ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠬᠦᠴᠢᠷᠳᠡᠯᠲᠡᠢ ᠣᠯᠠᠨ ᠲᠦᠮᠡᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠪᠠᠷ ᠬᠠᠷᠠᠯᠲᠠ ᠪᠣᠯᠭ᠋ᠠᠵᠤ᠂ ᠣᠨᠴᠠᠭ᠋ᠠᠶ ᠬᠦᠴᠢᠷᠳᠡᠯᠲᠡᠢ ᠣᠯᠠᠨ ᠲᠦᠮᠡᠨ᠎ᠤ ᠣᠯᠠᠨ ᠲᠠᠰ᠂ ᠣᠯᠠᠨ ᠶᠠᠩᠵᠤ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠰᠠᠨ ᠲᠤᠰᠠᠯᠠᠮᠵᠢ ᠵᠢᠨ ᠠᠷᠭ᠎ᠠ ᠵᠢ ᠪᠤᠢ ᠪᠤᠯᠭ᠋ᠠᠵᠤ ᠬᠦᠴᠢᠷᠳᠡᠯᠲᠡᠢ ᠣᠯᠠᠨ ᠲᠦᠮᠡᠨ᠎ᠳᠤ ᠨᠠᠩ ᠳᠤᠯᠠᠭ᠋ᠠᠨ᠂ ᠨᠠᠩ ᠬᠤᠷᠳᠤᠴᠠ᠎ᠲᠠᠢ᠂ ᠨᠠᠩ ᠨᠠᠷᠢᠯᠢᠭ ᠲᠤᠰᠠᠯᠠᠮᠵᠢ ᠵᠢᠨ ᠦᠢ᠍ᠯᠡᠴᠢᠯᠡᠭᠡ ᠬᠠᠩᠭ᠋ᠠᠵᠤ᠂ ᠬᠡᠷᠡᠭᠴᠡᠭᠡ ᠱᠠᠭ᠋ᠠᠷᠳᠠᠯᠭ᠎ᠠ ᠬᠢᠭᠡᠳ ᠦᠢ᠍ᠯᠡᠴᠢᠯᠡᠭᠡ ᠵᠢ ᠦᠨᠡᠨ ᠬᠦ᠌ ᠪᠦᠲᠦᠮᠵᠢᠲᠡᠶ ᠵᠤᠯᠭ᠋ᠠᠭᠤᠯᠤᠭ᠋ᠠᠳ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ ᠠᠮᠤᠭᠤᠯᠠᠡᠭ ᠲᠥᠷᠥᠭᠳᠡᠯ᠎ᠢ ᠲᠡᠭᠡᠭᠰᠢᠯᠡᠬᠦᠯᠵᠤ ᠪᠠᠢ᠌ᠨ᠎ᠠ᠃
ᠵᠠᠢ ᠦᠬᠡᠢ ᠦᠢ᠍ᠯᠡᠴᠢᠯᠡᠭᠡ᠎ᠪᠠᠷ ᠰᠡᠳᠬᠢᠯ᠎ᠢ᠎ᠨᠢ ᠲᠤᠯᠠᠭ᠋ᠠᠴᠠᠭᠤᠯᠵᠤ ᠪᠠᠢ᠌ᠨ᠎ᠠ
《ᠬᠡᠷ᠎ᠲᠤ ᠢᠷᠡᠵᠤ ᠬᠡᠤᠬᠡᠨ᠎ᠤ ᠵᠡᠮᠳᠡᠭ᠎ᠤᠨ ᠲᠡᠰᠢ ᠲᠤᠬᠳᠠᠭ᠋ᠠᠵᠤ ᠮᠠᠨ᠎ᠤ ᠶᠠᠪᠤᠵᠤ ᠰᠠᠭᠤᠵᠤ ᠬᠦᠴᠢᠷᠳᠡᠯ᠎ᠢ ᠰᠢᠢ᠍ᠳᠪᠤᠷᠢᠯᠡᠵᠤ ᠦᠭᠭᠦᠭᠰᠡᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠳᠤ ᠮᠠᠰᠢᠳᠠ ᠲᠠᠯᠠᠷᠬᠠᠵᠤ ᠪᠠᠢ᠌ᠨ᠎ᠠ》 ᠭᠡᠵᠦ ᠮᠢᠩ ᠣᠪᠣᠭᠲᠤ ᠵᠢᠨ ᠡᠵᠢ᠎ᠨᠢ ᠬᠡᠷ᠎ᠲᠤ᠎ᠨᠢ ᠢᠷᠡᠭᠰᠡᠨ ᠠᠵᠢᠯᠳᠠᠳ᠎ᠲᠤ ᠰᠡᠳᠬᠢᠯ ᠲᠤᠬᠳᠤᠯᠤᠨ ᠶᠠᠷᠢᠵᠤ ᠪᠠᠢ᠌ᠯ᠎ᠠ᠃
ᠦᠬᠠᠢ ᠬᠣᠲᠠ ᠵᠢᠨ ᠤᠳᠠ ᠲᠣᠭᠣᠷᠢᠭ᠎ᠤᠨ ᠯᠢᠶᠠᠩ ᠵᠢᠶᠠ ᠭᠧᠦ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠠᠨ ᠵᠢᠦᠢ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠠᠪᠤᠷᠠᠨ ᠲᠤᠰᠠᠯᠠᠬᠤ ᠲᠤᠰᠠᠯᠠᠭᠴᠢ ᠯᠢ ᠶᠠᠨ ᠮᠢᠩ ᠣᠪᠣᠭᠲᠤ ᠬᠣᠣᠷᠲᠤ ᠬᠠᠪᠤᠳᠠᠷ᠎ᠠᠴᠠ ᠪᠣᠯᠵᠤ ᠲᠠᠮᠪᠠᠷᠠᠨ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠭ᠋ᠠᠬᠤ ᠵᠢᠨ ᠠᠷᠭ᠎ᠠ ᠦᠭᠡᠢ ᠪᠣᠯᠵᠤ᠂ ᠡᠮ ᠡᠮᠨᠡᠯᠭᠡ ᠵᠢᠨ ᠵᠠᠷᠤᠳᠠᠯ ᠨᠡᠯᠢᠶᠡᠳ ᠶᠡᠬᠡ᠂ ᠭᠡᠷ ᠪᠦᠯᠢ ᠵᠢᠨ ᠠᠮᠢᠳᠤᠷᠠᠯ᠎ᠨᠢ ᠲᠤᠢ᠌ᠯ᠎ᠤᠨ ᠬᠦᠴᠢᠷᠳᠡᠯ᠎ᠲᠠᠢ ᠪᠤᠯᠤᠬᠰᠠᠨ᠎ᠢ ᠬᠠᠷᠢᠶ᠎ᠠ ᠣᠷᠣᠨ᠎ᠤ᠎ᠪᠠᠨ ᠣᠯᠠᠨ ᠲᠦᠮᠡᠨ᠎ᠢ ᠡᠳᠤᠷ ᠲᠤᠳᠤᠮ ᠰᠤᠷᠪᠤᠯᠵᠢᠯᠠᠬᠤ᠎ᠳᠤ᠎ᠪᠠᠨ ᠣᠯᠵᠤ ᠮᠡᠳᠡᠬᠡᠳ ᠭᠡᠷ᠎ᠲᠤ ᠬᠦᠷᠴᠤ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠤᠬᠠᠭᠤᠯᠬᠤ ᠵᠢᠨ ᠬᠠᠮᠲᠤ ᠬᠦᠴᠢᠷᠳᠡᠯ᠎ᠲᠠᠢ ᠪᠠᠢ᠌ᠳᠠᠯ᠎ᠢ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠳᠤ ᠴᠠᠭ ᠲᠤᠬᠠᠢ ᠳᠤᠨᠢ ᠮᠡᠳᠡᠭᠦᠯᠵᠡᠢ᠃ ᠦᠬᠠᠢ ᠬᠣᠲᠠ ᠵᠢᠨ ᠤᠳᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠡᠭᠦᠨ᠎ᠤ ᠪᠣᠳᠠᠲᠠᠢ ᠪᠠᠢ᠌ᠳᠠᠯ᠎ᠢ ᠣᠢ᠌ᠯᠠᠭ᠋ᠠᠭᠰᠠᠨ᠎ᠤ ᠳᠠᠷᠠᠭ᠎ᠠ ᠮᠢᠩ ᠣᠪᠣᠭᠲᠤ ᠵᠢᠨ᠎ᠬᠢᠨ᠎ᠢ ᠲᠠᠷᠤᠢ ᠬᠠᠪᠰᠤᠷᠤᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠭᠤᠶᠤᠴᠢᠯᠠᠵᠤ ᠦᠭᠭᠦᠭᠰᠡᠨ ᠪᠦᠬᠡᠳ ᠵᠡᠮᠳᠡᠭᠴᠦᠳ᠎ᠤᠨ ᠬᠣᠯᠪᠣᠭ᠎ᠠ᠂ ᠤᠳᠠ ᠲᠣᠭᠣᠷᠢᠭ᠎ᠤᠨ ᠠᠷᠠᠳ᠎ᠤᠨ ᠡᠮᠨᠡᠯᠭᠡ ᠵᠢᠨ ᠬᠣᠷᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠵᠣᠬᠢᠴᠠᠭᠤᠯᠤᠨ ᠭᠡᠷ᠎ᠲᠤ᠎ᠨᠢ ᠬᠦᠷᠴᠦ ᠵᠡᠮᠳᠡᠭᠴᠦᠳ᠎ᠤᠨ ᠬᠢᠨᠠᠨ ᠲᠣᠭᠲᠠᠭ᠋ᠠᠯᠲᠠ ᠬᠢᠵᠦ᠂ ᠬᠦᠴᠢᠷᠳᠡᠯᠲᠡᠢ ᠣᠯᠠᠨ ᠲᠦᠮᠡᠨ᠎ᠤ 《ᠶᠠᠪᠤᠵᠤ ᠰᠠᠭᠤᠬᠤ᠎ᠳᠤ ᠬᠦᠴᠢᠷ᠂ ᠦᠨᠡᠮᠯᠡᠯ ᠠᠪᠬᠤ᠎ᠳᠤ ᠬᠦᠴᠢᠷ》 ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠪᠡ᠃
ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠢᠭᠡᠳᠦᠯᠲᠡᠢ ᠲᠥᠯᠥᠪᠯᠡᠨ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠬᠢ ᠪᠠᠶᠠᠯᠢᠭ ᠪᠠ ᠨᠡᠢ᠌ᠭᠡᠮ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠨᠡᠢ᠌ᠭᠡᠮ᠎ᠤᠨ ᠲᠤᠰᠠᠯᠠᠮᠵᠢ ᠵᠢᠨ ᠰᠠᠯᠠᠭ᠎ᠠ ᠮᠥᠴᠢᠷ᠎ᠤᠨ ᠬᠠᠮᠲᠤᠷᠠᠭᠰᠠᠨ ᠬᠤᠷᠠᠯ᠎ᠢ ᠬᠤᠷᠠᠯᠳᠤᠭᠤᠯᠵᠤ᠂ ᠰᠠᠯᠠᠭ᠎ᠠ ᠮᠥᠴᠢᠷ᠎ᠤᠨ᠎ᠬᠢᠨ᠎ᠤ ᠬᠠᠮᠲᠤᠷᠠᠨ ᠬᠥᠳᠡᠯᠦᠯᠴᠡᠬᠦ᠂ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠬᠦ ᠠᠵᠢᠯ᠎ᠢ ᠴᠢᠩᠭ᠋ᠠᠳᠬᠠᠵᠤ᠂ ᠲᠣᠭ᠎ᠠ ᠪᠠᠷᠢᠮᠲᠠ ᠵᠢ ᠬᠠᠮᠳᠤ᠎ᠪᠠᠷ ᠭᠥᠷᠳᠡᠬᠦ ᠲᠣᠭᠲᠠᠴᠠ ᠵᠢ ᠪᠠᠢ᠌ᠭᠤᠯᠤᠨ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠡᠬᠢ ᠪᠠᠶᠠᠯᠢᠭ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠡᠩᠨᠡᠭᠡ ᠵᠢᠨ ᠬᠦᠴᠦᠨ᠎ᠢ ᠪᠣᠢ᠌ᠵᠢᠭᠤᠯᠤᠨ᠂ ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠳᠠᠭ᠋ᠠᠳᠬᠠᠯ ᠵᠡᠷᠭᠡ ᠰᠠᠯᠠᠭ᠎ᠠ ᠮᠥᠴᠢᠷ ᠪᠠ ᠠᠵᠢᠯᠴᠢᠨ᠎ᠤ ᠡᠪᠯᠡᠯ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠎ᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ ᠨᠡᠢ᠌ᠭᠡᠮ᠎ᠤᠨ ᠲᠤᠰᠬᠠᠢ ᠠᠵᠢᠯ᠎ᠤᠨ ᠬᠠᠪᠰᠤᠷᠤᠨ ᠲᠡᠳᠬᠦᠬᠦ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠥᠷᠨᠢᠭᠦᠯᠬᠦ ᠵᠢ ᠠᠬᠢᠭᠤᠯᠤᠬᠰᠠᠨ᠎ᠤ ᠬᠠᠮᠳᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠡᠭᠦᠷᠭᠡ ᠴᠢᠳᠠᠪᠤᠷᠢ ᠵᠢᠨ ᠳᠠᠪᠠᠭᠤᠯᠢᠭ᠎ᠢ ᠪᠠᠳᠠᠷᠠᠭᠤᠯᠵᠤ᠂ ᠨᠠᠰᠤᠵᠢᠯ᠎ᠤᠨ ᠠᠰᠠᠷᠠᠮᠵᠢ᠂ ᠵᠡᠮᠳᠡᠭᠴᠦᠳ᠎ᠢ ᠲᠤᠰᠠᠯᠠᠬᠤ᠂ ᠬᠡᠦᠬᠡᠳ ᠰᠠᠭ᠋ᠠᠲᠠᠭᠤᠯᠬᠤ ᠵᠡᠷᠭᠡ ᠬᠠᠯᠠᠮᠵᠢᠯᠠᠬᠤ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠵᠣᠯᠭ᠋ᠠᠭᠤᠯᠵᠤ᠂ ᠨᠢᠭᠦᠯᠡᠰᠦᠩᠭᠦᠢ ᠵᠢᠨ ᠲᠡᠳᠬᠦᠮᠵᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠬᠠᠨᠳᠢᠪ᠎ᠤᠨ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠦᠢ᠍ᠯᠡᠴᠢᠯᠡᠭᠡ᠂ ᠠᠵᠢᠯ ᠲᠥᠷᠥᠯ ᠵᠶ᠋ᠡᠷ ᠵᠶ᠋ᠡᠨ ᠬᠣᠣᠰᠯᠠᠬᠤ᠂ ᠬᠥᠷᠰᠢ ᠬᠤᠭᠤᠷᠤᠨᠳᠤ ᠵᠢᠨ ᠬᠠᠪᠰᠤᠷᠤᠯᠴᠠᠭ᠎ᠠ ᠵᠡᠷᠭᠡ ᠨᠡᠢ᠌ᠭᠡᠮ᠎ᠤᠨ ᠡᠬᠢ ᠪᠠᠶᠠᠯᠢᠭ᠎ᠢ ᠡᠮᠬᠢᠯᠡᠨ ᠰᠢᠯᠢᠳᠡᠭᠵᠢᠬᠦᠯᠪᠡ᠃
ᠴᠠᠬᠢᠮ ᠴᠢᠮᠡᠬᠡᠨᠤ ᠮᠡᠳᠡᠭᠳᠡᠯ᠎ᠢ ᠲᠡᠰ ᠲᠡᠪᠰᠢᠬᠦᠯᠵᠤᠪ ᠲᠤᠰᠠᠯᠠᠮᠵᠢ ᠵᠢᠨ ᠦᠢ᠍ᠯᠡᠴᠢᠯᠡᠬᠡ ᠵᠢ ᠨᠡᠡᠭ ᠲᠦᠬᠦᠮ ᠪᠤᠯᠭ᠋ᠠᠵᠤ ᠪᠠᠢ᠌ᠨ᠎ᠠ
《ᠥᠩᠭᠡᠷᠡᠭᠰᠡᠨ᠎ᠳᠤ ᠴᠠᠬᠢᠮ ᠴᠢᠮᠡᠬᠡ᠎ᠪᠠᠷ ᠮᠡᠳᠡᠭᠳᠡᠳᠡᠭ ᠦᠭᠡᠢ ᠪᠤᠯᠬᠤᠷ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠮᠥᠩᠭᠥ ᠵᠢ ᠬᠡᠵᠢᠶ᠎ᠡ ᠶᠠᠪᠤᠭᠤᠯᠬᠤ ᠵᠢ ᠮᠡᠳᠡᠬᠦ ᠦᠭᠡᠢ᠂ ᠬᠦᠯᠢᠶᠡᠳᠡᠭ ᠪᠠᠢ᠌ᠯ᠎ᠠ᠂ ᠵᠠᠷᠢᠮ᠎ᠳᠤ᠎ᠪᠠᠨ ᠪᠠᠩᠬᠢ᠎ᠳᠤ ᠬᠡᠳᠦ ᠤᠴᠢᠵᠤ ᠠᠰᠠᠭᠤᠳᠠᠭ ᠤᠳᠠᠭ᠎ᠠ᠎ᠲᠠᠢ᠂ ᠣᠳᠣ ᠦᠨᠡᠬᠡᠷ ᠰᠠᠢ᠌ᠨ ᠪᠣᠯᠣᠯ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠮᠥᠩᠭᠥ ᠺᠠᠷᠲ᠎ᠲᠤ ᠤᠷᠤᠬᠰᠠᠨ ᠴᠠᠬᠢᠮ ᠴᠢᠮᠡᠬᠡ ᠶᠠᠪᠤᠭᠤᠯᠳᠠᠭ ᠪᠤᠯᠤᠬᠰᠠᠨ ᠪᠤᠯᠬᠤᠷ᠂ᠣᠳᠣ ᠭᠡᠷ᠎ᠲᠤ᠎ᠪᠠᠨ ᠴᠠᠬᠢᠮ ᠴᠢᠮᠡᠬᠡ ᠵᠢ ᠬᠦᠯᠢᠶᠡᠬᠡᠳ ᠰᠠᠭᠤᠪᠠᠯ ᠪᠣᠯᠴᠢᠬᠠᠨ᠎ᠠ 》 ᠭᠡᠵᠦ ᠸᠧᠢ ᠨᠠᠰᠤᠲᠠᠨ ᠪᠠᠶᠠᠷᠲᠠᠢ ᠶᠠᠷᠢᠵᠤ ᠪᠠᠢ᠌ᠯ᠎ᠠ᠃
ᠦᠬᠠᠢ ᠬᠣᠲᠠ ᠵᠢᠨ ᠤᠳᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠵᠢᠯ᠎ᠤᠨ ᠰᠢᠨ᠎ᠡ ᠠᠷᠭ᠎ᠠ ᠵᠢ ᠡᠬᠦᠳᠤᠨ ᠴᠠᠬᠢᠮ ᠴᠢᠮᠡᠭᠡᠨ᠎ᠤ ᠲᠠᠪᠴᠠᠩ᠎ᠤᠨ ᠳᠠᠪᠠᠭᠤᠯᠢᠭ᠎ᠢ ᠭᠦᠢ᠍ᠴᠡᠳ ᠠᠰᠢᠭᠯᠠᠨ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ᠂ ᠲᠦᠷ ᠴᠠᠭ᠎ᠤᠨ ᠲᠤᠰᠠᠯᠠᠮᠵᠢ ᠵᠡᠷᠭᠡ ᠬᠦᠴᠢᠷᠳᠡᠯᠲᠡᠢ ᠣᠯᠠᠨ ᠲᠦᠮᠡᠨ᠎ᠳᠤ ᠲᠤᠰᠠᠯᠠᠮᠵᠢ ᠵᠢᠨ ᠪᠡᠯᠡ ᠮᠥᠩᠭᠥ ᠵᠢᠨ ᠴᠠᠬᠢᠮ ᠴᠢᠮᠡᠭᠡᠨ᠎ᠤ ᠮᠡᠳᠡᠭᠳᠡᠯ᠎ᠤᠨ ᠦᠢ᠍ᠯᠡᠴᠢᠯᠡᠭᠡ ᠬᠠᠩᠭ᠋ᠠᠵᠤ᠂ ᠲᠡᠳᠡᠨ᠎ᠳᠤ ᠶᠠᠮᠠᠷ ᠶᠠᠮᠠᠷ ᠨᠥᠬᠥᠪᠦᠷᠢ ᠣᠯᠣᠭᠰᠠᠨ ᠪᠠ ᠲᠤᠰᠠᠯᠠᠮᠵᠢ ᠭᠥᠷᠳᠡᠭᠰᠡᠨ ᠪᠠᠢ᠌ᠳᠠᠯ᠎ᠢ᠎ᠨᠢ ᠲᠣᠳᠣᠷᠬᠠᠢ ᠮᠡᠳᠡᠭᠦᠯᠵᠦ᠂ ᠣᠯᠠᠨ᠎ᠤ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠨᠣᠷᠮ᠎ᠠ ᠵᠢ ᠳᠡᠭᠡᠭᠰᠢᠯᠡᠭᠦᠯᠦᠨ᠂ ᠣᠯᠠᠨ ᠲᠦᠮᠡᠨ᠎ᠳᠤ 《ᠬᠠᠮᠢᠭ᠎ᠠ᠎ᠠᠴᠠ ᠠᠰᠢᠭ ᠭᠥᠷᠳᠡᠬᠦ》 ᠵᠢ ᠣᠢ᠌ᠯᠠᠭ᠋ᠠᠭᠤᠯᠪᠠ᠃ ᠣᠳᠣᠬᠠᠨ᠎ᠳᠤ ᠪᠥᠬᠥ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠨᠥᠬᠥᠪᠦᠷᠢ᠂ ᠥᠨᠥᠴᠢᠨ ᠬᠡᠦᠬᠡᠳ᠎ᠤᠨ ᠨᠥᠬᠥᠪᠦᠷᠢ᠂ ᠵᠡᠮᠳᠡᠭᠴᠦᠳ᠎ᠤᠨ 《ᠬᠣᠶᠠᠷ ᠨᠥᠬᠥᠪᠦᠷᠢ》᠂ ᠨᠠᠰᠤᠲᠠᠢ᠌ᠴᠤᠳ᠎ᠤᠨ ᠬᠠᠷᠠᠭ᠋ᠠᠯᠵᠠᠯ᠎ᠤᠨ ᠮᠥᠩᠭᠥ᠂ ᠦᠳᠡᠬᠦᠰ᠎ᠤᠨ ᠨᠥᠬᠥᠪᠦᠷᠢ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠨᠥᠬᠥᠪᠦᠷᠢ ᠭᠥᠷᠳᠡᠵᠦ ᠪᠠᠢ᠌ᠭ᠎ᠠ ᠬᠦᠮᠦᠰ ᠴᠥᠮ ᠴᠠᠬᠢᠮ ᠴᠢᠮᠡᠬᠡ᠎ᠪᠠᠷ ᠮᠡᠳᠡᠭᠳᠡᠬᠦ ᠦᠢ᠍ᠯᠡᠴᠢᠯᠡᠭᠡ ᠵᠢ ᠨᠢᠭᠡᠨᠲᠡ ᠪᠡᠶᠡᠯᠡᠭᠦᠯᠵᠦ᠂ ᠰᠠᠷ᠎ᠠ ᠪᠦᠷᠢ ᠴᠠᠬᠢᠮ ᠴᠢᠮᠡᠬᠡ᠎ᠪᠠᠷ ᠰᠠᠨᠠᠭᠤᠯᠬᠤ ᠠᠷᠭ᠎ᠠ ᠪᠠᠷ 4700 ᠭᠠᠷᠤᠢ ᠣᠯᠠᠨ ᠲᠦᠮᠡᠨ᠎ᠳᠤ ᠠᠷᠠᠳ᠎ᠤᠨ ᠶᠠᠪᠤᠳᠠᠯ᠎ᠤᠨ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ᠎ᠪᠠᠷ ᠬᠦᠷᠭᠡᠨ ᠥᠭᠴᠦ ᠪᠠᠢ᠌ᠨ᠎ᠠ᠃
ᠲᠤᠰᠠᠯᠠᠮᠵᠢ ᠵᠢᠨ ᠴᠤᠡᠭᠬᠤᠪᠴᠢ ᠲᠡᠬᠡᠷ᠎ᠡ ᠨᠢᠬᠡ ᠯᠨ ᠦᠷᠳᠡᠭᠡ᠎ᠪᠠᠷ ᠲᠤᠰᠠᠯᠠᠮᠵᠢ ᠵᠢᠨ ᠲᠡᠳᠬᠦᠮᠵᠢ ᠵᠢ ᠨᠡᠡᠭ ᠪᠦᠳᠤᠮᠵᠢᠳᠡᠢ ᠪᠤᠯᠭ᠋ᠠᠵᠤ ᠪᠠᠢ᠌ᠨ᠎ᠠ
《ᠲᠠ ᠰᠠᠢ᠌ᠨ ᠦᠦ᠂ ᠲᠠᠨ᠎ᠤ ᠲᠤᠰᠢᠶᠠᠭᠰᠠᠨ ᠲᠦᠷ ᠴᠠᠭ᠎ᠤᠨ ᠲᠤᠰᠠᠯᠠᠮᠵᠢ ᠵᠢᠨ ᠭᠤᠶᠤᠴᠢᠯᠠᠯ᠎ᠳᠤ ᠪᠠᠰᠠ ᠣᠨᠣᠰᠢᠯᠠᠯᠲᠠ ᠵᠢᠨ ᠪᠢᠴᠢᠭ᠂ ᠡᠮᠨᠡᠯᠭᠡ ᠵᠢᠨ ᠵᠠᠷᠤᠳᠠᠯ᠎ᠤᠨ ᠵᠠᠷᠤᠯᠭ᠎ᠠ ᠵᠢᠨ ᠭᠡᠷᠡᠴᠢ ᠪᠠᠷᠢᠮᠲᠠ ᠪᠣᠯᠣᠨ ᠪᠠᠢ᠌ᠳᠠᠯ᠎ᠤᠨ ᠲᠣᠳᠣᠷᠬᠠᠢ᠌ᠯᠠᠯᠲᠠ ᠵᠡᠷᠭᠡ ᠮᠠᠲ᠋ᠧᠷᠢᠶᠠᠯ ᠬᠠᠩᠭ᠋ᠠᠬᠤ ᠴᠢᠬᠤᠯᠠᠲᠠᠢ ᠪᠠᠢ᠌ᠨ᠎ᠠ᠂ ᠬᠡᠷᠡᠭᠰᠡᠬᠦ ᠮᠠᠲ᠋ᠧᠷᠢᠶᠠᠯ᠎ᠢ ᠪᠢ ᠲᠠᠨ᠎ᠳᠤ ᠪᠦᠷ ᠪᠢᠴᠢᠵᠦ ᠥᠭᠭᠦᠶ᠎ᠡ᠂ ᠲᠠ ᠬᠠᠷᠢᠭ᠋ᠠᠳ ᠡᠮᠬᠢᠯᠡᠵᠦ ᠦᠵᠡ ᠁》 ᠭᠡᠵᠦ ᠦᠬᠠᠢ ᠬᠣᠲᠠ ᠵᠢᠨ ᠬᠠᠢ᠌ᠷᠤᠪ᠎ᠤᠨ ᠲᠣᠬᠣᠢ ᠲᠣᠭᠣᠷᠢᠭ᠎ᠤᠨ 《ᠹᠸᠡᠭ ᠬᠤᠸᠠᠡᠭ ᠯᠢᠡᠭ》 ᠵᠡᠬᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠠᠵᠢᠯᠲᠠᠨ ᠭᠦᠸᠧ ᠬᠣᠩ ᠶᠠᠨ ᠭᠦᠸᠧ ᠣᠪᠣᠭᠲᠤ ᠵᠢᠨ ᠠᠰᠠᠭᠤᠯᠲᠠ ᠵᠢ ᠬᠦᠯᠢᠴᠡᠩᠭᠦᠢ᠎ᠪᠠᠷ ᠬᠠᠷᠢᠭᠤᠯᠵᠤ ᠪᠠᠢ᠌ᠯ᠎ᠠ᠃
ᠭᠦᠸᠧ ᠣᠪᠣᠭᠲᠤ ᠰᠣᠨᠣᠷ᠎ᠤᠨ ᠮᠡᠳᠡᠷᠡᠯ᠎ᠤᠨ ᠬᠥᠨᠥᠭᠡᠯᠳᠦ ᠪᠤᠰᠤ ᠬᠠᠪᠤᠳᠠᠷ᠎ᠲᠤ ᠨᠡᠷᠪᠡᠭᠳᠡᠵᠦ᠂ ᠡᠮᠴᠢᠯᠡᠭᠡᠨ᠎ᠤ ᠵᠠᠷᠤᠳᠠᠯ᠎ᠨᠢ ᠥᠨᠳᠥᠷ᠂ ᠠᠮᠢᠳᠤᠷᠠᠯ᠎ᠨᠢ ᠬᠦᠴᠢᠷᠳᠡᠯ᠎ᠲᠠᠢ ᠪᠣᠯᠵᠠᠢ᠃ ᠦᠬᠠᠢ ᠬᠤᠳᠠ ᠵᠢᠨ ᠬᠠᠢ᠌ᠷᠤᠪ᠎ᠤᠨ ᠲᠣᠬᠣᠢ ᠲᠣᠭᠣᠷᠢᠭ᠎ᠤᠨ 《ᠹᠸᠡᠭ ᠬᠤᠸᠠᠡᠭ ᠯᠢᠡᠭ》 ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ ᠲᠡᠭᠦᠨ᠎ᠤ ᠲᠦᠷ ᠴᠠᠭ᠎ᠤᠨ ᠲᠤᠰᠠᠯᠠᠮᠵᠢ ᠵᠢᠨ ᠭᠤᠶᠤᠴᠢᠯᠠᠯ᠎ᠢ ᠬᠦᠯᠢᠶᠡᠨ ᠠᠪᠤᠭᠰᠠᠨ ᠪᠥᠭᠡᠳ ᠦᠨᠳᠦᠰᠦᠨ ᠮᠡᠳᠡᠭᠡ ᠵᠠᠩᠭᠢ ᠵᠢ ᠡᠮ ᠡᠮᠨᠡᠯᠭᠡ ᠵᠢᠨ ᠳᠠᠭ᠋ᠠᠳᠬᠠᠯ᠂ ᠡᠷᠡᠭᠦᠯ ᠬᠠᠮᠠᠭ᠋ᠠᠯᠠᠯ ᠡᠷᠡᠭᠦᠯ ᠬᠠᠮᠠᠭ᠋ᠠᠯᠠᠯ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠦᠷᠭᠡᠵᠡᠢ᠃
ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠠᠪᠤᠷᠠᠨ ᠲᠤᠰᠠᠯᠠᠯᠲᠠ ᠵᠢᠨ 《ᠨᠢᠭᠡ ᠰᠠᠯᠠᠭ᠎ᠠ ᠮᠥᠴᠢᠷ ᠭᠥᠯᠢᠶᠡᠨ ᠠᠪᠴᠤ ᠰᠢᠢ᠍ᠳᠪᠦᠷᠢᠯᠡᠬᠦ᠂ ᠬᠠᠮᠵᠢᠯᠴᠠᠨ ᠭᠦᠢ᠍ᠴᠡᠳᠬᠡᠬᠦ》 ᠠᠵᠢᠯ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠴᠥᠮ ᠨᠡᠢ᠌ᠭᠡᠮ᠎ᠤᠨ ᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠴᠣᠩᠬᠣ ᠭᠠᠷᠭ᠋ᠠᠵᠤ᠂ ᠲᠤᠰᠬᠠᠢ ᠬᠥᠮᠥᠨ ᠲᠤᠰᠬᠠᠢ ᠠᠵᠢᠯ᠎ᠤᠨ ᠪᠠᠢ᠌ᠷᠢ ᠲᠣᠬᠢᠷᠠᠭᠤᠯᠤᠨ᠂ ᠠᠵᠢᠯᠯᠠᠬᠤ ᠴᠠᠭ᠎ᠲᠤ ᠲᠤᠰᠬᠠᠢ ᠬᠥᠮᠥᠨ ᠠᠵᠢᠯ᠎ᠤᠨ ᠪᠠᠢ᠌ᠷᠢ᠎ᠳᠤ ᠪᠠᠢ᠌ᠵᠤ ᠠᠰᠠᠭᠤᠨ ᠯᠠᠪᠯᠠᠬᠤ᠂ ᠭᠤᠶᠤᠴᠢᠯᠠᠬᠤ᠂ ᠭᠥᠯᠢᠶᠡᠨ ᠠᠪᠴᠤ ᠰᠢᠢ᠍ᠳᠪᠦᠷᠢᠯᠡᠬᠦ᠂ ᠠᠩᠬ᠎ᠠ ᠬᠢᠨᠠᠬᠤ ᠵᠡᠷᠭᠡ ᠨᠢᠭᠡ ᠦᠷᠳᠡᠬᠡᠴᠢᠯᠡᠭᠰᠡᠨ ᠦᠢ᠍ᠯᠡᠴᠢᠯᠡᠭᠡ ᠬᠠᠩᠭ᠋ᠠᠬᠤ ᠵᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠢ ᠳᠤᠲᠠᠭᠤ ᠭᠦᠶᠦᠯᠭᠡᠵᠦ᠂ ᠤᠴᠢᠷ ᠶᠠᠪᠤᠳᠠᠯ ᠪᠦᠲᠦᠭᠡᠬᠦ᠎ᠳᠤ ᠠᠮᠠᠷ ᠪᠣᠯᠭ᠋ᠠᠪᠠ᠃