5 ᠳ᠋ᠤᠭ᠋ᠠᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠠᠷᠤᠭ᠎ᠠ ᠴᠧᠨ ᠵᠢᠶᠧ ᠨᠠᠷ ᠬᠥᠬᠡᠬᠣᠲᠠ᠎ᠳᠤ ᠬᠦᠷᠴᠦ ᠤᠯᠤᠰ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠠᠵᠤ ᠤᠢ᠌ᠯᠡᠰ᠎ᠤᠨ ᠶᠠᠷᠤᠩᠭᠡᠢ ᠰᠢᠨᠡᠴᠢᠯᠡᠭᠰᠡᠨ ᠲᠤᠷᠰᠢᠯᠲᠠ ᠵᠢᠨ ᠴᠡᠭ ᠦ᠋᠊ᠨ ᠪᠥᠬᠥ ᠤᠯᠤᠰ᠎ᠤᠨ ᠨᠡᠶ᠋ᠢᠭᠡᠮ ᠲᠣᠭᠣᠷᠢᠭ ᠪᠤᠯᠤᠨ ᠬᠡᠷ᠎ᠲᠤ᠎ᠪᠠᠨ ᠰᠠᠭᠤᠭ᠋ᠠᠳ ᠠᠰᠠᠷᠠᠭᠤᠯᠬᠤ ᠨᠠᠰᠤᠲᠠᠶ᠋ᠢᠴᠤᠳ᠎ᠤᠨ ᠤᠢ᠌ᠯᠡᠴᠢᠯᠡᠭᠡᠨ᠎ᠤ ᠥᠭᠡᠷᠡᠴᠢᠯᠡᠯᠲᠡ ᠵᠢᠨ ᠲᠤᠷᠰᠢᠯᠳᠡ ᠵᠢᠨ ᠡᠭᠦᠷᠭᠡ ᠵᠢᠨ ᠠᠬᠢᠴᠠ ᠵᠢ ᠪᠠᠶ᠋ᠢᠴᠠᠭ᠋ᠠᠨ ᠰᠤᠳᠤᠯᠵᠤ ᠱᠠᠯᠠᠪᠳᠠᠭᠤᠯᠤᠨ ᠵᠢᠯᠣᠭᠣᠳᠪᠠ᠃
9᠎ᠤ ᠡᠳᠦᠷ᠎ᠤᠨ ᠦᠳᠡ ᠵᠢᠨ ᠡᠮᠦᠨ᠎ᠡ ᠴᠧᠨ ᠵᠢᠶᠧ ᠨᠠᠷ ᠬᠣᠷᠢᠨᠭᠡᠷ ᠰᠢᠨ᠎ᠡ ᠲᠣᠭᠣᠷᠢᠭ᠎ᠲᠤ ᠬᠦᠷᠴᠦ ᠡᠷᠬᠦᠯᠵᠢᠯ ᠤᠨ ᠲᠤᠰᠠᠯᠠᠬᠤ ᠪᠠᠭ᠋ᠠᠵᠢ ᠵᠢᠨ ᠠᠵᠤ ᠤᠢ᠌ᠯᠡᠰ᠎ᠤᠨ ᠬᠦᠷᠢᠶᠡᠯᠡᠩ᠎ᠳᠤ᠎ᠬᠢ ᠤᠢ᠌ᠯᠠᠤᠡᠪᠤᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠢ᠌ᠳᠠᠯ᠎ᠢ ᠪᠠᠶ᠋ᠢᠴᠠᠭ᠋ᠠᠨ ᠦᠵᠡᠵᠡᠶ᠃ ᠲᠤᠬᠠᠶ ᠵᠢᠨ ᠲᠠᠯᠠᠪᠠᠶ᠎ᠳᠤ ᠬᠣᠯᠪᠣᠭᠳᠠᠯ ᠪᠥᠬᠥᠶ ᠬᠥᠮᠦᠰ᠎ᠲᠠᠢ ᠶᠠᠷᠢᠯᠴᠠᠬᠤ ᠬᠤᠷᠠᠯ ᠬᠢᠵᠤ ᠂ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠡᠷᠭᠡ ᠪᠣᠳᠠᠲᠠᠶ ᠠᠵᠢᠯ᠎ᠤᠨ ᠣᠯᠤᠭᠰᠠᠨ ᠦᠷ᠎ᠡ ᠪᠦᠲᠦᠮᠵᠢ᠂ ᠣᠷᠣᠰᠢᠵᠤ ᠪᠠᠶ᠋ᠢᠭ᠎ᠠ ᠠᠰᠠᠭᠤᠳᠠᠯ ᠬᠦᠴᠢᠷᠳᠡᠯ᠎ᠢ ᠨᠠᠷᠢᠨ ᠣᠶ᠋ᠢᠯᠠᠭ᠋ᠠᠪᠠ᠃
9᠎ᠤ ᠡᠳᠦᠷ᠎ᠤᠨ ᠦᠳᠡ ᠵᠢᠨ ᠬᠣᠶ᠋ᠢᠨ᠎ᠠ᠂ ᠴᠧᠨ ᠵᠢᠶᠧ ᠨᠠᠷ ᠤᠷᠢᠳ ᠬᠣᠵᠢᠳ ᠢᠦᠶ ᠴᠢᠤᠸᠠᠨ ᠲᠣᠭᠣᠷᠢᠭ ᠤᠨ ᠵᠢᠶᠠᠨ ᠬᠤᠸᠠ ᠪᠸᠢ ᠬᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠲᠥᠪ᠂ ᠰᠠᠶ᠋ᠢᠬᠠᠨ ᠲᠣᠭᠣᠷᠢᠭ᠎ᠤᠨ ᠠᠢ ᠵᠤᠤ ᠬᠤ᠌ ᠨᠠᠰᠤᠲᠠᠳ᠎ᠤᠨ ᠦᠷᠦᠭᠡ᠎ᠪᠠᠷ ᠬᠦᠷᠴᠦ᠂ ᠨᠠᠰᠤᠲᠠᠶ᠋ᠢᠴᠤᠳ᠎ᠤᠨ ᠬᠣᠭᠣᠯᠠ ᠤᠮᠳᠠᠭ᠋ᠠᠨ᠂ ᠰᠦᠢ᠍ᠳᠬᠡᠯ ᠬᠤᠷᠢᠶᠠᠵᠤ ᠪᠠᠢ᠌ᠭ᠎ᠠ ᠪᠠᠢ᠌ᠳᠠᠯ ᠵᠡᠷᠭᠡ ᠵᠢ ᠨᠠᠷᠢᠨ ᠠᠰᠠᠭᠤᠵᠤ᠂ ᠭᠠᠷᠠᠭ ᠪᠦᠷᠢ ᠵᠢᠨ ᠢᠳᠡᠭᠡᠨ᠎ᠤ ᠲᠤᠬᠢᠷᠠᠭᠤᠯᠤᠯᠳᠠ ᠵᠢ ᠪᠠᠶ᠋ᠢᠴᠠᠭ᠋ᠠᠨ ᠦᠵᠡᠵᠦ᠂ ᠢᠳᠡᠭᠡᠨ᠎ᠤ ᠠᠮᠤᠷ ᠲᠦᠪᠰᠢᠨ᠎ᠤ ᠠᠵᠢᠯ᠎ᠢ ᠰᠠᠢ᠌ᠳᠤᠷ ᠬᠢᠵᠦ᠂ ᠨᠠᠰᠤᠲᠠᠶ᠋ᠢᠴᠤᠳ᠎ᠤᠨ ᠢᠳᠡᠭᠡᠨ ᠤᠮᠳᠠᠭ᠋ᠠᠨ᠎ᠤ ᠡᠷᠡᠭᠦᠯ ᠬᠠᠮᠠᠭ᠋ᠠᠯᠠᠯ᠎ᠢ ᠦᠨᠡᠨᠬᠦ ᠪᠠᠳᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠤᠯᠭ᠎ᠠ ᠭᠤᠤ ᠵᠢᠶᠠᠨ ᠬᠤᠸᠠ᠂ ᠬᠦᠭᠡᠬᠤᠳᠠ ᠵᠢᠨ ᠤᠳᠤᠷᠢᠳᠤᠯᠭ᠎ᠠ ᠯᠦᠸᠧ ᠴᠢᠩ᠂ ᠰᠢᠤᠢ ᠷᠦᠢ ᠰᠢᠶᠠ ᠪᠠᠶ᠋ᠢᠴᠠᠭ᠋ᠠᠨ ᠰᠤᠳᠤᠯᠤᠯᠲᠠ᠎ᠳᠤ ᠪᠠᠷ᠎ᠠ ᠪᠣᠯᠪᠠ᠃