢ᠎ᠪᠠᠷ ᠨᠠᠰᠤᠲᠠᠢ᠌ᠴᠤᠳ᠎ᠤᠨ ᠭᠠᠭᠴᠠᠭ᠋ᠠᠷᠳᠠᠯ᠎ᠢ ᠨᠠᠮᠳᠠᠭᠤᠯᠵᠤ ᠲᠡᠳᠡᠨ᠎ᠳᠤ ᠬᠠᠢ᠌ᠷ᠎ᠠ ᠬᠠᠯᠠᠮᠵᠢ ᠵᠢ ᠬᠦᠷᠲᠡᠭᠡᠨ᠎ᠡ᠃ ᠰᠡᠳᠬᠢᠯ ᠰᠠᠨᠠᠭ᠋ᠠᠨ᠎ᠤ ᠭᠠᠴᠢᠭᠳᠠᠯ᠎ᠲᠠᠢ ᠨᠠᠰᠤᠲᠠᠢ᠌ᠴᠤᠳ᠎ᠲᠤ ᠤᠷᠮ᠎ᠠ ᠰᠡᠳᠬᠢᠯᠭᠡ ᠵᠢ ᠲᠠᠢ᠌ᠳᠬᠤᠷᠠᠭᠤᠯᠤᠨ ᠵᠢᠯᠤᠭᠣᠳᠬᠤ ᠦᠢ᠍ᠯᠡᠴᠢᠯᠡᠭᠡ ᠵᠢ ᠢᠳᠡᠪᠬᠢᠲᠡᠢ ᠬᠠᠩᠭ᠋ᠠᠵᠤ᠂ ᠲᠡᠳᠡᠨ᠎ᠢ ᠬᠠᠪᠰᠤᠷᠤᠨ ᠵᠣᠪᠠᠨᠢᠯ᠂ ᠭᠠᠩᠰᠠᠷᠠᠯ ᠵᠡᠷᠭᠡ ᠤᠷᠮ᠎ᠠ ᠰᠡᠳᠬᠢᠯᠭᠡ ᠵᠢᠨ ᠠᠰᠠᠭᠤᠳᠠᠯ᠎ᠢ᠎ᠨᠢ ᠰᠢᠢ᠍ᠳᠪᠦᠷᠢᠯᠡᠬᠦ ᠵᠢᠨ ᠬᠠᠮᠲᠤ ᠪᠠᠴᠢᠮ ᠎ᠲᠠᠢ ᠦᠶ᠎ᠡ᠎ᠳᠤ ᠬᠢᠮᠤᠷᠠᠯ᠎ᠳᠤ᠎ᠨᠢ ᠭᠠᠷ ᠳᠦᠷᠦᠵᠦ ᠳᠡᠮᠵᠢᠯᠭᠡ ᠬᠠᠩᠭ᠋ᠠᠨ᠎ᠠ᠃ ᠤᠷᠠᠨ ᠰᠠᠢ᠌ᠬᠠᠨ᠎ᠤ ᠲᠣᠭᠯᠠᠯᠲᠠ᠂ ᠭᠠᠷ ᠵᠶ᠋ᠠᠷ ᠦᠢ᠍ᠯᠡᠳᠬᠦ᠂ ᠡᠷᠡᠭᠦᠯ ᠮᠡᠨᠳᠦ ᠵᠢᠨ ᠲᠠᠢ᠌ᠯᠤᠮᠵᠢ ᠵᠡᠷᠭᠡ ᠪᠠᠶᠠᠯᠢᠭ ᠰᠠᠢ᠌ᠬᠠᠨ ᠠᠵᠢᠯᠯᠠᠭ᠎ᠠ ᠵᠢ ᠨᠢᠮᠪᠠᠢ ᠵᠣᠬᠢᠶᠠᠨ ᠪᠠᠢ᠌ᠭᠤᠯᠵᠤ᠂ ᠨᠠᠰᠤᠲᠠᠢ᠌ᠴᠤᠳ᠎ᠤᠨ ᠨᠡᠢ᠌ᠭᠡᠮ᠎ᠳᠤ ᠬᠠᠷᠢᠶᠠᠯᠠᠭᠳᠠᠬᠤ ᠰᠡᠳᠬᠢᠯᠭᠡ ᠵᠢ ᠨᠡᠮᠡᠭᠳᠡᠬᠦᠯᠳᠡᠭ ᠪᠢᠯᠨ᠃
    《ᠬᠤᠨᠳᠠᠭ᠋ᠠᠨ ᠴᠡᠴᠡᠭ》᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠨᠢ ᠲᠤᠰᠬᠠᠢ᠌ᠵᠢᠭᠰᠠᠨ᠂ ᠵᠢᠷᠤᠮᠵᠢᠭᠰᠠᠨ ᠦᠢ᠍ᠯᠡᠴᠢᠯᠡᠭᠡ᠎ᠪᠠᠷ ᠳᠡᠮᠵᠢᠨ ᠬᠠᠯᠠᠭᠤᠨ ᠳᠤᠯᠠᠭ᠋ᠠᠨ ᠪᠠ ᠬᠦᠰᠡᠯ ᠡᠷᠡᠮᠡᠯᠵᠡᠯ ᠵᠶ᠋ᠡᠨ ᠬᠠᠪᠰᠤᠷᠤᠯᠭ᠎ᠠ ᠴᠢᠬᠤᠯᠠᠲᠠᠢ ᠨᠠᠰᠤᠲᠠᠨ ᠪᠤᠯᠭ᠋ᠠᠨ᠎ᠳᠤ ᠲᠠᠮᠵᠢᠭᠤᠯᠳᠠᠭ᠃ ᠭᠤᠤᠨᠢ ᠨᠠᠰᠤᠲᠠᠨ᠂ ᠭᠡᠷ᠎ᠲᠤ᠎ᠪᠠᠨ ᠬᠣᠴᠣᠷᠤᠭᠰᠠᠨ ᠨᠠᠰᠤᠲᠠᠨ᠂ ᠴᠢᠳᠠᠯ ᠲᠡᠩᠬᠡᠭᠡ ᠦᠭᠡᠢ ᠪᠣᠯᠤᠭᠰᠠᠨ ᠨᠠᠰᠤᠲᠠᠨ ᠭᠡᠰᠡᠨ ᠦᠭᠡᠢ ᠴᠥᠮ ᠨᠡᠢ᠌ᠭᠡᠮ᠎ᠤᠨ ᠬᠠᠯᠠᠮᠵᠢᠯᠠᠯ ᠪᠠ ᠳᠡᠮᠵᠢᠯᠭᠡ ᠵᠢ ᠭᠥᠷᠳᠡᠭᠰᠡᠨ ᠪᠠᠢ᠌ᠨ᠎ᠠ᠃  《ᠬᠤᠨᠳᠠᠭ᠋ᠠᠨ ᠴᠡᠴᠡᠭ》 ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ᠎ᠬᠢᠨ ᠣᠲᠣ ᠪᠣᠯᠲᠠᠯ᠎ᠠ 6 ᠤᠳᠠᠭ᠎ᠠ ᠠᠵᠢᠯᠯᠠᠭ᠎ᠠ ᠥᠷᠨᠢᠭᠦᠯᠵᠦ  200 ᠬᠦᠮᠦᠨ ᠳ᠋ᠹ ᠦᠢ᠍ᠯᠡᠴᠢᠯᠡᠪᠡ᠃
   
   


 


   
   


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠮᠠᠭ᠋ᠠᠯᠠᠭᠴᠢ》 ᠪᠤᠯᠤᠶ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠤᠯᠪᠠᠰᠤᠷᠠᠯ᠎ᠤᠨ ᠠᠵᠢᠯᠯᠠᠭ᠎ᠠ ᠡᠷᠬᠢᠯᠡᠪᠡ
ᠲᠦᠩᠯᠢᠶᠣᠣ ᠬᠣᠲᠠ ᠵᠢᠨ᠎ᠬᠢᠨ ᠭᠡᠷ ᠪᠦᠯᠢ ᠵᠢᠨ ᠨᠠᠰᠤᠵᠢᠯᠳᠠ ᠵᠢᠨ ᠥᠭᠡᠷᠡᠴᠢᠯᠡᠯᠲᠡ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠨᠠᠰᠤᠵᠢᠯᠳᠠ᠎ᠳᠤ ᠲᠤᠬᠢᠷᠠᠬᠤ ᠦᠬᠡᠷᠡᠴᠢᠯᠡᠯᠳᠡ ᠵᠢᠨ ᠨᠦᠬᠦᠪᠤᠷᠢ᠎ᠪᠠᠷ ᠲᠦᠭ ᠲᠦᠮᠡᠨ ᠠᠢ᠌ᠯ ᠡᠷᠦᠬᠡ ᠵᠢ ᠬᠠᠯᠠᠮᠵᠢᠯᠠᠵᠤ ᠪᠠᠢ᠌ᠨ᠎ᠠ
ᠲᠦᠩᠯᠢᠶᠣᠣ ᠬᠤᠳᠠ ᠵᠢᠨ᠎ᠬᠢᠨ ᠨᠡᠢ᠌ᠭᠡᠮ ᠲᠣᠭᠣᠷᠢᠭ᠎ᠢ ᠨᠠᠰᠤᠲᠠᠢ᠌ᠴᠤᠳ᠎ᠤᠨ ᠬᠠᠯᠠᠭᠤᠨ ᠳᠤᠯᠠᠭ᠋ᠠᠨ ᠭᠡᠷ ᠣᠷᠣᠨ ᠪᠤᠯᠭ᠋ᠠᠵᠤ ᠪᠠᠢ᠌ᠨ᠎ᠠ
ᠬᠥᠬᠡᠬᠣᠲᠠ ᠵᠢᠨ᠎ᠬᠢᠨ ᠠᠷᠠᠳ᠎ᠤᠨ ᠠᠮᠢᠳᠤᠷᠠᠯ᠎ᠢ ᠡᠷᠴᠢᠮ᠎ᠲᠠᠢ ᠪᠠᠳᠤᠯᠠᠭ᠋ᠠᠳ ᠨᠠᠰᠤᠳᠠᠢ᠌ᠴᠤᠳ᠎ᠤᠨ ᠠᠮᠢᠳᠤᠷᠠᠯ ᠵᠢ ᠵᠢᠷᠭ᠋ᠠᠯ ᠨᠡᠮᠡᠷᠢᠯᠡᠵᠤ ᠪᠠᠢ᠌ᠨ᠎ᠠ
ᠵᠠᠢ ᠦᠬᠡᠢ ᠦᠢ᠍ᠯᠡᠴᠢᠯᠡᠭᠡ᠎ᠪᠠᠷ ᠰᠡᠳᠬᠢᠯ᠎ᠢ᠎ᠨᠢ ᠲᠤᠯᠠᠭ᠋ᠠᠴᠠᠭᠤᠯᠵᠤ ᠪᠠᠢ᠌ᠨ᠎ᠠ — ᠦᠬᠠᠢ ᠬᠣᠲᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢ᠎ᠪᠠᠨ ᠤᠯᠠᠨ ᠠᠷᠭ᠎ᠠ᠎ᠪᠠᠷ ᠳᠡᠭᠡᠭᠰᠢᠯᠡᠭᠦᠯᠵᠦ ᠪᠠᠢ᠌ᠨ᠎ᠠ
 
            