ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠯᠬᠠᠪᠴᠢ》 ᠬᠠᠡᠭᠭ᠋ᠠᠵᠤ ᠪᠠᠢ᠌ᠨ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠣᠯᠪᠠᠰᠤᠷᠠᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄ 2025-01-13

   ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠰᠡᠳᠬᠢᠴᠡ ᠵᠢᠨ ᠪᠠᠶ᠋ᠢᠳᠠᠯ᠎ᠢ ᠤᠯᠠᠮ ᠰᠠᠢ᠌ᠳᠤᠷ ᠣᠶ᠋ᠢᠯᠠᠭ᠋ᠠᠵᠤ᠂ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠪᠡᠶ᠎ᠡ ᠰᠡᠳᠬᠢᠯ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠦᠨᠳᠡᠯᠡᠨ᠎ᠤ ᠲᠤᠰᠬᠠᠶ ᠮᠡᠷᠭᠡᠵᠢᠯ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ  ᠦᠢ᠍ᠯᠡᠴᠢᠯᠡᠭᠡ ᠵᠢ ᠬᠤᠳᠠᠯᠳᠤᠨ ᠠᠪᠴᠤ ᠦᠭᠭᠦ᠎ᠪᠠᠷ ᠳᠠᠮᠵᠢᠭᠤᠯᠤᠨ ᠲᠤᠰᠬᠠᠶ ᠮᠡᠷᠭᠡᠵᠢᠯ᠎ᠤᠨ ᠰᠡᠳᠬᠢᠴᠡ ᠵᠢᠨ ᠵᠦᠪᠯᠡᠭᠴᠢ ᠦᠬᠠᠶ ᠬᠣᠲᠠ ᠵᠢᠨ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤ ᠰᠡᠳᠬᠢᠴᠡ ᠦᠨᠡᠯᠡᠬᠦ ᠪᠠ ᠵᠢᠯᠤᠭᠤᠳᠤᠮᠵᠢ ᠬᠠᠡᠭᠭ᠋ᠠᠵᠤ  ᠦᠬᠠᠶ ᠬᠣᠲᠠ ᠵᠢᠨ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠬᠠᠮᠠᠭ᠋ᠠᠯᠠᠪᠠ᠃
    ᠲᠣᠰ ᠠᠵᠢᠯᠯᠠᠭ᠎ᠠ ᠵᠢᠨ᠎ᠬᠢᠨ ᠦᠬᠠᠶ ᠬᠣᠲᠠ ᠵᠢᠨ ᠨᠡᠶ᠋ᠢᠭᠡᠮ᠎ᠤᠨ ᠠᠰᠠᠷᠠᠮᠵᠢ ᠵᠢᠨ ᠲᠥᠪ (ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ) ᠪᠠ ᠡᠯ᠎ᠡ ᠲᠣᠭᠣᠷᠢᠭ᠎ᠲᠤ᠎ᠬᠢ ᠬᠡᠤᠬᠡᠳ ᠰᠠᠭᠤᠭ᠎ᠠ ᠭᠠᠵᠠᠷ᠎ᠲᠤ ᠭᠦᠨᠵᠡᠭᠡᠶ᠋ᠢᠷᠡᠨ ᠰᠡᠳᠬᠢᠴᠡ ᠵᠢᠨ ᠡᠷᠡᠭᠦᠯ ᠮᠡᠨᠳᠦ ᠵᠢ ᠦᠨᠡᠯᠡᠬᠦ᠂ ᠰᠡᠳᠬᠢᠴᠡ ᠵᠢᠨ ᠡᠷᠡᠭᠦᠯ ᠮᠡᠨᠳᠦ ᠵᠢᠨ ᠲᠠᠶ᠋ᠢᠯᠤᠮᠵᠢ ᠬᠢᠵᠦ᠂ 《ᠨᠢᠭᠡ᠎ᠳᠤ ᠨᠢᠭᠡ》 ᠰᠡᠳᠬᠢᠴᠡ ᠵᠢᠨ ᠰᠢᠯᠭ᠋ᠠᠯᠲᠠ᠎ᠪᠠᠷ ᠳᠡᠮᠵᠢᠨ ᠬᠡᠤᠬᠡᠳ ᠪᠠ ᠬᠡᠷ᠎ᠤᠨ ᠠᠬᠠᠮᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠪᠠᠶ᠋ᠢᠳᠠᠯ᠎ᠢ ᠪᠥᠬᠥ ᠲᠠᠯ᠎ᠠ᠎ᠪᠠᠷ  ᠤᠢ᠌ᠯᠠᠭ᠋ᠠᠬᠰᠠᠨ᠎ᠤ ᠬᠠᠮᠲᠤ ᠰᠡᠳᠬᠢᠴᠡ ᠵᠢᠨ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠢ᠌ᠭᠤᠯᠪᠠ᠃ ᠰᠡᠳᠬᠢᠴᠡ ᠵᠢᠨ ᠡᠷᠡᠭᠦᠯ ᠮᠡᠨᠳᠦ ᠵᠢᠨ ᠲᠠᠶ᠋ᠢᠯᠤᠮᠵᠢ ᠵᠢ ᠡᠷᠬᠢᠯᠡᠵᠦ᠂ ᠬᠡᠦᠬᠡᠳ  ᠪᠠ ᠭᠡᠷ᠎ᠤᠨ ᠠᠬᠠᠮᠠᠳ᠎ᠯᠤᠭ᠎ᠠ ᠵᠢᠨ ᠬᠥᠩᠭᠡᠨ ᠴᠣᠪᠣᠭᠣᠯᠢᠭ ᠶᠠᠷᠢᠯᠴᠠᠭ᠋ᠠᠨ᠎ᠤ ᠠᠭᠤᠷ ᠠᠮᠢᠰᠬᠤᠯ᠎ᠢ ᠪᠣᠢ ᠪᠣᠯᠭ᠋ᠠᠵᠤ᠂ ᠬᠡᠦᠬᠡᠳ ᠪᠠ ᠭᠡᠷ᠎ᠤᠨ ᠠᠬᠠᠮᠠᠳ᠎ᠢ ᠰᠡᠳᠬᠢᠴᠡ ᠵᠢᠨ ᠵᠢᠯᠣᠭᠣᠳᠤᠮᠵᠢ ᠵᠢᠨ ᠶᠠᠷᠢᠯᠴᠠᠭ᠋ᠠᠨ᠎ᠤ ᠠᠶ᠋ᠢᠵᠠᠮ᠎ᠳᠤ ᠲᠦᠷᠭᠡᠨ ᠠᠭᠤᠰᠬᠠᠬᠰᠠᠨ᠎ᠤ ᠬᠠᠮᠲᠤ ᠬᠡᠦᠬᠡᠳ᠎ᠢ ᠵᠢᠯᠣᠭᠣᠳᠴᠤ ᠪᠠᠶ᠋ᠢᠭ᠋ᠠᠳ ᠤᠷᠮ᠎ᠠ ᠰᠡᠳᠬᠢᠯᠭᠡ᠎ᠪᠠᠨ ᠰᠠᠨᠠᠭ᠋ᠠᠴᠢᠯᠠᠭ᠎ᠠ᠎ᠠᠴᠠ᠎ᠪᠠᠨ ᠢᠯᠡᠳᠬᠡᠬᠦ ᠪᠤᠯᠭ᠋ᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠣᠷᠣᠰᠢᠵᠤ ᠪᠠᠶ᠋ᠢᠭ᠎ᠠ ᠬᠡᠮ ᠰᠣᠭᠣᠭ᠎ᠢ ᠠᠷᠢᠯᠭ᠋ᠠᠵᠤ᠂ ᠬᠡᠦᠬᠡᠳ᠎ᠢ ᠬᠠᠪᠰᠤᠷᠴᠤ ᠪᠠᠶ᠋ᠢᠭ᠋ᠠᠳ ᠬᠡᠷᠬᠢᠨ ᠵᠥᠪ ᠣᠨᠣᠪᠴᠢᠲᠠᠶ᠎ᠪᠠᠷ ᠤᠷᠮ᠎ᠠ ᠰᠡᠳᠬᠢᠯᠭᠡ᠎ᠪᠠᠨ ᠰᠤᠯᠠᠳᠬᠠᠬᠤ ᠪᠠ  ᠲᠠᠢ᠌ᠳᠬᠤᠷᠠᠭᠤᠯᠬᠤ ᠵᠢ ᠰᠤᠷᠭ᠋ᠠᠵᠤ᠂ ᠭᠡᠷ᠎ᠤᠨ ᠠᠬᠠᠮᠠᠳ ᠎ᠲᠤ ᠬᠡᠦᠬᠡᠳ᠎ᠲᠠᠢ ᠬᠠᠷᠢᠯᠴᠠᠬᠤ ᠵᠥᠪ ᠠᠷᠭ᠎ᠠ ᠵᠢ ᠡᠵᠡᠮᠰᠢᠬᠦᠯᠤᠯ᠎ᠡ᠃
    ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠠᠷᠠᠭ᠋ᠠᠴᠢ ᠎ᠪᠠᠷ ᠵᠠᠰᠠᠭ᠎ᠤᠨ ᠣᠷᠳᠣᠨ᠂ ᠨᠡᠶ᠋ᠢᠭᠡᠮ ᠵᠡᠷᠭᠡ ᠣᠯᠠᠨ ᠲᠠᠯ᠎ᠠ ᠵᠢᠨ ᠬᠦᠴᠦᠨ᠎ᠢ ᠲᠥᠪᠯᠡᠷᠡᠭᠦᠯᠦᠨ᠂ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠢ ᠬᠠᠯᠠᠮᠵᠢᠯᠠᠨ ᠲᠣᠬᠣᠨᠢᠭᠤᠯᠬᠤ᠂ ᠰᠡᠳᠬᠢᠴᠡ ᠵᠢᠨ  ᠵᠢᠯᠤᠭᠤᠳᠤᠯᠭ᠎ᠠ ᠵᠡᠷᠭᠡ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠯᠬᠠᠪᠴᠢ》 ᠬᠠᠩᠭ᠋ᠠᠵᠤ᠂ ᠲᠡᠳᠡᠨ᠎ᠢ ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠬᠤᠶ ᠵᠢᠨ ᠦᠵᠡᠯᠲᠡ᠂ ᠥᠷᠲᠡᠭ᠎ᠤᠨ ᠦᠵᠡᠯᠲᠡ᠎ᠲᠠᠢ ᠪᠣᠯᠭ᠋ᠠᠵᠤ᠂ ᠠᠮᠢᠳᠤᠷᠠᠯ᠎ᠤᠨ ᠳᠤᠮᠳᠠᠬᠢ ᠨᠤᠭᠤᠷᠠᠯ ᠪᠦᠳᠦᠷᠢᠯ ᠪᠠ ᠥᠷᠢᠰᠥᠯᠳᠦᠭᠡᠨ᠎ᠳᠤ ᠨᠠᠩ ᠢᠲᠡᠭᠡᠯ᠎ᠲᠠᠢ᠂ ᠰᠢᠭᠤᠷᠬᠠᠢ ᠬᠠᠨᠳᠤᠬᠤ ᠲᠡᠢ᠌ᠰᠢ ᠲᠠᠭ᠋ᠠᠭᠤᠯᠬᠤ ᠪᠤᠯᠤᠨ᠎ᠠ᠃






   

ᠢᠷᠡᠯᠲᠡ᠄ ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠤᠳᠠ ᠵᠢᠨ᠎ᠬᠢᠨ ᠵᠠᠰᠠᠭ ᠎ᠤᠨ ᠣᠷᠳᠣᠨ ᠪᠠ ᠨᠢᠭᠦᠯᠡᠰᠦᠩᠭᠦᠶ ᠵᠢᠨ ᠳᠡᠳᠬᠦᠮᠵᠢ ᠵᠢ ᠪᠦᠲᠦᠮᠵᠢᠲᠡᠢ ᠵᠤᠯᠭ᠋ᠠᠭᠤᠯᠤᠨ ᠠᠭᠢᠭᠤᠯᠵᠤ ᠠᠷᠠᠳ᠎ᠢ ᠳᠡᠳᠬᠦᠪᠡ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠪᠦᠷᠢᠨ᠂ ᠤᠨᠤᠪᠴᠢᠲᠠᠢ᠂ ᠪᠤᠳᠠᠲᠠᠢ》 ᠠᠷᠭ᠎ᠠ ᠎ᠪᠠᠷ ᠵᠠᠮ᠎ᠤᠨ ᠮᠡᠳᠡᠭᠡ ᠵᠠᠩᠭᠢ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠲᠦᠷᠬᠡᠳᠬᠡᠵᠤ ᠪᠠᠢ᠌ᠨ᠎ᠠ
ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠎ᠤ᠎ᠬᠢᠨ ᠨᠠᠰᠤᠲᠠᠢ᠌ᠴᠤᠳ᠎ᠤᠨ ᠰᠡᠳᠬᠢᠯ᠎ᠢ ᠦᠶᠦᠭ ᠲᠤᠯᠠᠭ᠋ᠠᠨ ᠵᠶ᠋ᠡᠷ ᠪᠢᠯᠬᠠᠭᠤᠯᠵᠤ ᠪᠠᠢ᠌ᠨ᠎ᠠ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠮᠠᠭ᠋ᠠᠯᠠᠭᠴᠢ》 ᠪᠤᠯᠤᠶ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠤᠯᠪᠠᠰᠤᠷᠠᠯ᠎ᠤᠨ ᠠᠵᠢᠯᠯᠠᠭ᠎ᠠ ᠡᠷᠬᠢᠯᠡᠪᠡ
ᠲᠦᠩᠯᠢᠶᠣᠣ ᠬᠣᠲᠠ ᠵᠢᠨ᠎ᠬᠢᠨ ᠭᠡᠷ ᠪᠦᠯᠢ ᠵᠢᠨ ᠨᠠᠰᠤᠵᠢᠯᠳᠠ ᠵᠢᠨ ᠥᠭᠡᠷᠡᠴᠢᠯᠡᠯᠲᠡ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠨᠠᠰᠤᠵᠢᠯᠳᠠ᠎ᠳᠤ ᠲᠤᠬᠢᠷᠠᠬᠤ ᠦᠬᠡᠷᠡᠴᠢᠯᠡᠯᠳᠡ ᠵᠢᠨ ᠨᠦᠬᠦᠪᠤᠷᠢ᠎ᠪᠠᠷ ᠲᠦᠭ ᠲᠦᠮᠡᠨ ᠠᠢ᠌ᠯ ᠡᠷᠦᠬᠡ ᠵᠢ ᠬᠠᠯᠠᠮᠵᠢᠯᠠᠵᠤ ᠪᠠᠢ᠌ᠨ᠎ᠠ
 
            