ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠴᠡᠩᠭᠡᠯᠳᠦ ᠪᠦᠯᠬᠦᠮ ᠵᠶ᠋ᠠᠨ ᠳᠠᠭ᠋ᠠᠭᠤᠯᠤᠨ ᠦᠭᠡᠷ᠎ᠡ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠨᠡᠶᠢᠲᠡᠯᠡᠭᠰᠡᠨ ᠴᠠᠭ᠄ 2020-08-03

   7 ᠳ᠋ᠤᠭ᠋ᠠᠷ ᠰᠠᠷ᠎ᠠ ᠵᠢᠨ 27᠎ᠤ ᠡᠳᠦᠷ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠴᠡᠩᠭᠡᠯᠳᠦ ᠨᠦᠬᠦᠷ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ   ᠪᠠᠢ᠌ᠭᠤᠯᠤᠯᠲᠠ ᠵᠢᠨ ᠠᠯᠪᠠᠨ ᠬᠡᠷ ᠵᠢᠴᠢ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ᠎ᠢ ᠳᠠᠭ᠋ᠠᠭᠤᠯᠤᠨ ᠵᠢᠶᠠᠩᠰᠦ ᠵᠢᠨ ᠬᠤᠳᠠᠯᠳᠤᠭ᠋ᠠᠴᠢᠳ᠎ᠤᠨ ᠡᠪᠯᠡᠯ ᠪᠠ ᠬᠤᠪᠸᠢ ᠵᠢᠨ ᠬᠤᠳᠠᠯᠳᠤᠭ᠋ᠠᠴᠢᠳ᠎ᠤᠨ ᠡᠪᠯᠡᠯ᠎ᠳᠤ ᠬᠦᠷᠴᠦ᠂ ᠨᠡᠶ᠋ᠢᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ ᠪᠠ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ᠃
      ᠦᠢ᠍ᠷ᠎ᠠ ᠵᠢᠨ ᠵᠢᠯ᠎ᠳᠤ᠂ ᠮᠠᠨ᠎ᠤ ᠣᠷᠣᠨ᠎ᠳᠤ ᠳᠠᠩᠰᠠᠯᠠᠭᠤᠯᠤᠭᠰᠠᠨ ᠦᠭᠡᠷ᠎ᠡ   ᠭᠠᠵᠠᠷ᠎ᠤᠨ ᠬᠤᠳᠠᠯᠳᠤᠭ᠋ᠠᠴᠢᠨ ᠎ᠤ ᠡᠪᠯᠡᠯ ᠵᠡᠷᠭᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ ᠬᠤᠳᠠᠯᠳᠤᠭ᠋ᠠᠴᠢᠨ᠎ᠤ ᠡᠪᠯᠡᠯ᠎ᠤᠨ ᠬᠥᠭᠵᠢᠯᠲᠡ ᠵᠢᠨ ᠤᠯᠤᠰ ᠲᠥᠷᠥ ᠵᠢᠨ ᠴᠢᠭᠯᠡᠯ ᠵᠶ᠋ᠠᠨ ᠪᠠᠷᠢᠮᠲᠠᠯᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠶ᠋ᠢᠴᠢᠨ ᠦᠢ᠍ᠯᠡᠳᠤᠯ ᠪᠣᠯᠤᠨ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠤᠯ ᠵᠶ᠋ᠠᠨ ᠭᠦᠢ᠍ᠴᠡᠳ ᠪᠠᠳᠠᠷᠠᠭᠤᠯᠤᠨ᠂ ᠨᠠᠮ᠎ᠤᠨ ᠪᠠᠶ᠋ᠢᠭᠤᠯᠤᠯᠲᠠ ᠵᠢᠨ ᠠᠵᠢᠯ ᠦᠢ᠍ᠯᠡᠰ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠬᠤ ᠲᠠᠯ᠎ᠠ᠎ᠪᠠᠷ ᠠᠰᠢᠭᠲᠠᠢ ᠰᠦᠪᠡᠭᠴᠢᠯᠡᠯᠲᠡ ᠬᠢᠭᠡᠳ ᠵᠣᠬᠢᠬᠤ ᠠᠮᠵᠢᠯᠲᠠ ᠣᠯᠤᠭᠰᠠᠨ ᠪᠦᠭᠡᠳ ᠥᠷᠭᠡᠨ ᠣᠯᠠᠨ ᠭᠡᠰᠢᠭᠦᠳ᠎ᠲᠠᠢ᠎ᠪᠠᠨ ᠪᠦᠯᠬᠦᠮᠳᠡᠨ ᠨᠡᠶ᠋ᠢᠭᠡᠮ᠎ᠤᠨ ᠬᠠᠷᠢᠭᠤᠴᠠᠯᠭ᠎ᠠ ᠵᠢ ᠵᠣᠷᠢᠭᠲᠠᠶ ᠡᠭᠦᠷᠭᠡᠯᠡᠵᠤ᠂ ᠢᠳᠡᠪᠬᠢᠲᠡᠢ ᠬᠤᠪᠢ ᠨᠡᠮᠡᠷᠢ ᠦᠵᠡᠭᠦᠯᠤᠭ᠌ᠰᠡᠨ ᠶᠤᠮ᠃
    ᠳᠠᠷᠠᠭ᠋ᠠᠴᠢ᠎ᠪᠠᠷ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢᠨ ᠠᠯᠪᠠᠨ ᠭᠡᠷ ᠪᠠ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠳᠣᠪᠴᠢᠶ᠎ᠠ᠎ᠠᠴᠠ ᠦᠭᠡᠷ᠎ᠡ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠳᠠᠬᠢ ᠵᠢᠯᠣᠭᠣᠳᠣᠯᠭ᠎ᠠ ᠪᠠ ᠦᠢ᠍ᠯᠡᠴᠢᠯᠡᠭᠡ  ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠦᠭᠡᠷ᠎ᠡ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠬᠢᠵᠢᠭ᠎ᠢ ᠰᠡᠷᠭᠡᠢ᠌ᠯᠡᠨ ᠡᠵᠡᠮᠳᠡᠬᠦ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠤᠯᠭᠡ ᠵᠢᠨ ᠠᠵᠢᠯᠯᠠᠭ᠎ᠠ ᠵᠢᠨ ᠳᠤᠮᠳᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠢᠳᠡᠪᠬᠢ ᠦᠢ᠍ᠯᠡᠳᠤᠯ ᠵᠶ᠋ᠠᠨ ᠪᠠᠳᠠᠷᠠᠭᠤᠯᠬᠤ ᠵᠢ ᠥᠷᠭᠡᠨ ᠵᠶ᠋ᠠᠷ ᠳᠠᠶ᠋ᠢᠴᠢᠯᠠᠨ ᠵᠢᠯᠣᠭᠣᠳᠬᠤ ᠪᠣᠯᠤᠨ᠎ᠠ᠃



ᠢᠷᠡᠯᠲᠡ᠄ ᠠᠷᠠᠳ᠎ᠤᠨ ᠶᠠᠪᠤᠳᠠᠯ᠎ᠤ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠡᠢ ᠯᠢᠡᠭ ᠰᠢᠶᠦᠦ ᠄ ᠠ᠋ᠡᠭ ᠎ᠤᠨ ᠤᠢ᠍ᠭᠡ ᠶᠡᠷᠦ ᠵᠢᠠ ᠬᠦᠳᠡᠯᠭᠡᠭᠡᠠ᠎ᠨᠢ ᠡᠪᠡᠦᠡᠴᠢᠳᠡᠠ᠎ᠤ ᠵᠤᠷᠢᠬ᠎ᠢ ᠬᠦᠪᠴᠢᠯᠡᠳᠡᠭ
ᠤᠳᠦᠭ᠎ᠠ ᠤᠢ᠍ᠭᠡᠢ ᠲᠡᠢ᠍ᠢ᠍ᠠ᠎ᠤ ᠭᠠᠪᠰᠢᠭ᠋ᠠᠢ ᠪᠡᠭ᠋ᠠᠳᠦᠷ
ᠬᠥᠮᠦᠨ ᠲᠥᠷᠥᠯᠬᠢᠲᠡᠨ ᠬᠢᠵᠢᠭ ᠲᠠᠬᠤᠯ᠎ᠲᠠᠢ ᠴᠥᠬᠥᠷᠡᠰᠢ ᠦᠭᠡᠢ ᠲᠡᠮᠡᠴᠡᠭᠰᠡᠨ᠎ᠨᠢ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠧᠨ ᠵᠢᠶᠧ ᠬᠠᠤᠯᠢ᠎ᠪᠠᠷ ᠵᠠᠰᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ
ᠭᠤᠤ ᠵᠢᠶᠠᠨ ᠬᠤᠸᠠ 2019 ᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠤᠯᠢ᠎ᠪᠠᠷ ᠣᠷᠣᠨ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠤᠭᠰᠠᠨ ᠠᠵᠢᠯ᠎ᠤᠨ ᠮᠡᠳᠡᠭᠦᠯᠦᠯᠲᠡ ᠬᠢᠪᠡ
 
            