ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠲᠦᠩᠯᠢᠶᠣᠣ ᠬᠣᠲᠠ ᠵᠢᠨ᠎ᠬᠢᠨ ᠭᠡᠷ ᠪᠦᠯᠢ ᠵᠢᠨ ᠨᠠᠰᠤᠵᠢᠯᠳᠠ ᠵᠢᠨ ᠥᠭᠡᠷᠡᠴᠢᠯᠡᠯᠲᠡ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠨᠠᠰᠤᠵᠢᠯᠳᠠ᠎ᠳᠤ ᠲᠤᠬᠢᠷᠠᠬᠤ ᠦᠬᠡᠷᠡᠴᠢᠯᠡᠯᠳᠡ ᠵᠢᠨ ᠨᠦᠬᠦᠪᠤᠷᠢ᠎ᠪᠠᠷ ᠲᠦᠭ ᠲᠦᠮᠡᠨ ᠠᠢ᠌ᠯ ᠡᠷᠦᠬᠡ ᠵᠢ ᠬᠠᠯᠠᠮᠵᠢᠯᠠᠵᠤ ᠪᠠᠢ᠌ᠨ᠎ᠠ
ᠨᠡᠶᠢᠲᠡᠯᠡᠭᠰᠡᠨ ᠴᠠᠭ᠄ 2025-04-14

   ᠲᠦᠩᠯᠢᠶᠣᠣ ᠬᠣᠲᠠ ᠵᠢᠨ᠎ᠬᠢᠨ ᠤᠷᠴᠢᠮ᠎ᠤᠨ ᠵᠢᠯ ᠤᠯᠤᠰ᠎ᠤᠨ ᠨᠠᠰᠤᠵᠢᠯ᠎ᠤᠨ ᠦᠢ᠍ᠯᠡᠰ᠎ᠤᠨ ᠬᠥᠭᠵᠢᠯᠲᠡ ᠵᠢᠨ ᠤᠷᠢᠶᠠᠯᠠᠭ᠎ᠠ ᠵᠢ ᠢᠳᠡᠪᠬᠢᠲᠡᠢ᠎ᠪᠠᠷ ᠳᠠᠭ᠋ᠠᠵᠤ ᠨᠠᠰᠤᠲᠠᠢ᠌ᠴᠤᠳ᠎ᠤᠨ ᠭᠡᠷ ᠪᠦᠯᠢ ᠵᠢᠨ ᠠᠮᠤᠷ ᠲᠦᠪᠰᠢᠨ᠎ᠢ ᠢᠮᠠᠭᠲᠠ ᠠᠩᠬᠠᠷᠴᠤ᠂ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭ᠋ᠠᠨ ᠭᠣᠣᠯᠳᠠᠯᠭ᠎ᠠ᠎ᠲᠠᠢ ᠠᠬᠢᠭᠤᠯᠵᠤ ᠪᠠᠢ᠌ᠨ᠎ᠠ᠃ ᠪᠤᠭᠤᠷᠤᠯᠴᠤᠳ ᠤᠯᠠᠰᠢᠷᠠᠬᠰᠠᠨ ᠴᠠᠭ ᠡᠷᠢᠨ᠎ᠳᠤ ᠤᠷᠤᠭ᠋ᠠᠳ ᠴᠢᠨᠰᠠᠭ᠎ᠠ᠎ᠲᠠᠢ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠤᠴᠠᠷᠠᠬᠰᠠᠨ ᠦᠶ᠎ᠡ᠎ᠳᠤ ᠲᠦᠩᠯᠢᠶᠣᠣ ᠬᠤᠳᠠ ᠵᠢᠨ᠎ᠬᠢᠨ ᠡᠩ ᠲᠡᠷᠢᠭᠦᠨ᠎ᠳᠤ ᠠᠷᠠᠳ᠎ᠤᠨ ᠠᠮᠢᠳᠤᠷᠠᠯ᠎ᠤᠨ ᠠᠩᠬᠠᠷᠤᠯ ᠵᠶ᠋ᠡᠷ 《ᠤᠬᠠᠭᠤᠯᠵᠤ ᠵᠢᠯᠤᠭᠣᠳᠬᠤ᠂ ᠬᠠᠷᠢᠭᠤᠴᠠᠯᠭ᠎ᠠ ᠵᠢ ᠨᠠᠷᠢᠨ ᠬᠤᠪᠢᠶᠠᠬᠤ᠂ ᠳᠦᠷᠢᠮ ᠵᠶ᠋ᠡᠷ ᠪᠠᠲᠤᠯᠠᠬᠤ》 ᠭᠤᠷᠪᠠ ᠵᠢ ᠨᠢᠭᠡ ᠴᠣᠭᠴᠠᠵᠢᠭᠤᠯᠤᠨ ᠠᠬᠢᠭᠤᠯᠬᠤ ᠠᠷᠭ᠎ᠠ ᠵᠢ ᠲᠣᠭᠲᠠᠭ᠋ᠠᠵᠤ 《ᠶᠠᠷᠢᠶ᠎ᠠ ᠬᠡᠯᠡᠯᠴᠡᠭᠡᠨ᠎ᠤ ᠪᠠᠢ᠌ᠳᠠᠯ᠂ ᠡᠭᠦᠷᠭᠡ ᠵᠢ ᠵᠠᠳᠠᠯᠬᠤ᠂ ᠤᠷᠳᠤ ᠬᠤᠭᠤᠴᠠᠭ᠎ᠠ᠎ᠪᠠᠷ ᠲᠤᠯᠭ᠋ᠠᠭᠤᠷᠢᠯᠠᠬᠤ》 ᠪᠢᠲᠡᠭᠦᠦ ᠴᠠᠭ᠋ᠠᠷᠢᠭ᠎ᠤᠨ ᠠᠵᠢᠯ ᠊ᠤ᠊ ᠰᠢᠰᠲᠸᠮ᠎ᠢ  ᠪᠠᠢ᠌ᠭᠤᠯᠤᠭ᠋ᠠᠳ ᠰᠢᠰᠲ᠋ᠧᠮᠵᠢᠭᠰᠡᠨ ᠰᠡᠳᠬᠢᠬᠦᠢ᠎ᠪᠠᠷ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠨᠥᠬᠥᠪᠦᠷᠢ ᠵᠢᠨ ᠠᠵᠢᠯ᠎ᠢ ᠭᠦᠨᠵᠡᠭᠡᠢ ᠠᠬᠢᠭᠤᠯᠪᠠ᠃

   ᠠᠵᠢᠯ᠎ᠤᠨ ᠡᠭᠦᠷᠭᠡ᠎ᠪᠠᠨ ᠨᠠᠷᠢᠯᠢᠬ᠍ᠵᠢᠭᠤᠯᠤᠨ ᠬᠠᠷᠢᠭᠤᠴᠠᠯᠭ᠎ᠠ ᠵᠢ ᠲᠤᠳᠤᠷᠬᠠᠢ᠌ᠯᠠᠪᠠ

    ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠳᠤ 《2025 ᠣᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠨᠥᠬᠥᠪᠦᠷᠢ ᠵᠢᠨ ᠠᠵᠢᠯ᠎ᠢ ᠥᠷᠨᠢᠭᠦᠯᠬᠦ᠎ᠳᠤ ᠠᠵᠤ ᠠᠬᠤᠢ᠌ᠯᠠᠯ᠎ᠢ ᠣᠷᠣᠯᠴᠠᠭᠤᠯᠬᠤ ᠲᠤᠬᠠᠢ ᠮᠡᠳᠡᠭᠳᠡᠯ》᠎ᠢ ᠪᠠᠭᠤᠯᠭ᠋ᠠᠵᠤ᠂ ᠪᠣᠳᠠᠲᠠᠢ ᠠᠵᠢᠯ᠎ᠤᠨ ᠡᠭᠦᠷᠭᠡ ᠵᠢ ᠪᠠᠢ᠌ᠷᠢᠯᠠᠭᠤᠯᠤᠭ᠋ᠠᠳ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠵᠤ ᠠᠬᠤᠢ᠌ᠯᠠᠯ᠎ᠤᠨ ᠮᠡᠳᠡᠭᠦᠯᠬᠦ ᠨᠥᠬᠥᠴᠡᠯ ᠪᠠ ᠮᠡᠳᠡᠭᠦᠯᠬᠦ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠎ᠢ ᠬᠢᠨᠠᠨ ᠬᠠᠷᠭᠤᠭᠤᠯᠵᠤ᠂ ᠳᠠᠬᠢᠨ ᠬᠢᠨᠠᠨ ᠬᠠᠷᠭᠤᠭᠤᠯᠬᠤ᠎ᠳᠤ ᠨᠡᠷ᠎ᠡ ᠮᠡᠳᠡᠭᠦᠯᠬᠦ ᠨᠥᠬᠥᠴᠡᠯ᠎ᠳᠤ ᠨᠡᠢ᠌ᠴᠡᠬᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠠᠬᠢᠨ ᠬᠢᠨᠠᠬᠤ ᠵᠢᠨ ᠬᠠᠮᠲᠤ ᠳᠠᠬᠢᠨ ᠬᠢᠨᠠᠭ᠋ᠠᠳ ᠪᠠᠲᠤᠯᠠᠭᠳᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠨᠡᠷᠡᠰ᠎ᠢ  ᠢᠯᠡᠵᠢᠬᠦᠯᠬᠦ ᠵᠢ ᠱᠠᠭ᠋ᠠᠷᠳᠠᠬᠰᠠᠨ ᠪᠠᠢ᠌ᠨ᠎ᠠ᠃

ᠪᠠᠲᠤᠯᠠᠭ᠎ᠠ ᠵᠢᠨ ᠲᠣᠭᠲᠠᠴᠠ ᠵᠢ ᠲᠡᠬᠦᠯᠳᠡᠷᠵᠢᠬᠦᠯᠵᠤ ᠲᠥᠷᠥᠯ ᠵᠦᠢ᠍ᠯ᠎ᠤᠨ ᠭᠦᠢ᠍ᠴᠡᠳᠬᠡᠬᠦ ᠴᠢᠳᠠᠪᠤᠷᠢ ᠵᠢ  ᠲᠡᠭᠡᠭᠰᠢᠯᠡᠬᠦᠯᠪᠡ

   《2025 ᠣᠨ᠎ᠤ ᠲᠦᠩᠯᠢᠶᠣᠣ ᠬᠣᠲᠠ ᠵᠢᠨ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠨᠥᠬᠥᠪᠦᠷᠢ ᠵᠢᠨ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠲᠣᠭᠲᠠᠭ᠋ᠠᠵᠤ᠂ ᠠᠵᠢᠯ᠎ᠤᠨ ᠪᠣᠳᠠᠲᠠᠢ ᠬᠡᠷᠡᠭᠵᠢᠭᠦᠯᠬᠦ ᠱᠠᠭ᠋ᠠᠷᠳᠠᠯᠭ᠎ᠠ ᠵᠢ ᠤᠯᠠᠮ ᠲᠤᠳᠤᠷᠬᠠᠢ᠌ᠯᠠᠯ᠎ᠠ᠃ ᠲᠦᠩᠯᠢᠶᠣᠣ ᠬᠣᠲᠠ ᠵᠢᠨ ᠨᠠᠰᠤᠲᠠᠢ᠌ᠴᠤᠳ᠎ᠤᠨ ᠰᠠᠭᠤᠷᠢ ᠲᠣᠭ᠎ᠠ ᠪᠠ ᠬᠡᠷᠡᠭᠯᠡᠭᠡᠨ᠎ᠤ ᠬᠦᠰᠡᠯ ᠡᠷᠡᠮᠡᠯᠵᠡᠯ ᠵᠡᠷᠭᠡ ᠦᠨᠳᠦᠰᠦᠨ ᠪᠠᠢ᠌ᠳᠠᠯ᠎ᠲᠠᠢ ᠤᠶᠠᠯᠳᠤᠭᠤᠯᠤᠨ ᠪᠡᠯᠡ ᠮᠥᠩᠭᠥ ᠵᠢ ᠲᠥᠰᠥᠭᠡᠯᠡᠨ ᠪᠤᠳᠤᠵᠤ᠂ ᠲᠦᠡᠭᠯᠢᠶᠤᠤ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠯᠦᠭᠡ ᠢᠳᠡᠪᠬᠢᠲᠡᠢ ᠵᠣᠬᠢᠴᠠᠭᠤᠯᠵᠤ ᠪᠠᠢ᠌ᠭ᠋ᠠᠳ ᠣᠷᠳᠣ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠳᠡᠮᠵᠢᠯᠭᠡ ᠵᠢ ᠭᠤᠶᠤᠴᠢᠯᠠᠵᠤ ᠠᠩᠬᠠᠨ᠎ᠤ ᠪᠦᠯᠦᠭ ᠣᠷᠳᠣ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢ 2025 ᠣᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠨᠥᠬᠥᠪᠦᠷᠢ ᠵᠢᠨ ᠠᠵᠢᠯ᠎ᠢ ᠳᠡᠮᠵᠢᠬᠦ᠎ᠳᠤ ᠬᠡᠷᠡᠭᠯᠡᠬᠦ᠎ᠪᠠᠷ ᠠᠩᠬ᠎ᠠ ᠠᠯᠬᠤᠮ ᠴᠢᠷᠮᠠᠢ᠌ᠵᠤ ᠪᠠᠢ᠌ᠨ᠎ᠠ᠃

    ᠤᠬᠠᠭᠤᠯᠭ᠎ᠠ ᠵᠢᠨ ᠳᠠᠢ᠌ᠴᠢᠯᠠᠯᠲᠠ ᠵᠢ ᠴᠢᠡᠭᠭ᠋ᠠᠳᠬᠠᠵᠤ ᠦᠨᠢᠷ ᠦᠳᠬᠡᠨ ᠠᠭᠤᠷ ᠠᠮᠢᠰᠬᠤᠯ᠎ᠢ ᠪᠤᠢ ᠪᠤᠯᠭ᠋ᠠᠪᠠ

  ᠠᠯᠪᠠᠨ᠎ᠤ ᠰᠦᠯᠵᠢᠶ᠎ᠡ᠂ 《ᠲᠦᠩᠯᠢᠶᠣᠣ ᠵᠢᠨ ᠠᠷᠠᠳ᠎ᠤᠨ ᠶᠠᠪᠤᠳᠠᠯ》᠎ᠤᠨ ᠸᠢᠴᠠᠲ ᠲᠠᠪᠴᠠᠡᠭ᠂  ᠸᠢᠳᠢᠤ᠋ ᠵᠡᠷᠭᠡ ᠲᠠᠪᠴᠠᠩ ᠵᠶ᠋ᠠᠷ ᠳᠠᠮᠵᠢᠭᠤᠯᠤᠨ 《2025 ᠣᠨ᠎ᠤ ᠲᠦᠩᠯᠢᠶᠣᠣ ᠬᠣᠲᠠ ᠵᠢᠨ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠨᠥᠬᠥᠪᠦᠷᠢ ᠵᠢᠨ ᠠᠵᠢᠯ᠎ᠳᠤ ᠣᠷᠣᠯᠴᠠᠬᠤ ᠠᠵᠤ ᠠᠬᠤᠢ᠌ᠯᠠᠯ᠎ᠢ ᠡᠯᠰᠡᠬᠦ ᠲᠤᠬᠠᠢ ᠠᠯᠪᠠᠨ ᠵᠠᠷ》᠎ᠢ ᠨᠡᠢ᠌ᠲᠡᠯᠡᠪᠡ᠃ ᠤᠬᠠᠭᠤᠯᠤᠨ ᠳᠠᠢ᠌ᠴᠢᠯᠠᠬᠤ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠢᠩᠭ᠋ᠠᠷᠠᠭᠤᠯᠤᠨ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠨᠥᠬᠥᠪᠦᠷᠢ ᠵᠢᠨ ᠠᠵᠢᠯ᠎ᠢ ᠬᠠᠮᠢᠶ᠎ᠠ ᠪᠦᠬᠦᠢ ᠠᠵᠤ ᠠᠬᠤᠢ᠌ᠯᠠᠯ ᠪᠠ ᠬᠤᠪᠢ ᠬᠥᠮᠥᠨ  ᠪᠤᠯᠭ᠋ᠠᠨ᠎ᠳᠤ ᠬᠦᠷᠲᠡᠯ᠎ᠡ ᠤᠬᠠᠭᠤᠯᠵᠤ᠂ ᠠᠢ᠌ᠯ ᠪᠣᠯᠭ᠋ᠠᠨ᠎ᠳᠤ ᠮᠡᠳᠡᠭᠦᠯᠵᠦ᠂ ᠬᠥᠮᠥᠨ ᠪᠦᠬᠦᠨ᠎ᠳᠤ ᠮᠡᠳᠡᠭᠦᠯᠬᠦ ᠵᠢ ᠦᠨᠡᠨᠬᠦ ᠪᠡᠶᠡᠯᠡᠭᠦᠯᠦᠨ᠎ᠡ᠃
   《ᠠᠮᠢᠳᠤᠷᠠᠯ᠎ᠢ᠎ᠨᠢ ᠯᠨ ᠬᠠᠷᠠᠭ᠋ᠠᠯᠵᠠᠵᠤ ᠪᠠᠢ᠌ᠬᠰᠠᠨ》᠎ᠠᠴᠠ 《ᠶᠠᠰᠤ ᠴᠢᠨᠠᠷ ᠵᠶ᠋ᠠᠷ ᠨᠠᠰᠤᠵᠢᠭᠤᠯᠬᠤ》 ᠬᠦᠷᠲᠡᠯ᠎ᠡ ᠲᠦᠩᠯᠢᠶᠣᠣ ᠬᠤᠳᠠ ᠵᠢᠨ᠎ᠬᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ᠎ᠪᠠᠷ ᠠᠷᠠᠳ᠎ᠤᠨ ᠠᠮᠢᠳᠤᠷᠠᠯ᠎ᠤᠨ ᠬᠠᠷᠢᠭᠤᠯᠲᠠ ᠵᠢᠨ ᠬᠠᠭᠤᠳᠠᠰᠤ ᠵᠢ ᠪᠢᠴᠢᠭᠯᠡᠵᠦ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠤᠷᠰᠢ ᠨᠡᠢ᠍ᠢ᠍ᠳᠡ 6000 ᠡᠷᠦᠬᠡ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢ ᠪᠡᠶᠡᠯᠡᠭᠦᠯᠵᠡᠢ᠃ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠬᠦ ᠵᠢᠨ ᠳᠠᠭ᠋ᠠᠤ᠎ᠳᠤ ᠨᠡᠩ ᠣᠯᠠᠨ ᠭᠡᠷ ᠪᠦᠯᠢ ᠵᠢᠨ᠎ᠬᠢᠨ ᠠᠮᠤᠷ ᠲᠦᠪᠰᠢᠨ᠎ᠤ ᠳᠠᠯᠳᠠ ᠬᠡᠮ᠎ᠠᠴᠠ ᠰᠠᠯᠵᠤ᠂ ᠳᠥᠭᠥᠮ ᠳᠥᠲᠡ ᠠᠮᠢᠳᠤᠷᠠᠬᠤ ᠪᠤᠯᠵᠠᠭ᠋ᠠᠪᠠ ᠃ ᠵᠠᠰᠠᠭ ᠠᠵᠤ ᠠᠬᠤᠢ᠌ᠯᠠᠯ ᠨᠡᠢ᠌ᠭᠡᠮ᠎ᠤᠨ ᠬᠣᠷᠰᠢᠶ᠎ᠠ ᠵᠢᠨ ᠬᠠᠮᠵᠢᠯᠴᠠᠨ ᠬᠦᠴᠦᠯᠡᠬᠦ᠎ᠪᠠᠷ ᠳᠡᠮᠵᠢᠨ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠰᠠᠭᠤᠷᠢ ᠪᠠᠢ᠌ᠷᠢ ᠰᠠᠭᠤᠷᠢ ᠵᠢ ᠪᠦᠲᠦᠮᠵᠢᠲᠡᠶ ᠪᠡᠬᠢᠵᠢᠭᠦᠯᠵᠦ᠂ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠴᠢᠨᠰᠠᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ  ᠪᠠ ᠥᠷᠭᠡᠳᠬᠡᠬᠦ ᠵᠢ  ᠠᠵᠢᠯ᠎ᠢ ᠠᠬᠢᠭᠤᠯᠤᠭ᠋ᠠᠳ ᠲᠦᠩᠯᠢᠶᠣᠣ ᠬᠤᠳᠠ ᠵᠢ ᠨᠠᠰᠤᠲᠠᠢ᠌ᠴᠤᠳ᠎ᠤᠨ ᠨᠥᠬᠥᠷᠰᠡᠭ ᠬᠣᠲᠠ ᠵᠢᠨ ᠲᠠᠭᠤᠷᠢᠶᠠᠯ ᠪᠤᠯᠭ᠋ᠠᠬᠤ᠎ᠪᠠᠷ ᠴᠢᠷᠮᠠᠢ᠌ᠵᠤ ᠪᠠᠢ᠌ᠨ᠎ᠠ᠃


 


 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠩᠯᠢᠶᠣᠣ ᠬᠤᠳᠠ ᠵᠢᠨ᠎ᠬᠢᠨ ᠨᠡᠢ᠌ᠭᠡᠮ ᠲᠣᠭᠣᠷᠢᠭ᠎ᠢ ᠨᠠᠰᠤᠲᠠᠢ᠌ᠴᠤᠳ᠎ᠤᠨ ᠬᠠᠯᠠᠭᠤᠨ ᠳᠤᠯᠠᠭ᠋ᠠᠨ ᠭᠡᠷ ᠣᠷᠣᠨ ᠪᠤᠯᠭ᠋ᠠᠵᠤ ᠪᠠᠢ᠌ᠨ᠎ᠠ
ᠬᠥᠬᠡᠬᠣᠲᠠ ᠵᠢᠨ᠎ᠬᠢᠨ ᠠᠷᠠᠳ᠎ᠤᠨ ᠠᠮᠢᠳᠤᠷᠠᠯ᠎ᠢ ᠡᠷᠴᠢᠮ᠎ᠲᠠᠢ ᠪᠠᠳᠤᠯᠠᠭ᠋ᠠᠳ ᠨᠠᠰᠤᠳᠠᠢ᠌ᠴᠤᠳ᠎ᠤᠨ ᠠᠮᠢᠳᠤᠷᠠᠯ ᠵᠢ ᠵᠢᠷᠭ᠋ᠠᠯ ᠨᠡᠮᠡᠷᠢᠯᠡᠵᠤ ᠪᠠᠢ᠌ᠨ᠎ᠠ
ᠵᠠᠢ ᠦᠬᠡᠢ ᠦᠢ᠍ᠯᠡᠴᠢᠯᠡᠭᠡ᠎ᠪᠠᠷ ᠰᠡᠳᠬᠢᠯ᠎ᠢ᠎ᠨᠢ ᠲᠤᠯᠠᠭ᠋ᠠᠴᠠᠭᠤᠯᠵᠤ ᠪᠠᠢ᠌ᠨ᠎ᠠ — ᠦᠬᠠᠢ ᠬᠣᠲᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢ᠎ᠪᠠᠨ ᠤᠯᠠᠨ ᠠᠷᠭ᠎ᠠ᠎ᠪᠠᠷ ᠳᠡᠭᠡᠭᠰᠢᠯᠡᠭᠦᠯᠵᠦ ᠪᠠᠢ᠌ᠨ᠎ᠠ
《〈ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ〉 ᠭᠤᠤᠯ ᠰᠡᠳᠤᠪᠳᠤ ᠠᠵᠢᠯᠯᠠᠭ᠎ᠠ》 — ᠤᠯᠠᠭ᠋ᠠᠨᠴᠠᠪ ᠬᠣᠲᠠ ᠵᠢᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠰᠦᠨ ᠪᠣᠶ᠋ᠢᠵᠢᠯᠲᠠ ᠵᠢ ᠬᠠᠮᠠᠭ᠋ᠠᠯᠠᠬᠤ ᠲᠣᠣᠷ᠎ᠢ ᠪᠠᠳᠤ ᠰᠦᠯᠵᠢᠵᠤ ᠪᠠᠢ᠌ᠨ᠎ᠠ
《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ — ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ
 
            