ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠮᠠᠭ᠋ᠠᠯᠠᠭᠴᠢ》 ᠪᠤᠯᠤᠶ᠎ᠠ — ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠶᠡᠬᠡ ᠬᠠᠢ᠌ᠷ᠎ᠠ ᠵᠢᠨ ᠤᠮᠠᠷᠠᠲᠤ ᠬᠢᠯᠢ ᠂ ᠬᠡᠤᠬᠡᠳ᠎ᠤᠨ ᠢᠷᠡᠭᠡᠳᠦᠶ ᠵᠢ ᠬᠠᠮᠠᠭ᠋ᠠᠯᠠᠶ᠎ᠠ》 ᠭᠡᠬᠦ ᠰᠡᠳᠬᠢᠴᠡ ᠵᠢᠨ ᠪᠤᠯᠪᠠᠰᠤᠷᠠᠯ᠎ᠤᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄ 2025-02-28

     ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ  ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠰᠡᠳᠬᠢᠴᠡ ᠵᠢ ᠣᠶ᠋ᠢᠯᠠᠭ᠋ᠠᠵᠤ᠂ ᠬᠡᠷ ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠪᠡᠶ᠎ᠡ ᠰᠡᠳᠬᠢᠯ᠎ᠤᠨ ᠡᠷᠡᠭᠦᠯ ᠪᠤᠢ᠌ᠵᠢᠯᠳᠠ ᠵᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ ᠤᠷᠴᠢᠮ᠎ᠳᠤ ᠬᠦᠨᠳᠡᠯᠡᠨ᠎ᠤ ᠲᠤᠰᠬᠠᠶ ᠮᠡᠷᠭᠡᠵᠢᠯ᠎ᠤᠨ ᠰᠡᠳᠬᠢᠴᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ  ᠦᠢ᠍ᠯᠡᠴᠢᠯᠡᠭᠡ ᠵᠢ ᠬᠤᠳᠠᠯᠳᠤᠨ ᠠᠪᠬᠤ᠎ᠪᠠᠷ ᠳᠠᠮᠵᠢᠭᠤᠯᠤᠨ ᠲᠤᠰᠬᠠᠶ ᠮᠡᠷᠭᠡᠵᠢᠯ᠎ᠤᠨ ᠰᠡᠳᠬᠢᠴᠡ ᠵᠢᠨ ᠵᠦᠪᠯᠡᠭᠴᠢ ᠦᠬᠠᠶ ᠬᠣᠲᠠ ᠵᠢᠨ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠰᠡᠳᠬᠢᠴᠡ ᠵᠢ ᠦᠨᠡᠯᠡᠭᠰᠡᠨ ᠪᠦᠬᠡᠳ  ᠦᠬᠠᠶ ᠬᠣᠲᠠ ᠵᠢᠨ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠤᠨ ᠡᠷᠡᠭᠦᠯ ᠵᠶ᠋ᠠᠷ ᠦᠰᠦᠨ ᠪᠤᠢ᠌ᠵᠢᠯᠳᠠ ᠵᠢ ᠪᠠᠳᠤᠯᠠᠵᠤ ᠪᠠᠢ᠌ᠨ᠎ᠠ᠃
   ᠲᠣᠰ ᠠᠵᠢᠯᠯᠠᠭ᠎ᠠ᠎ᠨᠢ ᠦᠬᠠᠶ ᠬᠣᠲᠠ ᠵᠢᠨ ᠨᠡᠶ᠋ᠢᠭᠡᠮ᠎ᠤᠨ ᠠᠰᠠᠷᠠᠮᠵᠢ ᠵᠢᠨ ᠲᠥᠪ (ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ) ᠪᠠ ᠡᠯ᠎ᠡ ᠲᠣᠭᠣᠷᠢᠭ᠎ᠤᠨ ᠬᠡᠤᠬᠡᠳ᠎ᠤᠨ ᠣᠷᠣᠰᠢᠨ ᠰᠠᠭᠤᠭ᠎ᠠ ᠭᠠᠵᠠᠷ᠎ᠲᠤ ᠭᠦᠨᠵᠡᠭᠡᠶ᠋ᠢᠷᠡᠨ ᠰᠡᠳᠬᠢᠴᠡ ᠵᠢᠨ ᠡᠷᠡᠭᠦᠯ ᠮᠡᠨᠳᠦ ᠵᠢᠨ ᠦᠨᠡᠯᠡᠯᠳᠡ᠂ ᠰᠡᠳᠬᠢᠴᠡ ᠵᠢᠨ ᠡᠷᠡᠭᠦᠯ ᠮᠡᠨᠳᠦ ᠵᠢᠨ ᠲᠠᠶ᠋ᠢᠯᠤᠮᠵᠢ ᠬᠢᠵᠦ᠂ 《ᠨᠢᠭᠡ᠎ᠳᠤ ᠨᠢᠭᠡ》 ᠰᠡᠳᠬᠢᠴᠡ ᠵᠢᠨ ᠰᠢᠯᠭ᠋ᠠᠯᠲᠠ᠎ᠪᠠᠷ ᠬᠡᠤᠬᠡᠳ ᠪᠠ ᠬᠡᠷ᠎ᠤᠨ ᠠᠬᠠᠮᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠪᠠᠶ᠋ᠢᠳᠠᠯ᠎ᠢ ᠪᠥᠬᠥ ᠲᠠᠯ᠎ᠠ᠎ᠪᠠᠷ ᠤᠢ᠌ᠯᠠᠭ᠋ᠠᠬᠰᠠᠨ᠎ᠤ ᠬᠠᠮᠲᠤ ᠰᠡᠳᠬᠢᠴᠡ ᠵᠢᠨ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠢ᠌ᠭᠤᠯᠪᠠ᠃ ᠰᠡᠳᠬᠢᠴᠡ ᠵᠢᠨ ᠡᠷᠡᠭᠦᠯ ᠮᠡᠨᠳᠦ ᠵᠢᠨ ᠲᠠᠶ᠋ᠢᠯᠤᠮᠵᠢ ᠵᠢ ᠡᠷᠬᠢᠯᠡᠵᠦ᠂ ᠬᠡᠦᠬᠡᠳ ᠪᠠ ᠭᠡᠷ᠎ᠤᠨ ᠠᠬᠠᠮᠠᠳ᠎ᠯᠤᠭ᠎ᠠ ᠵᠢᠨ ᠬᠥᠩᠭᠡᠨ ᠴᠣᠪᠣᠭᠣᠯᠢᠭ ᠶᠠᠷᠢᠯᠴᠠᠭ᠋ᠠᠨ᠎ᠤ ᠠᠭᠤᠷ ᠠᠮᠢᠰᠬᠤᠯ᠎ᠢ ᠪᠣᠢ ᠪᠣᠯᠭ᠋ᠠᠵᠤ᠂ ᠬᠡᠦᠬᠡᠳ ᠪᠠ ᠭᠡᠷ᠎ᠤᠨ ᠠᠬᠠᠮᠠᠳ᠎ᠢ ᠰᠡᠳᠬᠢᠴᠡ ᠵᠢᠨ ᠵᠢᠯᠣᠭᠣᠳᠤᠮᠵᠢ ᠵᠢᠨ ᠶᠠᠷᠢᠯᠴᠠᠭ᠋ᠠᠨ᠎ᠤ ᠠᠶ᠋ᠢᠵᠠᠮ᠎ᠳᠤ ᠲᠦᠷᠭᠡᠨ ᠠᠭᠤᠰᠬᠠᠨ ᠣᠷᠣᠭᠤᠯᠬᠤ ᠵᠢᠨ ᠬᠠᠮᠲᠤ ᠬᠡᠦᠬᠡᠳ᠎ᠢ ᠤᠷᠮ᠎ᠠ ᠎ᠪᠠᠨ ᠰᠠᠨᠠᠭ᠋ᠠᠴᠢᠯᠠᠭ᠎ᠠ᠎ᠠᠴᠠ᠎ᠪᠠᠨ ᠢᠯᠡᠳᠬᠡᠬᠦ ᠪᠤᠯᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠣᠷᠣᠰᠢᠵᠤ ᠪᠠᠶ᠋ᠢᠭ᠎ᠠ ᠬᠡᠮ ᠰᠣᠭᠣᠭ᠎ᠢ ᠠᠷᠢᠯᠭ᠋ᠠᠵᠤ᠂ ᠬᠡᠦᠬᠡᠳ᠎ᠢ ᠬᠠᠪᠰᠤᠷᠴᠤ ᠪᠠᠶ᠋ᠢᠭ᠋ᠠᠳ ᠬᠡᠷᠬᠢᠨ ᠵᠥᠪ ᠣᠨᠣᠪᠴᠢᠲᠠᠶ᠎ᠪᠠᠷ ᠤᠷᠮ᠎ᠠ᠎ᠪᠠᠨ ᠲᠡᠳᠬᠦᠬᠦ ᠪᠠ  ᠲᠠᠢ᠌ᠳᠬᠤᠷᠠᠭᠤᠯᠬᠤ ᠵᠢ ᠰᠤᠷᠭ᠋ᠠᠵᠤ᠂ ᠬᠡᠦᠬᠡᠳ᠎ᠤᠨ ᠭᠡᠷ᠎ᠤᠨ ᠠᠬᠠᠮᠠᠳ᠎ᠲᠤ ᠬᠡᠦᠬᠡᠳ᠎ᠲᠠᠢ ᠬᠠᠷᠢᠯᠴᠠᠬᠤ ᠵᠥᠪ ᠠᠷᠭ᠎ᠠ᠎ᠪᠠᠷ ᠡᠵᠡᠮᠰᠢᠬᠦᠯᠤᠯ᠎ᠡ᠃
   ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠠᠷᠠᠭ᠋ᠠᠴᠢ᠎ᠪᠠᠷ ᠵᠠᠰᠠᠭ᠎ᠤᠨ ᠣᠷᠳᠣᠨ᠂ ᠨᠡᠶ᠋ᠢᠭᠡᠮ ᠵᠡᠷᠭᠡ ᠣᠯᠠᠨ ᠲᠠᠯ᠎ᠠ ᠵᠢᠨ ᠬᠦᠴᠦᠨ᠎ᠢ ᠲᠥᠪᠯᠡᠷᠡᠭᠦᠯᠦᠨ ᠬᠡᠷ ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠢ ᠬᠠᠯᠠᠮᠵᠢᠯᠠᠨ ᠲᠣᠬᠣᠨᠢᠭᠤᠯᠬᠤ᠂ ᠰᠡᠳᠬᠢᠴᠡ ᠵᠢ᠎ᠨᠢ ᠵᠢᠯᠣᠭᠣᠳᠬᠤ ᠵᠡᠷᠭᠡ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ ᠬᠡᠷ᠎ᠲᠤ᠎ᠪᠠᠨ ᠬᠣᠴᠣᠷᠤᠭᠰᠠᠨ ᠬᠡᠤᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠎ᠲᠤ ᠣᠶᠤᠨ ᠰᠠᠨᠠᠭ᠋ᠠᠨ᠎ᠤ 《ᠬᠠᠯᠬᠠᠪᠴᠢ》 ᠬᠠᠩᠭ᠋ᠠᠵᠤ᠂ ᠲᠡᠳᠡᠨ᠎ᠢ ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠬᠤᠶ ᠵᠢᠨ ᠦᠵᠡᠯᠲᠡ᠂ ᠥᠷᠲᠡᠭ᠎ᠤᠨ ᠦᠵᠡᠯᠲᠡ᠎ᠲᠠᠢ ᠪᠤᠯᠭ᠋ᠠᠭ᠋ᠠᠳ ᠠᠮᠢᠳᠤᠷᠠᠯ᠎ᠤᠨ ᠳᠤᠮᠳᠠᠬᠢ ᠨᠤᠭᠤᠷᠠᠯ ᠪᠦᠳᠦᠷᠢᠯ ᠪᠠ ᠥᠷᠢᠰᠥᠯᠳᠦᠭᠡᠨ᠎ᠳᠤ ᠨᠠᠩ ᠢᠲᠡᠭᠡᠯ᠎ᠲᠠᠢ᠂ ᠢᠯᠡ ᠲᠣᠳᠣ ᠬᠠᠨᠳᠤᠬᠤ  ᠪᠤᠯᠭ᠋ᠠᠬᠤ᠎ᠪᠠᠷ ᠴᠢᠷᠮᠠᠢ᠌ᠬᠤ ᠪᠤᠯᠤᠨ᠎ᠠ᠃




  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠩᠯᠢᠶᠣᠣ ᠬᠣᠲᠠ ᠵᠢᠨ᠎ᠬᠢᠨ ᠭᠡᠷ ᠪᠦᠯᠢ ᠵᠢᠨ ᠨᠠᠰᠤᠵᠢᠯᠳᠠ ᠵᠢᠨ ᠥᠭᠡᠷᠡᠴᠢᠯᠡᠯᠲᠡ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠨᠠᠰᠤᠵᠢᠯᠳᠠ᠎ᠳᠤ ᠲᠤᠬᠢᠷᠠᠬᠤ ᠦᠬᠡᠷᠡᠴᠢᠯᠡᠯᠳᠡ ᠵᠢᠨ ᠨᠦᠬᠦᠪᠤᠷᠢ᠎ᠪᠠᠷ ᠲᠦᠭ ᠲᠦᠮᠡᠨ ᠠᠢ᠌ᠯ ᠡᠷᠦᠬᠡ ᠵᠢ ᠬᠠᠯᠠᠮᠵᠢᠯᠠᠵᠤ ᠪᠠᠢ᠌ᠨ᠎ᠠ
ᠲᠦᠩᠯᠢᠶᠣᠣ ᠬᠤᠳᠠ ᠵᠢᠨ᠎ᠬᠢᠨ ᠨᠡᠢ᠌ᠭᠡᠮ ᠲᠣᠭᠣᠷᠢᠭ᠎ᠢ ᠨᠠᠰᠤᠲᠠᠢ᠌ᠴᠤᠳ᠎ᠤᠨ ᠬᠠᠯᠠᠭᠤᠨ ᠳᠤᠯᠠᠭ᠋ᠠᠨ ᠭᠡᠷ ᠣᠷᠣᠨ ᠪᠤᠯᠭ᠋ᠠᠵᠤ ᠪᠠᠢ᠌ᠨ᠎ᠠ
ᠬᠥᠬᠡᠬᠣᠲᠠ ᠵᠢᠨ᠎ᠬᠢᠨ ᠠᠷᠠᠳ᠎ᠤᠨ ᠠᠮᠢᠳᠤᠷᠠᠯ᠎ᠢ ᠡᠷᠴᠢᠮ᠎ᠲᠠᠢ ᠪᠠᠳᠤᠯᠠᠭ᠋ᠠᠳ ᠨᠠᠰᠤᠳᠠᠢ᠌ᠴᠤᠳ᠎ᠤᠨ ᠠᠮᠢᠳᠤᠷᠠᠯ ᠵᠢ ᠵᠢᠷᠭ᠋ᠠᠯ ᠨᠡᠮᠡᠷᠢᠯᠡᠵᠤ ᠪᠠᠢ᠌ᠨ᠎ᠠ
ᠵᠠᠢ ᠦᠬᠡᠢ ᠦᠢ᠍ᠯᠡᠴᠢᠯᠡᠭᠡ᠎ᠪᠠᠷ ᠰᠡᠳᠬᠢᠯ᠎ᠢ᠎ᠨᠢ ᠲᠤᠯᠠᠭ᠋ᠠᠴᠠᠭᠤᠯᠵᠤ ᠪᠠᠢ᠌ᠨ᠎ᠠ — ᠦᠬᠠᠢ ᠬᠣᠲᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢ᠎ᠪᠠᠨ ᠤᠯᠠᠨ ᠠᠷᠭ᠎ᠠ᠎ᠪᠠᠷ ᠳᠡᠭᠡᠭᠰᠢᠯᠡᠭᠦᠯᠵᠦ ᠪᠠᠢ᠌ᠨ᠎ᠠ
《〈ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ〉 ᠭᠤᠤᠯ ᠰᠡᠳᠤᠪᠳᠤ ᠠᠵᠢᠯᠯᠠᠭ᠎ᠠ》 — ᠤᠯᠠᠭ᠋ᠠᠨᠴᠠᠪ ᠬᠣᠲᠠ ᠵᠢᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠰᠦᠨ ᠪᠣᠶ᠋ᠢᠵᠢᠯᠲᠠ ᠵᠢ ᠬᠠᠮᠠᠭ᠋ᠠᠯᠠᠬᠤ ᠲᠣᠣᠷ᠎ᠢ ᠪᠠᠳᠤ ᠰᠦᠯᠵᠢᠵᠤ ᠪᠠᠢ᠌ᠨ᠎ᠠ
 
            