ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠴᠡᠩᠭᠡᠯᠳᠦ ᠨᠦᠬᠦᠷ ᠪᠤᠭᠤᠲᠤ ᠬᠤᠳᠠ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ ᠵᠢᠯᠣᠭᠣᠳᠪᠠ
ᠨᠡᠶᠢᠲᠡᠯᠡᠭᠰᠡᠨ ᠴᠠᠭ᠄ 2020-08-03

 

   7 ᠳ᠋ᠤᠭ᠋ᠠᠷ ᠰᠠᠷ᠎ᠠ ᠵᠢᠨ 23᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠴᠡᠩᠬᠡᠯᠲᠤ ᠨᠦᠬᠦᠷ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠵᠶ᠋ᠠᠨ ᠳᠠᠭ᠋ᠠᠭᠤᠯᠤᠨ ᠪᠤᠭᠤᠲᠤ ᠬᠣᠲᠠ᠎ᠳᠤ ᠬᠦᠷᠴᠦ᠂ 2019 ᠣᠨ᠎ᠤ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠬᠤᠳᠠᠯᠳᠤᠨ ᠠᠪᠬᠤ ᠵᠢ ᠬᠡᠷᠡᠭᠵᠢᠭᠦᠯᠦᠭᠰᠡᠨ ᠪᠠᠶ᠋ᠢᠳᠠᠯ᠂ ᠪᠤᠭᠤᠲᠤ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠳᠠᠯ ᠦᠢ᠍ᠯᠡᠰ ᠴᠣᠭᠴᠠᠯᠠᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃
    ᠪᠠᠶ᠋ᠢᠴᠠᠭ᠋ᠠᠨ ᠰᠤᠳᠤᠯᠬᠤ ᠬᠤᠭᠤᠴᠠᠭ᠋ᠠᠨ᠎ᠳᠤ ᠴᠡᠩᠬᠡᠯᠲᠤ ᠨᠦᠬᠦᠷ ᠳᠤᠭᠤᠢ᠌ᠯᠠᠩ᠎ᠤᠨ ᠨᠦᠬᠦᠳ ᠵᠶ᠋ᠠᠨ ᠳᠠᠭ᠋ᠠᠭᠤᠯᠤᠨ ᠤᠷᠢᠳ ᠬᠣᠵᠢᠳ ᠠᠮᠢᠳᠤᠷᠠᠯ᠎ᠤᠨ ᠴᠢᠳᠠᠪᠤᠷᠢ᠎ᠪᠠᠨ ᠠᠯᠳᠠᠭᠰᠠᠨ ᠨᠠᠰᠤᠲᠠᠶ᠋ᠢᠴᠤᠳ᠎ᠢ ᠬᠠᠷᠠᠭ᠋ᠠᠯᠵᠠᠨ ᠠᠰᠠᠷᠠᠬᠤ ᠲᠤᠷᠰᠢᠯᠲᠠ ᠵᠢᠨ ᠴᠡᠭ᠎ᠤᠨ   ᠦᠢ᠍ᠯᠡᠴᠢᠯᠡᠭᠡᠨ᠎ᠤ ᠲᠥᠷᠥᠯ ᠵᠦᠢ᠍ᠯ ᠎ᠤᠨ 9 ᠦᠢ᠍ᠯᠡᠴᠢᠯᠡᠭᠡᠨ᠎ᠤ ᠡᠲᠡᠭᠡᠳ᠎ᠤᠨ ᠭᠡᠷ ᠪᠦᠯᠢ᠎ᠳᠤ ᠬᠦᠷᠴᠦ᠂ ᠲᠥᠷᠥᠯ ᠵᠦᠢ᠍ᠯ᠎ᠤᠨ   ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠣᠶ᠋ᠢᠯᠠᠭ᠋ᠠᠭᠰᠠᠨ ᠪᠠ ᠬᠡᠰᠡᠭ ᠠᠰᠢᠭ ᠬᠦᠷᠲᠡᠭᠰᠡᠳ᠎ᠤᠨ ᠭᠡᠷ ᠪᠦᠯᠢ᠎ᠤᠨ᠎ᠬᠢᠨ᠎ᠲᠠᠢ ᠶᠠᠷᠢᠯᠴᠠᠨ᠂ ᠡᠯ᠎ᠡ ᠳᠠᠭ᠋ᠠᠭ᠋ᠠᠴᠢᠯᠠᠭᠰᠠᠨ ᠭᠣᠤᠯ ᠴᠣᠭᠴᠠ ᠵᠢᠨ᠎ᠬᠢᠨ᠎ᠤ ᠲᠥᠷᠥᠯ ᠵᠦᠢ᠍ᠯ᠎ᠢ ᠬᠡᠷᠡᠭᠵᠢᠭᠦᠯᠵᠤ ᠪᠠᠢ᠌ᠭ᠎ᠠ ᠠᠷᠭ᠎ᠠ ᠪᠠᠷᠢᠯ  ᠂ ᠦᠷ᠎ᠡ ᠪᠦᠲᠦᠮᠵᠢ ᠵᠢᠴᠢ ᠦᠢ᠍ᠯᠡᠴᠢᠯᠡᠬᠦ ᠡᠲᠡᠭᠡᠳ᠎ᠤᠨ ᠬᠠᠨᠤᠮᠵᠢ ᠵᠢᠨ ᠬᠡᠮᠵᠢᠶ᠎ᠡ ᠵᠡᠷᠭᠡ ᠪᠠᠶ᠋ᠢᠳᠠᠯ᠎ᠢ ᠪᠥᠬᠥ ᠲᠠᠯ᠎ᠠ᠎ᠪᠠᠷ ᠦᠢ᠍ᠯᠠᠭ᠋ᠠᠭᠰᠠᠨ ᠪᠠᠢ᠌ᠨ᠎ᠠ᠃ ᠴᠡᠩᠭᠡᠯᠳᠦ ᠨᠦᠬᠦᠷ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠲᠥᠷᠥᠯ ᠵᠦᠢ᠍ᠯ᠎ᠤᠨ ᠵᠢᠯᠣᠭᠣᠳᠤᠯᠭ᠎ᠠ ᠬᠢᠨᠠᠯᠲᠠ ᠵᠢ ᠴᠢᠩᠭ᠎ᠠ ᠠᠳᠬᠤᠭᠰᠠᠨ ᠠᠷᠭ᠎ᠠ ᠬᠡᠮᠵᠢᠶ᠎ᠡ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠡᠷᠡᠭᠵᠢᠭᠦᠯᠤᠭ᠌ᠰᠡᠨ ᠲᠥᠷᠥᠯ ᠵᠦᠢ᠍ᠯ᠎ᠤᠨ ᠦᠷ᠎ᠡ ᠪᠦᠲᠦᠮᠵᠢ ᠵᠢ ᠨᠤᠲᠠᠯᠠᠵᠤ᠂ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢ ᠲᠤᠷᠰᠢᠯᠭ᠎ᠠ᠎ᠪᠠᠨ ᠲᠦᠷᠭᠡᠨ ᠳ᠋ᠦᠩᠨᠡᠵᠦ᠂ ᠪᠥᠬᠥ ᠣᠷᠣᠨ᠎ᠳᠤ ᠳᠠᠭᠤᠷᠢᠶᠠᠨ ᠳᠡᠯᠭᠡᠷᠡᠭᠦᠯᠵᠦ ᠪᠣᠯᠬᠤ ᠲᠤᠷᠰᠢᠯᠭ᠎ᠠ ᠵᠢ ᠪᠣᠶ ᠪᠣᠯᠭ᠋ᠠᠬᠤ ᠵᠢ ᠱᠠᠭ᠋ᠠᠷᠳᠠᠵᠠᠢ᠃
    ᠪᠤᠭᠤᠲᠤ ᠬᠣᠲᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ   ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠶ ᠵᠢᠨ ᠲᠠᠯᠠᠪᠠᠢ᠎ᠳᠤ ᠴᠡᠩᠬᠡᠯᠲᠤ ᠨᠡᠷ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠨᠢᠭᠡ ᠥᠷᠲᠡᠭᠡᠨ᠎ᠤ ᠮᠠᠶᠢᠭ᠎ᠤᠨ ᠦᠢ᠍ᠯᠡᠴᠢᠯᠡᠭᠡᠨ᠎ᠤ ᠲᠢᠩᠬᠢᠮ᠂ ᠨᠠᠮ᠎ᠤᠨ ᠪᠠᠶ᠋ᠢᠭᠤᠯᠤᠯᠲᠠ ᠵᠢᠨ ᠤᠯᠠᠨ ᠴᠢᠳᠠᠪᠬᠢᠲᠤ ᠬᠤᠷᠠᠯ᠎ᠤᠨ ᠭᠡᠷ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠣᠷᠣᠵᠤ ᠰᠠᠭᠤᠭᠰᠠᠨ ᠣᠷᠣᠨ ᠭᠠᠵᠠᠷ᠂ ᠬᠦᠯᠢᠶᠡᠨ ᠠᠪᠴᠤ ᠶᠠᠷᠢᠯᠴᠠᠬᠤ ᠲᠠᠰᠤᠭ ᠵᠡᠷᠭᠡ ᠡᠯ᠎ᠡ ᠤᠨᠴᠠᠯᠢᠬᠳᠤ ᠴᠢᠳᠠᠪᠬᠢ ᠵᠢᠨ ᠲᠠᠰᠤᠭ᠎ᠢ ᠪᠠᠶ᠋ᠢᠴᠠᠭ᠋ᠠᠨ ᠦᠵᠡᠪᠡ᠃ ᠴᠡᠩᠬᠡᠯᠲᠤ᠎ᠠᠴᠠ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠪᠠᠶ᠋ᠢᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠬᠦᠷᠢᠶᠡᠯᠡᠩ ᠲᠣᠭᠣᠷᠢᠭ᠎ᠤᠨ ᠠᠵᠢᠯᠯᠠᠭ᠋ᠠᠨ᠎ᠤ ᠬᠥᠭᠵᠢᠯᠲᠡ ᠵᠢᠨ ᠡᠯ᠎ᠡ ᠭᠣᠭᠴᠤᠭ᠎ᠠ ᠎ᠳᠤ ᠠᠭᠤᠰᠤᠯᠴᠠᠭᠤᠯᠤᠨ᠂ ᠡᠯ᠎ᠡ ᠲᠠᠯ᠎ᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ 《ᠭᠤᠷᠪᠠᠨ ᠨᠡᠢ᠌ᠬᠡᠮ ᠬᠣᠯᠪᠣᠭ᠋ᠠᠯᠠᠨ ᠬᠥᠳᠡᠯᠦᠯᠴᠡᠬᠦ》 ᠠᠵᠢᠯ᠎ᠤᠨ ᠥᠷᠨᠢᠯᠲᠡ ᠵᠢ ᠠᠬᠢᠭᠤᠯᠬᠤ ᠬᠡᠷᠡᠭᠲᠡᠶ; ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠨᠡᠢ᠌ᠬᠡᠮ᠎ᠤᠨ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠨ᠂ ᠨᠡᠶ᠋ᠢᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ᠂ ᠨᠡᠶ᠋ᠢᠲᠡ ᠵᠢᠨ ᠠᠰᠠᠷᠠᠮᠵᠢ ᠨᠢᠭᠦᠯᠡᠰᠤᠩᠭᠦᠢ ᠵᠢᠨ ᠦᠢ᠍ᠯᠡᠰ  ᠎ᠢ ᠬᠥᠭᠵᠢᠭᠦᠯᠬᠦ᠂ ᠰᠢᠨᠵᠢᠯᠡᠬᠦ ᠤᠬᠠᠭ᠋ᠠᠨ ᠰᠣᠶᠣᠯ᠎ᠢ ᠴᠡᠴᠡᠭᠯᠡᠭᠦᠯᠬᠦ᠂ ᠠᠵᠢᠯ ᠣᠯᠭᠣᠯᠲᠠ ᠵᠢᠨ ᠠᠷᠭ᠎ᠠ ᠵᠠᠮ᠎ᠢ ᠥᠷᠭᠡᠳᠬᠡᠬᠦ ᠵᠡᠷᠭᠡ ᠲᠠᠯ᠎ᠠ᠎ᠪᠠᠷ ᠵᠢᠱ᠌ᠢᠶ᠎ᠡ ᠦᠵᠡᠭᠦᠯᠬᠦ ᠬᠡᠷᠡᠭᠲᠡᠶ ᠭᠡᠵᠠᠢ᠃

ᠢᠷᠡᠯᠲᠡ᠄ ᠠᠷᠠᠳ᠎ᠤᠨ ᠶᠠᠪᠤᠳᠠᠯ᠎ᠤ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠴᠡᠩᠭᠡᠯᠳᠦ ᠪᠦᠯᠬᠦᠮ ᠵᠶ᠋ᠠᠨ ᠳᠠᠭ᠋ᠠᠭᠤᠯᠤᠨ ᠦᠭᠡᠷ᠎ᠡ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠪᠡᠢ ᠯᠢᠡᠭ ᠰᠢᠶᠦᠦ ᠄ ᠠ᠋ᠡᠭ ᠎ᠤᠨ ᠤᠢ᠍ᠭᠡ ᠶᠡᠷᠦ ᠵᠢᠠ ᠬᠦᠳᠡᠯᠭᠡᠭᠡᠠ᠎ᠨᠢ ᠡᠪᠡᠦᠡᠴᠢᠳᠡᠠ᠎ᠤ ᠵᠤᠷᠢᠬ᠎ᠢ ᠬᠦᠪᠴᠢᠯᠡᠳᠡᠭ
ᠤᠳᠦᠭ᠎ᠠ ᠤᠢ᠍ᠭᠡᠢ ᠲᠡᠢ᠍ᠢ᠍ᠠ᠎ᠤ ᠭᠠᠪᠰᠢᠭ᠋ᠠᠢ ᠪᠡᠭ᠋ᠠᠳᠦᠷ
ᠬᠥᠮᠦᠨ ᠲᠥᠷᠥᠯᠬᠢᠲᠡᠨ ᠬᠢᠵᠢᠭ ᠲᠠᠬᠤᠯ᠎ᠲᠠᠢ ᠴᠥᠬᠥᠷᠡᠰᠢ ᠦᠭᠡᠢ ᠲᠡᠮᠡᠴᠡᠭᠰᠡᠨ᠎ᠨᠢ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠧᠨ ᠵᠢᠶᠧ ᠬᠠᠤᠯᠢ᠎ᠪᠠᠷ ᠵᠠᠰᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ
 
            