ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ — ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ
ᠨᠡᠶᠢᠲᠡᠯᠡᠭᠰᠡᠨ ᠴᠠᠭ᠄ 2025-06-10

     ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠤᠷᠴᠢᠮ᠎ᠳᠤ 2025 ᠣᠨ᠎ᠤ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠡᠶ᠎ᠡ ᠰᠡᠳᠬᠢᠯ᠎ᠤᠨ ᠡᠷᠡᠭᠦᠯ ᠵᠶ᠋ᠡᠷ ᠦᠰᠦᠨ ᠪᠤᠢ᠌ᠵᠢᠯᠳᠠ ᠵᠢ ᠨᠠᠩ ᠰᠠᠢ᠌ᠨ ᠠᠬᠢᠭᠤᠯᠪᠠ᠃


  ᠤᠯᠠᠨ ᠶᠠᠡᠭᠵᠤ ᠵᠢᠨ ᠠᠵᠢᠯᠯᠠᠭ᠎ᠠ᠎ᠪᠠᠷ ᠬᠠᠢ᠌ᠷ᠎ᠠ ᠵᠢ ᠲᠠᠮᠵᠢᠭᠤᠯᠪᠠ


   ᠬᠡᠰᠢᠭᠲᠡᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠡᠰᠢᠭᠳᠡᠨ ᠬᠤᠰᠢᠭᠤᠨ᠎ᠤ ᠰᠣᠶᠣᠯ ᠵᠤᠭ᠋ᠠᠴᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠡᠰᠢᠭᠳᠡᠨ ᠬᠤᠰᠢᠭᠤᠨ᠎ᠤ ᠰᠣᠶᠣᠯ᠎ᠤᠨ ᠣᠷᠳᠣᠨ᠂ ᠬᠡᠰᠢᠭᠳᠡᠨ ᠬᠤᠰᠢᠭᠤᠨ᠎ᠤ ᠨᠠᠰᠤᠨ᠎ᠳᠤ ᠦᠯᠦ ᠬᠦᠷᠦᠭᠰᠡᠳ᠎ᠢ  ᠬᠠᠮᠠᠭ᠋ᠠᠯᠠᠬᠤ ᠬᠣᠯᠪᠣᠭ᠋ᠠᠲᠤ ᠬᠤᠷᠠᠯ᠎ᠤᠨ᠎ᠬᠢᠨ᠎ᠲᠠᠢ ᠭᠠᠷ ᠬᠣᠯᠪᠣᠯᠴᠠᠨ ᠬᠠᠯᠠᠮᠵᠢ ᠬᠦᠷᠭᠡᠬᠦ ᠠᠵᠢᠯᠯᠠᠭ᠎ᠠ  ᠦᠷᠨᠢᠬᠦᠯᠦᠭᠰᠡᠨ ᠵᠶ᠋ᠡᠷ ᠬᠡᠦᠬᠡᠳ᠎ᠤᠳ ᠡᠯ᠎ᠡ ᠲᠦᠷᠦᠯ᠎ᠤᠨ ᠭᠣᠢ᠌ᠳᠠ ᠰᠠᠢ᠌ᠬᠠᠨ ᠲᠦᠷᠦᠯ ᠵᠦᠢ᠍ᠯ᠎ᠢ ᠪᠡᠶᠡᠴᠢᠯᠡᠨ ᠣᠢ᠌ᠯᠠᠭ᠋ᠠᠵᠤ᠂  ᠨᠤᠮ ᠤᠩᠰᠢᠯᠭ᠎ᠠ᠂ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠂ ᠭᠠᠷᠬᠠᠨ ᠲᠣᠭᠯᠠᠭ᠎ᠠ᠂ ᠳᠡᠭᠡᠰᠦ ᠦᠰᠦᠷᠬᠦ ᠬᠥᠳᠡᠯᠭᠡᠭᠡᠨ ᠵᠡᠷᠭᠡ ᠰᠣᠨᠢᠷᠬᠠᠯᠲᠠᠢ ᠵᠤᠭ᠎ᠠ ᠴᠡᠩᠭᠡᠯ᠎ᠤᠨ ᠠᠵᠢᠯᠯᠠᠭ᠎ᠠ᠂ ᠪᠠᠰᠠ  ᠬᠡᠤᠬᠡᠳ᠎ᠤᠨ ᠪᠥᠵᠢᠭ᠎ᠤᠨ ᠲᠠᠪᠴᠠᠩ ᠵᠶ᠋ᠠᠷ ᠬᠡᠦᠬᠡᠳ᠎ᠤᠳ᠎ᠢ ᠳᠠᠭᠤᠯᠠᠨ ᠪᠥᠵᠢᠭᠯᠡᠵᠦ ᠤᠷ᠎ᠠ ᠴᠢᠳᠠᠪᠤᠷᠢ᠎ᠪᠠᠨ ᠭᠠᠢ᠌ᠬᠠᠭᠤᠯᠤᠯ᠎ᠠ᠃ ᠠᠵᠢᠯᠲᠠᠳ ᠪᠠᠰᠠ ᠲᠤᠬᠠᠢ ᠵᠢᠨ ᠲᠠᠯᠠᠪᠤᠷ᠎ᠲᠤ ᠬᠡᠦᠬᠡᠳ ᠪᠠ ᠭᠡᠷ᠎ᠤᠨ ᠠᠬᠠᠮᠠᠳ᠎ᠲᠤ ᠬᠡᠦᠬᠡᠳ᠎ᠢ ᠬᠠᠮᠠᠭ᠋ᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢ ᠤᠬᠠᠭᠤᠯᠵᠤ᠂ ᠨᠠᠰᠤᠨ᠎ᠳᠤ ᠥᠯᠥ ᠭᠦᠷᠦᠭᠰᠡᠳ ᠪᠤᠯᠤᠨ ᠬᠢᠨᠠᠨ ᠬᠠᠮᠠᠭ᠋ᠠᠯᠠᠭᠴᠢ ᠵᠢᠨ ᠬᠠᠤᠯᠢ ᠴᠠᠭ᠋ᠠᠵᠠ ᠵᠢᠨ ᠦᠵᠡᠯ ᠤᠬᠠᠮᠰᠠᠷ᠎ᠢ ᠳᠡᠭᠡᠭᠰᠢᠯᠡᠭᠦᠯᠪᠡ᠃
      ᠪᠠᠭ᠋ᠠᠷᠢᠨ ᠪᠠᠷᠠᠭᠤᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠠᠭ᠋ᠠᠷᠢᠨ ᠪᠠᠷᠠᠭᠤᠨ ᠬᠣᠰᠢᠭᠤᠨ᠎ᠤ ᠴᠠᠭ᠋ᠠᠨᠨᠠᠭᠤᠷ ᠪᠠᠯᠭ᠋ᠠᠰᠤᠨ᠎ᠤ ᠶᠠᠩ ᠴᠠᠩ ᠪᠠᠭ᠎ᠠ ᠰᠤᠷᠭ᠋ᠠᠭᠤᠯᠢ᠎ᠳᠤ 《6 · 1》 ᠎ᠢ ᠪᠡᠯᠭᠡᠯᠡᠬᠦ ᠭᠣᠣᠯ ᠰᠡᠳᠦᠪᠲᠦ ᠠᠵᠢᠯᠯᠠᠭ᠎ᠠ  ᠵᠢ ᠬᠠᠮᠳᠤᠷᠠᠨ ᠥᠷᠨᠢᠭᠦᠯᠵᠦ᠂ ᠬᠥᠭᠥᠷᠭᠡ ᠲᠠᠯᠪᠢᠵᠤ ᠭᠣᠣᠯ ᠭᠠᠲᠤᠯᠬᠤ ᠵᠡᠷᠬᠡ ᠤᠷᠤᠯᠳᠤᠭ᠋ᠠᠨ ᠵᠶ᠋ᠡᠷ  ᠳᠠᠮᠵᠢᠨ ᠬᠡᠦᠬᠡᠳ᠎ᠤᠨ ᠪᠦᠯᠬᠦᠮ ᠨᠡᠶ᠋ᠢᠲᠡ᠎ᠪᠠᠷ ᠵᠶ᠋ᠡᠨ ᠬᠠᠮᠵᠢᠯᠴᠠᠬᠤ ᠴᠢᠳᠠᠪᠤᠷᠢ ᠵᠢ ᠳᠡᠭᠡᠭᠰᠢᠯᠡᠭᠦᠯᠵᠦ᠂ ᠬᠡᠦᠬᠡᠳ᠎ᠢ ᠪᠠᠶᠠᠷ ᠪᠠᠶᠠᠰᠬᠤᠯᠠᠩ᠎ᠤᠨ ᠳᠤᠮᠳᠠ ᠨᠥᠬᠥᠷᠯᠡᠯ ᠵᠶ᠋ᠡᠨ ᠵᠤᠵᠠᠭ᠋ᠠᠳᠬᠠᠵᠤ᠂ ᠢᠳᠡᠪᠬᠢᠲᠡᠢ ᠪᠠᠶᠠᠰᠤᠩᠭᠤᠢ ᠰᠡᠳᠬᠢᠯ᠎ᠤᠨ ᠪᠠᠢ᠌ᠳᠠᠯ᠎ᠲᠠᠢ ᠪᠤᠯᠭ᠋ᠠᠯ᠎ᠠ᠃
  ᠰᠦᠩᠱ᠌ᠠᠨ ᠲᠣᠭᠣᠷᠢᠭ᠎ᠤᠨ ᠰᠦᠩᠪᠸᠢ ᠶᠡᠷᠦᠩᠬᠡᠢ᠌ᠯᠡᠭᠰᠡᠨ ᠣᠷᠳᠣᠨ᠎ᠤ ᠣᠯᠠᠨ ᠴᠢᠳᠠᠮᠵᠢᠲᠤ ᠲᠢᠩᠬᠢᠮ᠎ᠤᠨ ᠠᠵᠢᠯᠯᠠᠭ᠋ᠠᠨ᠎ᠤ ᠠᠬᠤᠢ ᠲᠠᠯᠠᠪᠠᠶ᠎ᠳᠤ ᠰᠦᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠭᠣᠣᠯᠯᠠᠨ ᠡᠷᠬᠢᠯᠡᠭᠰᠡᠨ 《ᠰᠦᠩᠱ᠌ᠠᠨ᠎ᠤ᠎ᠬᠢᠨ ᠵᠶ᠋ᠡᠨ ᠲᠤᠯᠠᠭ᠋ᠠᠯᠠᠵᠤ ᠬᠡᠤᠬᠡᠳ᠎ᠤᠨ ᠦᠰᠤᠨ ᠪᠤᠢ᠌ᠵᠢᠯᠳᠠ ᠵᠢ ᠬᠠᠮᠠᠭ᠋ᠠᠯᠠᠬᠤ 》 ᠭᠣᠣᠯ ᠰᠡᠳᠦᠪᠲᠦ ᠠᠵᠢᠯᠯᠠᠭ᠎ᠠ  ᠬᠦᠷ ᠬᠥᠭᠵᠢᠶᠡᠨ᠎ᠲᠠᠢ ᠶᠠᠪᠤᠭᠳᠠᠵᠤ ᠪᠠᠢ᠌ᠯ᠎ᠠ᠃  ᠠᠵᠢᠯᠯᠠᠭ᠎ᠠ᠎ᠳᠤ ᠪᠠᠰᠠ 《  ᠬᠡᠤᠬᠡᠳ᠎ᠤᠨ ᠦᠴᠤᠬᠡᠨ ᠬᠦᠰᠡᠯ᠎ᠢ ᠤᠢ᠌ᠯᠠᠭ᠋ᠠᠬᠤ 》 ᠭᠣᠭᠴᠣᠭ᠎ᠠ ᠲᠣᠬᠢᠷᠠᠭᠤᠯᠵᠤ᠂ ᠣᠬᠣᠷ ᠹᠢᠯᠢᠮ ᠵᠶ᠋ᠡᠷ ᠬᠡᠦᠬᠡᠳ᠎ᠤᠨ ᠦᠴᠤᠬᠡᠨ ᠬᠦᠰᠡᠯ᠎ᠢ ᠳᠡᠯᠭᠡᠨ ᠦᠵᠡᠭᠦᠯᠵᠦ᠂  ᠲᠠᠪᠤᠨ ᠪᠤᠶᠠᠨᠰᠠᠭ ᠠᠵᠤ ᠠᠬᠤᠢ᠌ᠯᠠᠯ᠎ᠤᠨ᠎ᠬᠢᠨ ᠰᠤᠯᠠ ᠢᠳᠡᠭᠡᠨ᠂ ᠨᠣᠮ᠎ᠤᠨ ᠪᠤᠯᠤᠩ᠎ᠲᠠᠢ ᠪᠤᠯᠬᠤ ᠬᠦᠰᠡᠯ᠎ᠢ᠎ᠨᠢ ᠬᠦᠯᠢᠶᠡᠨ ᠠᠪᠤᠭ᠋ᠠᠳ 39200 ᠲᠥᠭᠥᠷᠢᠭ᠎ᠤᠨ ᠦᠷᠳᠡᠭ ᠪᠦᠬᠦᠢ ᠰᠤᠯᠨ ᠢᠳᠡᠬᠡᠨ᠂ ᠨᠤᠮ ᠪᠢᠴᠢᠭ ᠵᠶ᠋ᠡᠷ ᠲᠤᠰᠠᠯᠠᠵᠠᠢ᠃
 
  ᠪᠠᠶᠠᠷ᠎ᠤᠨ ᠡᠳᠦᠷ᠎ᠤᠨ ᠬᠦᠷ ᠪᠠᠶᠠᠷ᠎ᠢ ᠴᠤᠭ᠎ᠲᠤ᠎ᠪᠠᠨ ᠡᠳ᠋ᠯᠡᠵᠤ ᠰᠡᠳᠬᠢᠯ ᠵᠶ᠋ᠡᠨ ᠬᠤᠯᠪᠤᠨ ᠰᠡᠳᠬᠢᠯ᠎ᠢ᠎ᠨᠢ ᠤᠮᠳᠠᠯᠠᠪᠠ  
 
    ᠤᠯᠠᠭ᠋ᠠᠨᠬᠠᠳᠠ ᠬᠤᠳᠠ ᠵᠢᠨ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠲᠥᠪ᠎ᠤᠨ ᠨᠠᠮ᠎ᠤᠨ ᠭᠡᠰᠢᠭᠦᠨ ᠲᠥᠯᠥᠭᠡᠯᠡᠭᠴᠢᠳ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠬᠡᠦᠬᠡᠳ᠎ᠤᠨ ᠬᠡᠯᠲᠡᠰ᠎ᠲᠤ ᠬᠦᠷᠴᠦ ᠥᠨᠥᠴᠢᠨ ᠵᠡᠮᠳᠡᠭ ᠬᠡᠦᠬᠡᠳ ᠵᠡᠷᠭᠡ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠵᠥᠩᠨᠡᠯ ᠮᠡᠨᠳᠦᠴᠢᠯᠡᠯ ᠲᠡᠪᠰᠢᠬᠦᠯᠤᠬᠡᠳ  ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠪᠣᠳᠠᠲᠤ ᠠᠵᠢᠯᠯᠠᠭ᠎ᠠ᠎ᠪᠠᠷ ᠵᠶ᠋ᠠᠨ ᠲᠠᠢ᠌ᠯᠪᠤᠷᠢᠯᠠᠪᠠ᠃ ᠤᠯᠠᠭ᠋ᠠᠨᠬᠠᠳᠠ ᠬᠤᠳᠠ ᠵᠢᠨ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠲᠥᠪ᠎ᠤᠨ᠎ᠬᠢᠨ ᠠᠵᠢᠯᠯᠠᠭ᠎ᠠ ᠵᠢᠨ ᠳᠤᠮᠳᠠ ᠲᠤᠰ ᠬᠦᠷᠢᠶᠡᠯᠡᠡᠭ᠎ᠤᠨ 38 ᠬᠡᠦᠬᠡᠳ᠎ᠲᠤ 28500 ᠲᠥᠭᠥᠷᠢᠭ᠎ᠤᠨ ᠦᠨ᠎ᠡ ᠦᠷᠳᠡᠭ᠎ᠲᠠᠢ ᠬᠤᠪᠴᠠᠰᠤ ᠬᠤᠳᠠᠯᠳᠤᠨ ᠠᠪᠴᠤ  ᠦᠭᠭᠦᠭᠰᠡᠨ᠎ᠳᠤ ᠬᠡᠦᠬᠡᠳ᠎ᠤᠳ ᠲᠡᠰᠬᠡᠯ ᠦᠭᠡᠢ ᠰᠢᠨ᠎ᠡ ᠬᠤᠪᠴᠠᠰᠤ᠎ᠪᠠᠨ ᠪᠡᠶ᠎ᠡ᠎ᠠᠴᠠ᠎ᠪᠠᠨ ᠠᠳᠠᠯᠢᠳᠬᠠᠨ  ᠦᠵᠡᠬᠡᠳ ᠪᠠᠶᠠᠷᠯᠠᠨ ᠬᠥᠭᠡᠷᠦᠭᠰᠡᠨ ᠰᠡᠳᠬᠢᠯᠭᠡ᠎ᠪᠠᠨ ᠦᠭᠡ ᠶᠠᠷᠢᠶ᠎ᠠ᠎ᠪᠠᠷ ᠢᠯᠡᠳᠬᠡᠵᠤ ᠪᠠᠢ᠌ᠯ᠎ᠠ᠃ ᠤᠯᠠᠨ ᠵᠶ᠋ᠠᠷ ᠵᠶ᠋ᠠᠨ ᠬᠡᠦᠬᠡᠳ᠎ᠤᠳ᠎ᠢ ᠬᠠᠪᠰᠤᠷᠤᠨ ᠰᠢᠨ᠎ᠡ ᠬᠤᠪᠴᠠᠰᠤ ᠡᠮᠤᠰᠭᠡᠭᠰᠡᠨ ᠪᠦᠬᠡᠳ ᠬᠡᠦᠬᠡᠳ᠎ᠤᠳ᠎ᠲᠠᠢ ᠬᠠᠮᠲᠤ ᠲᠤᠬᠯᠠᠬᠤ᠎ᠳᠤ ᠲᠤᠬᠠᠢ ᠵᠢᠨ ᠲᠠᠯᠠᠪᠠᠢ᠎ᠳᠤ ᠪᠠᠶᠠᠷ ᠬᠦᠷ ᠪᠢᠯᠬᠠᠵᠤ ᠪᠠᠢ᠌ᠯ᠎ᠠ᠃
    ᠣᠩᠨᠢᠭᠤᠳ ᠬᠣᠰᠢᠭᠤᠨ᠎ᠤ ᠰᠢᠩ ᠷᠦᠢ ᠬᠡᠦᠬᠡᠳ᠎ᠤᠨ ᠡᠷᠡᠭᠦᠯᠵᠢᠯ᠎ᠤᠨ ᠲᠥᠪ᠎ᠲᠤ ᠤᠡᠭᠨᠢᠭᠤᠳ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠤᠬᠠᠭᠤᠯᠬᠤ ᠬᠡᠯᠲᠡᠰ᠂ ᠨᠡᠢ᠌ᠭᠡᠮ᠎ᠤᠨ ᠠᠵᠢᠯ᠎ᠤᠨ ᠬᠡᠯᠲᠡᠰ᠂ ᠡᠮᠡᠭᠲᠡᠢ᠌ᠴᠦᠳ᠎ᠤᠨ ᠬᠣᠯᠪᠣᠭ᠎ᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠣᠨᠴᠠᠭ᠋ᠠᠶ ᠬᠡᠦᠬᠡᠳ᠎ᠢ ᠬᠠᠯᠠᠮᠵᠢᠯᠠᠬᠤ ᠠᠵᠢᠯᠯᠠᠭ᠎ᠠ ᠥᠷᠨᠢᠭᠦᠯᠵᠦ᠂ ᠬᠡᠦᠬᠡᠳ᠎ᠤᠳ᠎ᠲᠤ ᠳᠤᠷᠠᠲᠠᠢ ᠲᠣᠭᠯᠠᠭ᠋ᠠᠮ᠎ᠢ᠎ᠨᠢ ᠬᠦᠷᠭᠡᠵᠦ  ᠪᠠᠢ᠌ᠯ᠎ᠠ᠃ ᠲᠣᠰ ᠠᠵᠢᠯᠯᠠᠭ᠎ᠠ᠎ᠨᠢ ᠡᠳ᠋ ᠪᠣᠳᠠᠰ ᠵᠶ᠋ᠠᠷ ᠲᠡᠳᠬᠦᠬᠦ ᠪᠠ ᠰᠡᠳᠬᠢᠯᠭᠡ᠎ᠤᠨ ᠨᠡᠪᠲᠡᠷᠡᠯᠴᠡᠭᠡ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠬᠡᠦᠬᠡᠳ᠎ᠤᠳ᠎ᠲᠤ ᠬᠡᠷᠡᠭᠯᠡᠭᠡᠨ᠎ᠤ ᠬᠢᠴᠢᠶᠡᠯ᠎ᠤᠨ ᠬᠡᠷᠡᠭᠰᠡᠯ ᠪᠠ ᠲᠣᠭᠯᠠᠭ᠋ᠠᠮ᠎ᠤᠨ ᠵᠦᠢ᠍ᠯ᠎ᠢ ᠠᠪᠴᠢᠷᠠᠵᠤ ᠥᠭᠭᠦᠭᠰᠡᠨ ᠵᠶ᠋ᠡᠷ ᠪᠠᠷᠠᠬᠤ ᠦᠭᠡᠢ᠂ ᠨᠠᠩ ᠴᠤ᠌ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠬᠢᠭᠡᠳ ᠭᠡᠷ᠎ᠤᠨ ᠠᠬᠠᠮᠠᠳ᠎ᠤᠨ ᠬᠣᠭᠣᠷᠣᠨᠳᠣᠬᠢ ᠨᠡᠪᠲᠡᠷᠡᠯᠴᠡᠭᠡ ᠵᠢᠨ ᠬᠥᠭᠥᠷᠭᠡ ᠵᠢ ᠪᠣᠶ ᠪᠣᠯᠭ᠋ᠠᠭᠰᠠᠨ ᠪᠠᠢ᠌ᠨ᠎ᠠ᠃
   《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ ᠵᠢ ᠤᠯᠠᠭ᠋ᠠᠨᠬᠠᠳᠠ ᠬᠤᠳᠠ ᠵᠢᠨ ᠡᠯ᠎ᠡ ᠬᠣᠰᠢᠭᠤ ᠰᠢᠶᠠᠨ ᠲᠣᠭᠣᠷᠢᠭ᠎ᠲᠤ ᠢᠳᠡᠪᠬᠢᠲᠡᠢ ᠥᠷᠨᠢᠭᠦᠯᠵᠦ ᠪᠤᠢ᠃ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠡᠯ᠎ᠡ ᠲᠥᠷᠥᠯ᠎ᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠠᠬᠢᠭᠤᠯᠬᠤ᠎ᠪᠠᠷ ᠴᠢᠷᠮᠠᠢ᠌ᠵᠤ᠂ ᠤᠯᠠᠭ᠋ᠠᠨᠬᠠᠳᠠ ᠵᠢᠨ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠨᠠᠩ ᠨᠠᠷᠢᠯᠢᠭ ᠣᠨᠣᠴᠠᠲᠠᠢ᠂ ᠲᠤᠰᠬᠠᠢ᠌ᠵᠢᠭᠰᠠᠨ  ᠬᠠᠯᠠᠮᠵᠢᠯᠠᠬᠤ ᠦᠢ᠍ᠯᠡᠴᠢᠯᠡᠭᠡ ᠬᠠᠩᠭ᠋ᠠᠵᠤ᠂ ᠭᠡᠷ ᠪᠦᠯᠢ᠂ ᠨᠡᠢ᠌ᠭᠡᠮ ᠵᠡᠷᠭᠡ ᠣᠯᠠᠨ ᠲᠠᠯ᠎ᠠ ᠵᠢᠨ ᠬᠦᠴᠦᠨ᠎ᠤ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠳᠤ ᠬᠠᠮᠳᠤ᠎ᠪᠠᠷ ᠣᠷᠣᠯᠴᠠᠬᠤ ᠵᠢ ᠢᠳᠡᠪᠬᠢᠲᠡᠢ ᠠᠬᠢᠭᠤᠯᠵᠤ᠂ ᠬᠡᠦᠬᠡᠳ᠎ᠤᠨ ᠢᠳᠡᠷᠡᠭᠦᠨ ᠵᠶ᠋ᠡᠷ ᠦᠰᠦᠨ ᠪᠣᠢ᠌ᠵᠢᠬᠤ᠎ᠳᠤ ᠪᠡᠬᠢ ᠪᠠᠳᠤᠯᠠᠭ᠎ᠠ ᠬᠠᠡᠭᠭ᠋ᠠᠵᠤ ᠪᠠᠢ᠌ᠨ᠎ᠠ᠃



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ ᠨᠠᠰᠤᠨ᠎ᠳᠤ ᠦᠯᠤ ᠬᠦᠷᠤᠭ᠌ᠰᠡᠳ᠎ᠢ ᠬᠠᠮᠠᠭ᠋ᠠᠯᠠᠬᠤ ᠲᠦᠪ ᠬᠦᠴᠢᠷᠳᠡᠯ᠎ᠲᠠᠢ ᠬᠡᠤᠬᠡᠳ᠎ᠤᠨ ᠳᠤᠬᠠᠢ ᠰᠣᠷᠪᠣᠯᠵᠢᠯᠠᠭ᠎ᠠ ᠬᠢᠵᠠᠢ
ᠠᠷᠠᠳ᠎ᠤᠨ ᠶᠠᠪᠤᠳᠠᠯ᠎ᠤᠨ ᠲᠢᠩᠬᠢᠮ 《ᠳᠤᠮᠳᠠᠳᠤ ᠤᠯᠤᠰ᠎ᠤᠨ ᠭᠠᠵᠠᠷ᠎ᠤᠨ ᠨᠡᠷ᠎ᠡ ᠵᠢᠨ ᠶᠡᠬᠡ ᠬᠤᠷᠠᠯ》 (ᠬᠣᠶᠠᠳᠤᠭ᠋ᠠᠷ ᠤᠯᠠᠷᠢᠯ)᠎ᠤᠨ ᠫᠷᠤᠭ᠌ᠷᠠᠮ᠎ᠤᠨ ᠰᠢᠯᠭ᠋ᠠᠯᠲᠠ ᠵᠢᠨ ᠰᠡᠳᠦᠪ᠎ᠢ ᠨᠠᠶ᠋ᠢᠷᠠᠭᠤᠯᠤᠨ ᠰᠣᠩᠭᠣᠪᠠ
ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤᠨ᠎ᠤ ᠠᠷᠠᠳ᠎ᠲᠤ ᠠᠰᠢᠭ ᠬᠦᠷᠲᠡᠭᠡᠬᠦ ᠨᠡᠢ᠌ᠬᠡᠮ ᠎ᠤᠨ ᠠᠵᠢᠯᠲᠠᠳ᠎ᠤᠨ ᠦᠢ᠍ᠯᠡᠴᠢᠯᠡᠭᠡᠨ᠎ᠤ ᠲᠥᠪ ᠬᠦᠴᠢᠷᠳᠡᠯ᠎ᠲᠠᠢ ᠬᠡᠤᠬᠡᠳ᠎ᠲᠠᠢ ᠬᠠᠮᠲᠤ 《6 · 1》 ᠎ᠢ ᠪᠠᠶᠠᠷᠯᠠᠨ ᠤᠭᠲᠤᠵᠠᠢ
ᠬᠥᠬᠡᠬᠣᠲᠠ ᠬᠦᠴᠢᠷᠳᠡᠯ᠎ᠲᠠᠢ ᠬᠡᠤᠬᠡᠳ᠎ᠢ ᠬᠠᠯᠠᠮᠵᠢᠯᠠᠨ ᠬᠠᠶ᠋ᠢᠷᠠᠯᠠᠬᠤ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠠᠵᠢᠯᠯᠠᠭ᠎ᠠ ᠥᠷᠨᠢᠭᠦᠯᠪᠡ
ᠰᠢᠯᠢ ᠵᠢᠨ ᠭᠣᠣᠯ ᠠᠶ᠋ᠢᠮᠠᠭ᠎ᠤᠨ ᠠᠴᠢᠯᠠᠯᠲᠤ ᠰᠠᠢ᠍ᠢ᠍ᠨ ᠳᠤᠷᠠᠴᠤᠤᠯ ᠎ᠤᠨ ᠨᠡᠶ᠋ᠢᠭᠡᠮᠯᠢᠭ ᠰᠤᠷᠤᠯᠭ᠎ᠠ ᠵᠢ ᠲᠡᠳᠬᠦᠬᠦ ᠠᠵᠢᠯᠯᠠᠭ᠎ᠠ ᠦᠷᠨᠢᠭᠦᠯᠪᠡ
 
            