ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠧᠨ ᠵᠢᠶᠧ ᠬᠠᠤᠯᠢ᠎ᠪᠠᠷ ᠵᠠᠰᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ
ᠨᠡᠶᠢᠲᠡᠯᠡᠭᠰᠡᠨ ᠴᠠᠭ᠄ 2020-05-15


   4 ᠳ᠋ᠤᠭᠡᠷ ᠰᠠᠷ᠎ᠠ ᠵᠢᠨ 21᠎ᠤ ᠡᠳᠦᠷ᠎ᠤᠨ ᠦᠳᠡ ᠵᠢᠨ ᠬᠣᠶ᠋ᠢᠨ᠎ᠠ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ   ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠴᠧᠨ ᠵᠢᠶᠧ ᠬᠤᠷᠠᠯ᠎ᠢ ᠡᠷᠭᠢᠯᠡᠨ ᠬᠤᠷᠠᠯᠳᠤᠭᠤᠯᠵᠤ᠂ 2019 ᠣᠨ ᠪᠠ 2020 ᠣᠨ᠎ᠤ ᠨᠢᠭᠡᠳᠦᠭᠡᠷ ᠤᠯᠠᠷᠢᠯ᠎ᠤᠨ ᠬᠠᠤᠯᠢ᠎ᠪᠠᠷ ᠵᠠᠰᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ  ᠂ ᠲᠠᠷᠠᠭ᠋ᠠᠴᠢ ᠵᠢᠨ ᠠᠵᠢᠯ᠎ᠤᠨ ᠡᠭᠦᠷᠭᠡ ᠵᠢ ᠳᠣᠭᠢᠷᠠᠭᠤᠯᠤᠨ ᠪᠠᠶ᠋ᠢᠷᠢᠯᠠᠭᠤᠯᠪᠠ᠃
  ᠬᠤᠷᠠᠯ᠎ᠠᠴᠠ 2019 ᠣᠨ ᠪᠠ 2020 ᠣᠨ᠎ᠤ ᠨᠢᠭᠡᠳᠦᠭᠡᠷ ᠤᠯᠠᠷᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ   ᠰᠣᠨᠤᠰᠪᠠ᠄ ᠨᠢᠭᠡ᠎ᠳᠤ ᠡᠷᠬᠡ ᠵᠢ ᠬᠢᠵᠠᠭ᠋ᠠᠷᠯᠠᠬᠤ ᠪᠠ ᠬᠢᠨᠠᠯᠲᠠ ᠲᠠᠯᠪᠢᠬᠤ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯ᠎ᠢ 25 ᠵᠦᠢ᠍ᠯ ᠪᠣᠯᠭ᠋ᠠᠨ ᠪᠠᠭ᠋ᠠᠰᠬᠠᠵᠤ᠂ ᠵᠠᠰᠠᠭ ᠵᠠᠬᠢᠷᠭ᠋ᠠᠨ᠎ᠤ ᠡᠷᠬᠡ ᠵᠢ ᠬᠢᠵᠠᠭ᠋ᠠᠷᠯᠠᠬᠤ ᠲᠦᠷᠢᠮ᠎ᠤᠨ ᠰᠢᠩᠭᠡᠯᠢᠭ᠎ᠢ ᠨᠢᠭᠲᠠ ᠰᠦᠯᠵᠢᠪᠡ᠃ ᠬᠣᠶᠠᠷ᠎ᠲᠤ ᠲᠦᠷᠦ ᠵᠢᠨ ᠪᠤᠳᠤᠯᠭ᠎ᠠ ᠬᠠᠤᠯᠢ ᠲᠣᠭᠲᠠᠭ᠋ᠠᠯ᠎ᠤᠨ ᠰᠢᠰᠲ᠋ᠧᠮ ᠤᠯᠠᠮ ᠨᠢᠭᠡ ᠠᠯᠬᠤᠮ ᠲᠡᠭᠦᠯᠳᠡᠷᠵᠢᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠲᠡ   ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠴᠠᠭ᠋ᠠᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠶ᠋ᠢᠭᠤᠯᠬᠤ ᠬᠠᠤᠯᠢ〉 ᠵᠢ ᠬᠡᠷᠡᠭᠵᠢᠭᠦᠯᠬᠦ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ ᠎ᠤ ᠲᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠤᠨ 2020 ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ᠎ᠳᠤ ᠣᠷᠣᠭᠤᠯᠪᠠ᠃ ᠠᠷᠠᠳ᠎ᠤᠨ ᠶᠠᠪᠤᠳᠠᠯ᠎ᠤᠨ ᠲᠢᠩᠬᠢᠮ  ᠎ᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠢᠨᠠᠨ ᠬᠠᠷᠭᠤᠭᠤᠯᠬᠤ ᠨᠣᠷᠮ᠎ᠠ᠂ ᠳᠠᠩᠰᠠᠯᠠᠬᠤ   ᠨᠣᠷᠮ᠎ᠠ᠂ ᠴᠠᠭ᠎ᠢ ᠪᠠᠷᠢᠮᠲᠠᠯᠠᠬᠤ ᠨᠣᠷᠮ᠎ᠠ ᠵᠢ ᠴᠥᠮ 100%᠎ᠳᠤ ᠬᠦᠷᠦᠭᠦᠯᠵᠠᠢ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠥᠪᠯᠡᠷᠡᠭᠦᠯᠦᠨ ᠢᠯᠭ᠋ᠠᠷᠠᠭᠤᠯᠵᠦ᠂ 21 ᠬᠤᠪᠢ ᠠᠯᠪᠠᠨ ᠪᠢᠴᠢᠭ᠎ᠢ ᠬᠦᠴᠦᠨ ᠦᠭᠡᠢ ᠪᠣᠯᠭ᠋ᠠᠬᠤ᠎ᠪᠠᠷ ᠵᠠᠷᠯᠠᠵᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠰᠢᠰᠲ᠋ᠧᠮ᠎ᠤᠨ ᠪᠦᠲᠦᠴᠡ ᠵᠢᠨ ᠵᠦᠶ ᠵᠣᠬᠢᠰᠲᠠᠶ᠂ ᠵᠣᠬᠢᠴᠠᠩᠭᠤᠶ ᠨᠢᠭᠡᠳᠦᠯᠲᠡᠶ ᠪᠠᠶ᠋ᠢᠬᠤ ᠵᠢ ᠪᠠᠲᠤᠯᠠᠪᠠ᠃ ᠭᠤᠷᠪᠠ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ 《ᠭᠤᠷᠪᠠᠨ ᠵᠦᠢ᠍ᠯ᠎ᠤᠨ ᠲᠦᠷᠢᠮ》᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠥ   ᠶᠠᠪᠤᠴᠠ ᠵᠢ ᠲᠡᠮᠳᠡᠭᠯᠡᠬᠦ ᠲᠦᠷᠢᠮ᠂ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠲᠦᠷᠢᠮ᠎ᠢ ᠬᠢᠨᠠᠨ ᠬᠠᠷᠭᠤᠭᠤᠯᠬᠤ ᠲᠦᠷᠢᠮ᠎ᠤᠨ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 《ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ ᠎ᠤᠨ ᠨᠠᠷᠢᠨ ᠳᠠᠩᠰᠠ》᠂ 《ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠢ ᠬᠠᠤᠯᠢ ᠲᠦᠷᠢᠮ ᠵᠶ᠋ᠠᠷ ᠬᠢᠨᠠᠨ ᠬᠠᠷᠭᠤᠭᠤᠯᠬᠤ ᠭᠠᠷᠴᠠᠭ᠎ᠤᠨ ᠨᠠᠷᠢᠨ ᠲᠠᠩᠰᠠ》 ᠪᠠ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ᠎ᠢ ᠬᠠᠤᠯᠢ ᠲᠦᠷᠢᠮ ᠵᠶ᠋ᠠᠷ ᠬᠢᠨᠠᠨ ᠬᠠᠷᠭᠤᠭᠤᠯᠬᠤ ᠴᠤᠪᠤᠷᠠᠯ ᠵᠢᠷᠤᠭ᠎ᠢ ᠨᠡᠶ᠋ᠢᠲᠡᠯᠡᠵᠠᠢ᠃ ᠳᠥᠷᠪᠡ᠎ᠳᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠵᠠᠷᠭᠤ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠪᠤᠷᠢᠯᠡᠵᠠᠢ᠃ 2019 ᠣᠨ᠎ᠳᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠵᠢ 1 ᠤᠳᠠᠭ᠎ᠠ ᠭᠦᠢ᠍ᠴᠡᠳᠬᠡᠵᠤ᠂ ᠵᠠᠰᠠᠭ ᠵᠠᠬᠢᠷᠭ᠋ᠠᠨ᠎ᠤ ᠵᠠᠷᠭᠤ ᠵᠢ 2 ᠤᠳᠠᠭ᠎ᠠ ᠭᠥᠯᠢᠶᠡᠨ ᠠᠪᠴᠠᠶ᠃ ᠲᠠᠪᠤ᠎ᠳᠤ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ ᠢᠯᠡᠳᠲᠡ ᠦᠷ᠎ᠡ ᠪᠦᠲᠦᠮᠵᠢ ᠤᠯᠪᠠ᠃ 《2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠤᠯᠢ ᠲᠦᠭᠡᠮᠡᠯᠵᠢᠭᠦᠯᠬᠦ   ᠬᠠᠷᠢᠭᠤᠴᠠᠯᠭ᠎ᠠ ᠵᠢᠨ ᠨᠠᠷᠢᠨ ᠳᠠᠩᠰᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣ ᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 〈ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ〉᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 《ᠦᠨᠳᠦᠰᠦᠨ ᠬᠠᠤᠯᠢ ᠵᠢᠨ ᠤᠬᠠᠭᠤᠯᠭ᠎ᠠ ᠵᠢᠴᠢ ᠪᠥᠬᠥ ᠠᠷᠠᠳ᠎ᠤᠨ ᠬᠠᠤᠯᠢ ᠲᠦᠭᠡᠮᠡᠯᠵᠢᠭᠦᠯᠬᠦ ᠰᠦᠯᠵᠢᠶᠡᠨ   ᠳᠡᠭᠡᠷᠡᠬᠢ ᠱᠠᠩᠨᠠᠯ᠎ᠲᠠᠢ ᠰᠡᠳᠦᠪ᠎ᠢ ᠬᠠᠷᠢᠭᠤᠯᠬᠤ》᠂ 《ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ》᠂ 《ᠬᠡᠷᠡᠭ ᠵᠶ᠋ᠠᠷ ᠬᠠᠤᠯᠢ ᠲᠦᠭᠡᠮᠡᠯᠵᠢᠭᠦᠯᠬᠦ》 ᠵᠡᠷᠭᠡ ᠣᠯᠠᠨ ᠵᠦᠢ᠍ᠯ᠎ᠤᠨ ᠬᠡᠯᠪᠡᠷᠢ ᠠᠭᠤᠯᠭ᠎ᠠ᠎ᠪᠠᠷ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠠᠷᠠᠳ᠎ᠤᠨ ᠶᠠᠪᠤᠳᠠᠯ᠎ᠤᠨ ᠺᠠᠳ᠋ᠷ᠎ᠤᠨ ᠬᠠᠤᠯᠢ ᠤᠬᠠᠭᠤᠯᠭ᠎ᠠ ᠵᠢ ᠰᠦᠯᠵᠢᠶᠡᠨ ᠳᠡᠭᠡᠷ᠎ᠡ ᠰᠤᠷᠤᠯᠴᠠᠬᠤ ᠠᠵᠢᠯᠯᠠᠭ᠎ᠠ᠎ᠳᠤ ᠣᠷᠣᠯᠴᠠᠵᠤ᠂ ᠰᠤᠷᠤᠯᠭ᠎ᠠ᠎ᠳᠤ ᠣᠷᠣᠯᠴᠠᠭᠰᠠᠨ ᠨᠣᠷᠮ᠎ᠠ᠂ ᠰᠢᠯᠭ᠋ᠠᠯᠲᠠ᠎ᠳᠤ ᠣᠷᠣᠯᠴᠠᠭᠰᠠᠨ ᠨᠣᠷᠮ᠎ᠠ᠎ᠨᠢ ᠴᠥᠮ 90% ᠵᠢ ᠳᠠᠪᠠᠵᠠᠢ᠃
    ᠲᠢᠩᠬᠢᠮ᠎ᠤᠨ ᠳᠠᠷᠤᠭ᠎ᠠ ᠴᠧᠨ ᠵᠢᠶᠧ ᠴᠢᠬᠤᠯᠠᠴᠢᠯᠠᠭᠰᠠᠨ᠎ᠨᠢ᠂ ᠡᠨᠡ ᠵᠢᠯ ᠪᠣᠯ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨ᠎ᠢ ᠪᠠᠢ᠌ᠭᠤᠯᠬᠤ ᠡᠴᠤᠰ᠎ᠤᠨ ᠵᠢᠯ ᠮᠥᠨ᠂ ᠠᠯᠪᠠᠨ ᠬᠡᠷ (ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ)᠎ᠨᠢ ᠡᠵᠡᠮᠳᠡᠵᠤ ᠬᠢᠬᠦ ᠲᠠᠰᠤᠭ ᠪᠣᠯᠤᠭᠰᠠᠨ᠎ᠤ ᠬᠤᠪᠢ᠎ᠳᠤ᠂ ᠡᠯ᠎ᠡ ᠵᠦᠢ᠍ᠯ᠎ᠤᠨ ᠨᠠᠷᠢᠨ ᠨᠢᠮᠪᠠᠶ ᠬᠢᠨᠠᠨ ᠰᠢᠯᠭ᠋ᠠᠬᠤ ᠭᠦᠶᠴᠡᠳᠬᠡᠯ ᠲᠣᠭ᠎ᠠ ᠵᠢ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ᠎ᠪᠠᠨ ᠪᠡᠶᠡᠯᠡᠭᠦᠯᠬᠦ ᠵᠢ ᠦᠨᠡᠨ ᠬᠦ᠌   ᠪᠠᠲᠤᠯᠠᠬᠤ ᠬᠡᠷᠡᠭᠲᠡᠶ ᠭᠡᠵᠡᠶ᠃
    ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠹᠸᠩ ᠬᠣ᠌ ᠾᠧ  ᠂ ᠠᠯᠪᠠᠨ ᠬᠡᠷ (ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ)᠎ᠤᠨ ᠬᠡᠰᠡᠭ ᠨᠥᠬᠥᠳ ᠬᠤᠷᠠᠯ᠎ᠳᠤ ᠣ ᠷᠣᠯᠴᠠᠪᠠ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠤᠤ ᠵᠢᠶᠠᠨ ᠬᠤᠸᠠ 2019 ᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠤᠯᠢ᠎ᠪᠠᠷ ᠣᠷᠣᠨ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠤᠭᠰᠠᠨ ᠠᠵᠢᠯ᠎ᠤᠨ ᠮᠡᠳᠡᠭᠦᠯᠦᠯᠲᠡ ᠬᠢᠪᠡ
ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢᠨ ᠠᠯᠪᠠᠨ ᠭᠡᠷ ᠬᠠᠷᠢᠴᠠᠭ᠎ᠠ᠎ᠪᠠᠨ ᠰᠠᠯᠭ᠋ᠠᠨ ᠰᠢᠯᠵᠢᠭᠦᠯᠵᠤ ᠳᠤᠰᠢᠶᠠᠬᠤ ᠨᠡᠢ᠌ᠭᠡᠮᠯᠢᠭ᠎ᠤᠳ᠎ᠤᠨ ᠨᠠᠮ᠎ᠤᠨ ᠪᠠᠶ᠋ᠢᠭᠤᠯᠤᠯᠲᠠ ᠠᠵᠢᠯ᠎ᠢ ᠪᠠᠢ᠌ᠴᠠᠭ᠋ᠠᠨ ᠵᠢᠯᠤᠭᠤᠤᠡᠪᠠ
ᠴᠧᠨ ᠵᠢᠶᠧ ᠬᠥᠬᠡᠬᠣᠲᠠ᠎ᠳᠤ᠎ᠬᠢ ᠤᠯᠤᠰ᠎ᠤᠨ ᠲᠠᠰ᠎ᠤᠨ ᠲᠤᠷᠰᠢᠯᠲᠠ ᠵᠢᠨ ᠴᠡᠭ᠎ᠤᠨ ᠡᠭᠦᠷᠭᠡ ᠵᠢᠨ ᠠᠬᠢᠴᠠ ᠵᠢ ᠪᠠᠶ᠋ᠢᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠣᠳᠪᠠ
ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ ᠬᠦᠴᠢᠷᠳᠡᠯ᠎ᠢ ᠮᠠᠨ᠎ᠤ ᠤᠷᠤᠨ ᠨᠠᠢ᠍ᠮᠨᠨ ᠠᠷᠭ᠎ᠠ᠎ᠪᠠᠷ ᠰᠢᠢ᠍ᠳᠪᠤᠷᠢᠯᠡᠵᠤ ᠪᠠᠢ᠌ᠨ᠎ᠠ
ᠲᠣᠮᠣ ᠤᠯᠤᠰ᠎ᠤᠨ ᠪᠣᠭᠣᠮᠲᠠ ᠰᠢᠪᠲᠤᠯᠤᠯᠲᠠ 2020 ᠣᠨ᠎ᠤ ᠰᠢᠢ᠍ᠳᠪᠤᠷᠢᠲᠤ ᠢᠯᠠᠯᠲᠠ
 
            