ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ ᠬᠦᠴᠢᠷᠳᠡᠯ᠎ᠢ ᠮᠠᠨ᠎ᠤ ᠤᠷᠤᠨ ᠨᠠᠢ᠍ᠮᠨᠨ ᠠᠷᠭ᠎ᠠ᠎ᠪᠠᠷ ᠰᠢᠢ᠍ᠳᠪᠤᠷᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2020-06-19



    ᠤᠢ᠌ᠷ᠎ᠠ᠎ᠳᠤ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠂ ᠡᠳ᠋᠎ᠤᠨ ᠶᠠᠪᠤᠳᠠᠯ᠎ᠤᠨ ᠲᠢᠡᠭᠭᠢᠮ᠂ ᠬᠦᠮᠦᠨ᠎ᠤ ᠬᠦᠴᠤᠨ᠎ᠤ ᠡᠬᠢ ᠪᠠᠶᠠᠯᠢᠭ ᠪᠠ ᠨᠡᠢ᠌ᠬᠡᠮ᠎ᠤᠨ ᠠᠰᠠᠷᠠᠮᠵᠢ ᠵᠢᠨ ᠲᠢᠡᠭᠭᠢᠮ ᠵᠡᠷᠬᠡ 9 ᠰᠠᠯᠠᠭ᠎ᠠ ᠮᠦᠴᠢᠷ ᠬᠠᠮᠳᠤᠷᠠᠨ 《ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ ᠬᠦᠴᠢᠷᠳᠡᠯ᠎ᠢ ᠰᠢᠢ᠍ᠳᠪᠤᠷᠢᠯᠡᠬᠦ ᠬᠡᠳᠤᠨ ᠠᠷᠭ᠎ᠠ》 ᠵᠢ ᠨᠡᠢ᠌ᠳᠡᠯᠡᠵᠤ᠂ ᠪᠦᠬᠦ ᠤᠷᠤᠨ᠎ᠤ ᠨᠠᠰᠤᠳᠠᠨ᠎ᠤ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ᠎ᠬᠢᠨ ᠬᠢᠵᠢᠭ᠎ᠤᠨ ᠨᠦᠯᠦᠬᠡ ᠵᠢ ᠢᠳᠡᠪᠬᠢᠳᠡᠢ ᠠᠷᠭ᠋ᠠᠴᠠᠭ᠋ᠠᠬᠤ᠎ᠪᠠᠷ ᠲᠡᠮᠵᠢᠵᠤ᠂ ᠠᠵᠢᠯ ᠲᠦᠷᠤᠯ᠎ᠤᠨ ᠡᠷᠡᠬᠦᠯ ᠬᠦᠭᠵᠢᠯᠳᠡ ᠵᠢ ᠠᠬᠢᠭᠤᠯᠵᠤ ᠪᠤᠢ᠃
    ᠦᠪᠤᠷ ᠮᠤᠡᠭᠭᠤᠯ᠎ᠤᠨ ᠪᠤᠳᠠᠳᠠᠢ᠎ᠠᠴᠠ ᠡᠬᠦᠰᠴᠤ ᠠᠪᠤᠬᠰᠠᠨ ᠨᠠᠢ᠍ᠮᠠᠨ ᠲᠡᠮᠵᠢᠬᠦ ᠪᠤᠳᠤᠯᠭ᠎ᠠ᠄
      ᠨᠢᠬᠡ᠎ᠳᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠤ ᠠᠬᠤᠢ᠌ᠯᠠᠯ᠎ᠤᠨ ᠭᠠᠢ᠌ᠯᠢ ᠵᠢᠨ ᠲᠠᠷᠤᠭ᠋ᠠᠰᠤ ᠵᠢ ᠬᠦᠡᠭᠭᠡᠯᠡᠨ᠎ᠡ᠃ ᠬᠢᠵᠢᠭ᠎ᠠᠴᠠ ᠪᠤᠯᠵᠤ ᠡᠵᠡᠡᠭᠨᠡᠬᠦ᠎ᠳᠤ᠎ᠪᠠᠨ ᠬᠦᠴᠢᠷᠳᠡᠵᠤ᠂ ᠭᠠᠢ᠌ᠯᠢ᠎ᠪᠠᠨ ᠴᠠᠭ᠎ᠲᠤ᠎ᠪᠠᠨ ᠲᠤᠰᠢᠶᠠᠵᠤ ᠲᠡᠢ᠌ᠯᠬᠦ ᠦᠬᠡᠢ ᠪᠠᠢ᠌ᠭ᠎ᠠ ᠠᠰᠢᠭ ᠤᠷᠤᠯᠭ᠎ᠠ ᠵᠢᠨ ᠰᠢᠨᠵᠢ᠎ᠲᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠤ ᠠᠬᠤᠢ᠌ᠯᠠᠯ ᠪᠤᠶᠤ ᠪᠠᠢ᠌ᠭᠤᠯᠤᠮᠵᠢ᠎ᠨᠤᠭᠤᠳ ᠬᠠᠮᠢᠶ᠎ᠠ ᠪᠦᠬᠦᠢ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ ᠵᠢᠨ ᠵᠦᠪᠰᠢᠶᠡᠷᠡᠯ ᠵᠶ᠋ᠡᠷ ᠬᠠᠤᠯᠢ ᠶᠤᠰᠤᠭ᠋ᠠᠷ ᠭᠠᠢ᠌ᠯᠢ᠎ᠪᠠᠨ ᠬᠤᠢ᠌ᠰᠢᠯᠠᠭᠤᠯᠤᠨ ᠲᠤᠰᠢᠶᠠᠵᠤ ᠪᠤᠯᠬᠤ ᠪᠦᠬᠡᠳ ᠬᠠᠮᠤᠭ ᠤᠷᠳᠤ᠎ᠳᠤ᠎ᠪᠠᠨ 3 ᠰᠠᠷ᠎ᠠ᠎ᠠᠴᠠ ᠬᠡᠳᠤᠷᠡᠵᠤ ᠪᠤᠯᠬᠤ ᠦᠬᠡᠢ᠃
    ᠬᠤᠶᠠᠷ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠬᠡᠮ᠎ᠤᠨ ᠲᠠᠭ᠋ᠠᠳᠬᠠᠯ᠎ᠢ ᠬᠠᠰᠤᠨ ᠬᠡᠯᠳᠦᠷᠢᠬᠦᠯᠵᠤ᠂ ᠬᠤᠢ᠌ᠰᠢᠯᠠᠭᠤᠯᠤᠨ ᠲᠤᠰᠢᠶᠠᠵᠤ ᠪᠤᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠬᠢᠵᠢᠭ᠎ᠤᠨ ᠬᠤᠭᠤᠴᠠᠭ᠋ᠠᠨ᠎ᠳᠤ ᠤᠯᠤᠰ ᠪᠠ ᠦᠪᠡᠷᠳᠡᠬᠡᠨ ᠵᠠᠰᠠᠬᠤ ᠤᠷᠤᠨ᠎ᠤ ᠬᠠᠮᠢᠶ᠎ᠠ᠎ᠲᠠᠢ ᠲᠤᠬᠳᠠᠭ᠋ᠠᠯ ᠵᠶ᠋ᠡᠷ ᠨᠡᠢ᠌ᠬᠡᠮ᠎ᠤᠨ ᠲᠠᠭ᠋ᠠᠳᠬᠠᠯ᠎ᠢ ᠬᠡᠰᠡᠭ ᠬᠤᠭᠤᠴᠠᠭ᠋ᠠᠨ᠎ᠤ᠎ᠬᠢ ᠵᠢ ᠬᠠᠰᠤᠵᠤ ᠬᠡᠯᠳᠤᠷᠢᠬᠦᠯᠬᠦ ᠪᠠ ᠬᠤᠢ᠌ᠰᠢᠯᠠᠭᠤᠯᠤᠨ ᠲᠤᠰᠢᠶᠠᠵᠤ ᠪᠤᠯᠤᠨ᠎ᠠ᠃ ᠬᠠᠰᠤᠵᠤ ᠬᠡᠯᠳᠤᠷᠢᠬᠦᠯᠬᠦ ᠪᠠ ᠬᠤᠢ᠌ᠰᠢᠯᠠᠭᠤᠯᠵᠤ ᠲᠤᠰᠢᠶᠠᠬᠤ ᠰᠦᠢ᠍ᠳᠬᠡᠯ᠎ᠤᠨ ᠲᠦᠷᠤᠯ ᠵᠦᠢ᠍ᠯ᠂ ᠬᠤᠭᠤᠴᠠᠭ᠎ᠠ ᠪᠠ ᠪᠠᠷᠢᠮᠵᠢᠶ᠎ᠠ ᠵᠢ ᠦᠪᠡᠷᠳᠡᠬᠡᠨ ᠵᠠᠰᠠᠬᠤ ᠤᠷᠤᠨ᠎ᠤ ᠬᠦᠮᠦᠨ᠎ᠤ ᠬᠦᠴᠤᠨ᠎ᠤ ᠡᠬᠢ ᠪᠠᠶᠠᠯᠢᠭ ᠪᠠ ᠨᠡᠢ᠌ᠬᠡᠮ᠎ᠤᠨ ᠪᠠᠳᠤᠯᠠᠭ᠎ᠠ ᠵᠢᠨ ᠲᠢᠡᠭᠭᠢᠮ᠂ ᠡᠳ᠋᠎ᠤᠨ ᠶᠠᠪᠤᠳᠠᠯ᠎ᠤᠨ ᠲᠢᠡᠭᠭᠢᠮ᠂ ᠭᠠᠢ᠌ᠯᠢ ᠵᠢᠨ ᠶᠠᠪᠤᠳᠠᠯ᠎ᠤᠨ ᠲᠤᠪᠴᠢᠶ᠎ᠠ ᠵᠢᠨ 《ᠠᠵᠤ ᠠᠬᠤᠢ᠌ᠯᠠᠯ᠎ᠤᠨ ᠨᠡᠢ᠌ᠬᠡᠮ᠎ᠤᠨ ᠲᠠᠭ᠋ᠠᠳᠬᠠᠯ᠎ᠤᠨ ᠰᠦᠢ᠍ᠳᠬᠡᠯ᠎ᠢ ᠬᠡᠰᠡᠭ ᠬᠤᠭᠤᠴᠠᠭ᠎ᠠ᠎ᠪᠠᠷ ᠬᠠᠰᠤᠵᠤ ᠬᠡᠯᠳᠤᠷᠢᠬᠦᠯᠬᠦ ᠵᠢ ᠬᠡᠷᠡᠭᠵᠢᠬᠦᠯᠬᠦ ᠰᠠᠨᠠᠯ》   ᠶᠤᠰᠤᠭ᠋ᠠᠷ ᠨᠠᠢ᠌ᠳᠠᠪᠤᠷᠢᠵᠢᠭᠤᠯᠤᠨ᠎ᠠ᠃
      ᠭᠤᠷᠪᠠ᠂ ᠠᠵᠢᠯᠳᠠᠳ᠎ᠤᠨ ᠦᠨᠳᠤᠰᠤᠨ ᠡᠮ ᠡᠮᠨᠡᠯᠬᠡ ᠵᠢᠨ ᠲᠠᠭ᠋ᠠᠳᠬᠠᠯ᠎ᠢ ᠬᠠᠰᠤᠵᠤ ᠲᠠᠳᠠᠪᠤᠷᠢᠯᠠᠨ᠎ᠠ᠃ 《〈ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠵᠢᠯᠳᠠᠳ᠎ᠤᠨ ᠦᠨᠳᠤᠰᠤᠨ ᠡᠮ ᠡᠮᠨᠡᠯᠬᠡ ᠵᠢᠨ ᠲᠠᠭ᠋ᠠᠳᠬᠠᠯ᠎ᠢ ᠬᠠᠰᠤᠵᠤ ᠲᠠᠳᠠᠪᠤᠷᠢᠯᠠᠬᠤ ᠲᠦᠰᠤᠯ〉᠎ᠤᠨ ᠲᠤᠬᠠᠢ ᠲᠠᠷᠤᠮᠠᠯᠯᠠᠨ ᠲᠠᠷᠬᠠᠭ᠋ᠠᠬᠰᠠᠨ ᠮᠡᠳᠡᠭᠳᠡᠯ》᠎ᠢ ᠦᠨᠳᠤᠰᠤᠯᠡᠨ ᠭᠠᠵᠠᠷ ᠤᠷᠤᠨ᠎ᠤ ᠬᠠᠮᠢᠶ᠎ᠠ᠎ᠲᠠᠢ ᠲᠦᠷᠤ ᠵᠢᠨ ᠪᠤᠳᠤᠯᠭ᠎ᠠ ᠲᠦᠷᠢᠮ ᠲᠤᠬᠳᠠᠭ᠋ᠠᠯ ᠶᠤᠰᠤᠭ᠋ᠠᠷ ᠨᠢᠬᠡᠳᠤᠯᠳᠡᠢ ᠬᠡᠷᠡᠭᠵᠢᠬᠦᠯᠤᠨ᠎ᠡ᠃
      ᠲᠦᠷᠪᠡ᠂ ᠬᠢᠵᠢᠭ᠎ᠲᠤ ᠨᠦᠯᠦᠬᠡᠯᠡᠭᠳᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠤᠭᠤᠳ ᠤᠷᠤᠨ ᠰᠠᠭᠤᠴᠨ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠡᠭᠭᠦ ᠵᠢ ᠬᠤᠢ᠌ᠰᠢᠯᠠᠭᠤᠯᠤᠨ ᠲᠤᠰᠢᠶᠠᠬᠤ᠎ᠪᠠᠷ ᠡᠷᠡᠮᠡᠯᠵᠡᠯᠡᠵᠤ ᠪᠤᠯᠤᠨ᠎ᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠰᠢᠯᠵᠢᠬᠦᠯᠤᠨ ᠨᠡᠢ᠌ᠳᠡᠯᠡᠭᠰᠡᠨ᠂ ᠦᠪᠡᠷᠳᠡᠬᠡᠨ ᠵᠠᠰᠠᠬᠤ ᠤᠷᠤᠨ᠎ᠤ ᠤᠷᠤᠨ ᠰᠠᠭᠤᠴᠨ ᠪᠠ ᠬᠤᠳᠠ ᠬᠦᠳᠡᠬᠡ ᠵᠢᠨ ᠪᠦᠳᠦᠬᠡᠨ ᠪᠠᠢ᠌ᠭᠤᠯᠤᠯᠳᠠ ᠵᠢᠨ ᠲᠢᠡᠭᠭᠢᠮ ᠵᠡᠷᠬᠡ ᠭᠤᠷᠪᠠᠨ ᠰᠠᠯᠠᠭ᠎ᠠ ᠮᠦᠴᠢᠷ᠎ᠤᠨ 《ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ ᠤᠷᠤᠨ ᠰᠠᠭᠤᠴᠨ ᠵᠢᠨ ᠨᠡᠢ᠌ᠳᠡ ᠵᠢᠨ ᠬᠤᠷᠠᠯᠳᠤᠭᠤᠯᠭ᠎ᠠ ᠵᠢᠨ ᠮᠦᠡᠭᠭᠦ ᠵᠢ ᠬᠠᠮᠢᠶᠠᠷᠬᠤ ᠪᠠ ᠦᠢ᠍ᠯᠡᠴᠢᠯᠡᠬᠦ ᠠᠵᠢᠯ᠎ᠤᠨ ᠰᠠᠨᠠᠯ᠎ᠤᠨ ᠮᠡᠳᠡᠭᠳᠡᠯ》᠎ᠤᠨ ᠱᠠᠭ᠋ᠠᠷᠳᠠᠯᠭ᠎ᠠ᠎ᠪᠠᠷ ᠨᠠᠰᠤᠳᠠᠨ᠎ᠤ ᠠᠰᠠᠷᠠᠮᠵᠢ ᠵᠢᠨ ᠪᠠᠢ᠌ᠭᠤᠯᠤᠮᠵᠢ᠎ᠨᠢ 6 ᠳ᠋ᠤᠭ᠋ᠠᠷ ᠰᠠᠷ᠎ᠠ ᠵᠢᠨ 30᠎ᠠᠴᠠ ᠡᠮᠦᠨ᠎ᠡ ᠤᠷᠤᠨ ᠰᠠᠭᠤᠴᠨ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠡᠭᠭᠦ ᠵᠢ ᠬᠤᠢ᠌ᠰᠢᠯᠠᠭᠤᠯᠤᠨ ᠲᠤᠰᠢᠶᠠᠬᠤ ᠵᠢ ᠲᠤᠬᠳᠠᠭ᠋ᠠᠯ ᠶᠤᠰᠤᠭ᠋ᠠᠷ     ᠡᠷᠡᠮᠡᠯᠵᠡᠯᠡᠵᠤ ᠪᠤᠯᠤᠨ᠎ᠠ᠂ ᠡᠢ᠌ᠮᠤ ᠪᠠᠢ᠌ᠳᠠᠯ ᠲᠤᠤᠷ᠎ᠠ ᠬᠤᠢ᠌ᠰᠢᠯᠠᠵᠤ ᠲᠤᠰᠢᠶᠠᠪᠠᠯ ᠲᠤᠰᠢᠶᠠᠬᠤ ᠴᠠᠭ ᠵᠶ᠋ᠡᠨ ᠲᠠᠰᠤᠯᠳᠠᠭᠤᠯᠤᠬᠰᠠᠨ ᠵᠶ᠋ᠡᠷ ᠪᠤᠳᠤᠬᠤ ᠦᠬᠡᠢ᠂ ᠠᠵᠢᠯᠳᠠᠳ᠎ᠤᠨ ᠤᠷᠤᠨ ᠰᠠᠭᠤᠴᠨ ᠵᠢᠨ ᠨᠡᠢ᠌ᠳᠡ ᠵᠢᠨ ᠬᠤᠷᠠᠮᠳᠤᠯᠭ᠎ᠠ ᠵᠢᠨ ᠮᠦᠡᠭᠭᠦ᠎ᠪᠠᠨ ᠭᠠᠷᠭ᠋ᠠᠨ ᠠᠪᠬᠤ ᠪᠠ ᠤᠷᠤᠨ ᠰᠠᠭᠤᠴᠨ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠡᠭᠭᠦ ᠵᠢᠨ ᠵᠢᠬᠡᠯᠡᠯᠬᠡ ᠡᠷᠡᠮᠡᠯᠵᠡᠯᠡᠬᠦ ᠵᠢ ᠨᠦᠯᠦᠬᠡᠯᠡᠬᠦ ᠦᠬᠡᠢ᠃

    ᠲᠠᠪᠤ᠂ ᠬᠡᠷ᠎ᠤᠨ ᠲᠦᠷᠢᠶᠡᠰᠤ᠎ᠠᠴᠠ ᠵᠤᠬᠢᠰᠳᠠᠢ᠎ᠪᠠᠷ ᠬᠡᠯᠳᠤᠷᠢᠬᠦᠯᠤᠨ᠎ᠡ᠃ ᠲᠦᠷᠢᠶᠡᠰᠤ ᠲᠤᠰᠢᠶᠠᠵᠤ ᠪᠤᠢ ᠠᠯᠪᠠᠨ᠎ᠠᠴᠠ ᠪᠠᠢ᠌ᠭᠤᠯᠵᠤ ᠠᠷᠠᠳ᠎ᠠᠴᠠ ᠡᠷᠬᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠡᠷ᠎ᠤᠨ ᠲᠦᠷᠢᠶᠡᠰᠤ᠎ᠠᠴᠠ 2 ᠰᠠᠷ᠎ᠠ ᠬᠡᠯᠳᠤᠷᠢᠬᠦᠯᠤᠨ᠎ᠡ᠃ ᠲᠤᠰᠢᠶᠠᠵᠤ ᠲᠡᠢ᠌ᠯᠬᠦ ᠦᠬᠡᠢ ᠪᠠᠢ᠌ᠬᠤ  ᠎ᠨᠢ ᠬᠤᠢ᠌ᠰᠢᠯᠠᠭᠤᠯᠤᠨ ᠲᠤᠰᠢᠶᠠᠵᠤ ᠴᠦ᠍ ᠪᠤᠯᠤᠨ᠎ᠠ᠃ ᠦᠮᠴᠢᠯᠡᠬᠦ ᠡᠷᠬᠡ ᠵᠢᠨ ᠰᠢᠨᠵᠢ ᠪᠦᠬᠦᠢ ᠬᠡᠷ ᠪᠠᠷᠢᠯᠭ᠎ᠠ ᠵᠢ ᠲᠦᠷᠢᠶᠡᠰᠤᠯᠡᠵᠤ ᠪᠤᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠡᠷ᠎ᠤᠨ ᠡᠵᠡᠨ᠎ᠢ ᠬᠡᠷ᠎ᠤᠨ ᠲᠦᠷᠢᠶᠡᠰᠤ᠎ᠠᠴᠠ ᠬᠡᠯᠳᠤᠷᠢᠬᠦᠯᠬᠦ ᠵᠢ ᠵᠤᠷᠢᠬ᠍ᠵᠢᠭᠤᠯᠵᠤ᠂ ᠪᠤᠳᠠᠳᠠᠢ ᠵᠦᠢ᠍ᠯ᠎ᠢ ᠬᠤᠶᠠᠷ ᠲᠠᠯ᠎ᠠ᠎ᠪᠠᠷ ᠵᠶ᠋ᠡᠨ ᠵᠦᠪᠯᠡᠵᠤ ᠪᠠᠢ᠌ᠭ᠋ᠠᠳ ᠰᠢᠢ᠍ᠳᠤᠨ᠎ᠡ᠃
      ᠵᠢᠷᠭᠤᠭ᠎ᠠ᠂ ᠮᠦᠡᠭᠭᠦᠨ ᠬᠦᠢ᠍ᠯᠬᠡᠬᠡᠨ ᠵᠶ᠋ᠡᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠬᠦᠭᠵᠢᠯᠳᠡ ᠵᠢ ᠴᠢᠡᠭᠭ᠋ᠠᠳᠬᠠᠨ᠎ᠠ᠃ ᠬᠦᠭᠵᠢᠯᠳᠡ ᠵᠢᠨ ᠢᠷᠡᠬᠡᠳᠤᠢ᠎ᠲᠠᠢ ᠪᠤᠯᠪᠠᠴᠤ ᠬᠢᠵᠢᠭ᠎ᠲᠤ ᠨᠦᠯᠦᠬᠡᠯᠡᠭᠳᠡᠵᠤ ᠪᠠᠢ᠌ᠭ᠎ᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠤ ᠠᠬᠤᠢ᠌ᠯᠠᠯ᠎ᠠᠴᠠ ᠬᠠᠮᠢᠶ᠎ᠠ᠎ᠲᠠᠢ
ᠮᠦᠡᠭᠭᠦᠨ ᠬᠦᠢ᠍ᠯᠬᠡᠬᠡᠨ᠎ᠤ ᠪᠠᠢ᠌ᠭᠤᠯᠤᠮᠵᠢ ᠵᠢᠬᠡᠯᠡᠯᠬᠡ᠎ᠪᠠᠷ ᠲᠠᠳᠠᠵᠤ᠂ ᠵᠢᠬᠡᠯᠡᠯᠬᠡ᠎ᠪᠠᠨ ᠲᠠᠰᠤᠯᠬᠤ ᠪᠤᠶᠤ ᠵᠢᠬᠡᠯᠡᠯᠬᠡ ᠵᠢ ᠲᠠᠷᠤᠵᠤ ᠪᠤᠯᠬᠤ ᠦᠬᠡᠢ ᠪᠦᠬᠡᠳ ᠦᠷᠬᠦᠯᠵᠢᠯᠡᠨ ᠵᠢᠬᠡᠯᠡᠬᠦᠯᠵᠤ ᠪᠤᠯᠬᠤ ᠵᠢ᠎ᠨᠢ ᠦᠷᠬᠦᠯᠵᠢᠯᠡᠨ ᠵᠢᠬᠡᠯᠡᠬᠦᠯᠬᠦ ᠬᠡᠷᠡᠭᠳᠡᠢ᠃ ᠬᠢᠵᠢᠭ᠎ᠲᠤ ᠨᠦᠯᠦᠬᠡᠯᠡᠭᠳᠡᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠤ ᠠᠬᠤᠢ᠌ᠯᠠᠯ᠎ᠤᠨ ᠪᠡᠯᠨ ᠲᠤᠬᠢᠷᠠᠭᠤᠯᠭ᠎ᠠ ᠵᠢᠨ ᠲᠠᠭ᠋ᠠᠭ᠋ᠠᠯᠳᠠ ᠵᠢ ᠤᠯᠠᠮ ᠲᠡᠮᠵᠢᠵᠤ᠂ ᠠᠵᠤ ᠠᠬᠤᠢ᠌ᠯᠠᠯ᠎ᠤᠨ 《ᠪᠡᠯᠨ ᠬᠤᠷᠠᠮᠳᠤᠭᠤᠯᠬᠤ᠎ᠳᠤ ᠬᠦᠴᠢᠷ》᠂ 《ᠪᠡᠯᠨ ᠬᠤᠷᠠᠮᠳᠤᠭᠤᠯᠬᠤ᠎ᠳᠤ ᠦᠨᠡᠳᠡᠢ》 ᠪᠠᠢ᠌ᠬᠤ ᠠᠰᠠᠭᠤᠳᠠᠯ᠎ᠢ ᠨᠠᠮᠳᠠᠭᠤᠯᠤᠨ᠎ᠠ᠃
    ᠲᠤᠯᠤᠭ᠎ᠠ᠂ ᠬᠤᠳᠠᠯᠳᠤᠭ᠋ᠠᠨ᠎ᠤ ᠲᠠᠭ᠋ᠠᠳᠬᠠᠯ᠎ᠤᠨ ᠦᠢ᠍ᠯᠡᠳᠤᠯ᠎ᠢ ᠪᠠᠳᠠᠷᠠᠭᠤᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠢᠭᠤᠴᠠᠯᠭ᠎ᠠ ᠵᠢᠨ ᠲᠠᠭ᠋ᠠᠳᠬᠠᠯ᠎ᠢ ᠲᠠᠭ᠋ᠠᠭ᠋ᠠᠴᠢᠯᠠᠨ ᠠᠪᠤᠬᠰᠠᠨ ᠪᠠᠢ᠌ᠭᠤᠯᠤᠮᠵᠢ᠎ᠨᠢ ᠬᠢᠵᠢᠭ᠎ᠤᠨ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠡᠬᠦᠰᠦᠭᠰᠡᠨ ᠬᠠᠷᠢᠭᠤᠴᠠᠯᠭ᠎ᠠ ᠵᠢᠨ ᠲᠠᠭ᠋ᠠᠳᠬᠠᠯ᠎ᠤᠨ ᠬᠦᠷᠢᠶ᠎ᠡ ᠬᠡᠪᠴᠢᠶ᠎ᠡ᠎ᠳᠤ᠎ᠬᠢ ᠡᠨᠳᠡᠯ᠎ᠤᠨ ᠭᠠᠷ ᠬᠦᠢ᠍ᠴᠡᠳᠬᠡᠯ᠎ᠢ ᠲᠦᠬᠦᠮ ᠪᠤᠯᠭ᠋ᠠᠵᠤ᠂ ᠲᠦᠯᠦᠬᠦ ᠴᠢᠬᠤᠯᠨ᠎ᠲᠠᠢ ᠵᠢ᠎ᠨᠢ ᠦᠳᠳᠡᠷ ᠲᠦᠯᠤᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠵᠡᠡᠭᠨᠡᠯᠳᠡ ᠵᠢᠨ ᠲᠠᠷᠤᠭ᠋ᠠᠰᠤ ᠵᠢ ᠬᠦᠡᠭᠭᠡᠯᠡᠬᠦ ᠬᠡᠷᠡᠭᠳᠡᠢ᠃
      ᠨᠠᠢ᠍ᠮᠨ᠂ ᠠᠰᠠᠷᠠᠮᠵᠢ ᠵᠢᠨ ᠯᠤᠲᠲᠸᠷᠢ ᠵᠢᠨ ᠨᠡᠢ᠌ᠳᠡ ᠵᠢᠨ ᠠᠰᠠᠷᠠᠮᠵᠢ ᠵᠢᠨ ᠮᠦᠡᠭᠭᠦ᠎ᠪᠠᠷ ᠲᠡᠮᠵᠢᠬᠦ ᠠᠵᠢᠯ᠎ᠢ ᠴᠢᠡᠭᠭ᠋ᠠᠳᠬᠠᠨ᠎ᠠ᠃ 2020 ᠤᠨ᠎ᠤ ᠡᠯ᠎ᠡ ᠱᠠᠳᠤᠨ᠎ᠤ ᠠᠰᠠᠷᠠᠮᠵᠢ ᠵᠢᠨ ᠯᠤᠲᠲᠸᠷᠢ ᠵᠢᠨ ᠨᠡᠢ᠌ᠳᠡ ᠵᠢᠨ ᠠᠰᠠᠷᠠᠮᠵᠢ ᠵᠢᠨ ᠮᠦᠡᠭᠭᠦ ᠵᠢᠨ 50%᠎ᠠᠴᠠ ᠲᠡᠭᠡᠭᠰᠢᠬᠢ ᠵᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠬᠦᠭᠵᠢᠯᠳᠡ᠎ᠳᠤ ᠵᠠᠷᠤᠴᠠᠭᠤᠯᠵᠤ᠂ ᠡᠬᠦᠨ᠎ᠢ ᠡᠯ᠎ᠡ ᠵᠦᠢ᠍ᠯ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠬᠢᠵᠢᠭ᠎ᠢ ᠰᠡᠷᠬᠡᠢ᠌ᠯᠡᠬᠦ ᠡᠳ᠋ ᠪᠤᠳᠠᠰ ᠬᠤᠳᠠᠯᠳᠤᠨ ᠠᠪᠬᠤ᠂ ᠠᠶᠤᠯᠬᠦᠢ ᠬᠠᠮᠢᠶᠠᠷᠤᠯᠳᠠ ᠵᠢᠨ ᠪᠡᠯᠡᠳᠬᠡᠯ ᠲᠦᠬᠦᠬᠡᠷᠤᠮᠵᠢ ᠬᠤᠳᠠᠯᠳᠤᠨ ᠠᠪᠬᠤ᠎ᠳᠤ ᠬᠡᠷᠡᠭᠯᠡᠵᠤ ᠪᠤᠯᠬᠤ ᠪᠦᠬᠡᠳ ᠬᠢᠵᠢᠭ᠎ᠲᠤ ᠨᠤᠴᠢᠳᠠᠢ ᠨᠦᠯᠦᠬᠡᠯᠡᠭᠳᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠵᠤᠬᠢᠰᠳᠠᠢ ᠨᠦᠬᠦᠪᠤᠷᠢ ᠤᠯᠭᠤᠵᠤ ᠪᠤᠯᠤᠨ᠎ᠠ᠃ ᠦᠪᠡᠷᠳᠡᠬᠡᠨ ᠵᠠᠰᠠᠬᠤ ᠤᠷᠤᠨ᠎ᠤ ᠲᠡᠰ᠎ᠤᠨ ᠠᠰᠠᠷᠠᠮᠵᠢ ᠵᠢᠨ ᠯᠤᠲᠲᠸᠷᠢ ᠵᠢᠨ᠎ᠬᠢᠨ 2020 ᠤᠨ᠎ᠤ ᠠᠰᠠᠷᠠᠮᠵᠢ ᠵᠢᠨ ᠯᠤᠲᠲᠸᠷᠢ ᠵᠢᠨ ᠨᠡᠢ᠌ᠳᠡ ᠵᠢᠨ ᠠᠰᠠᠷᠠᠮᠵᠢ ᠵᠢᠨ ᠮᠦᠡᠭᠭᠦ ᠵᠢ ᠬᠤᠪᠢᠶᠠᠷᠢᠯᠠᠬᠤ᠎ᠳᠤ᠎ᠪᠠᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠬᠢᠵᠢᠭ᠎ᠢ ᠰᠡᠷᠬᠡᠢ᠌ᠯᠡᠬᠦ ᠪᠡᠯᠨ ᠮᠦᠡᠭᠭᠦ   ᠵᠤᠬᠢᠰᠳᠠᠢ᠎ᠪᠠᠷ ᠨᠦᠬᠦᠵᠤ ᠦᠭᠴᠤ ᠪᠤᠯᠤᠨ᠎ᠠ᠃
     《ᠲᠡᠮᠵᠢᠬᠦ ᠪᠤᠳᠤᠯᠭ᠎ᠠ》᠎ᠳᠤ ᠡᠮᠦᠨᠡᠬᠢ ᠲᠦᠷᠤ ᠵᠢᠨ ᠪᠤᠳᠤᠯᠭ᠎ᠠ ᠵᠢ ᠬᠡᠪᠯᠡᠬᠦᠯᠤᠨ ᠲᠠᠷᠬᠠᠭ᠋ᠠᠬᠰᠠᠨ ᠡᠳᠤᠷ᠎ᠠᠴᠠ ᠡᠬᠢᠯᠡᠨ ᠬᠡᠷᠡᠭᠵᠢᠬᠦᠯᠵᠤ᠂ ᠬᠢᠵᠢᠭ᠎ᠤᠨ ᠰᠡᠷᠬᠡᠢ᠌ᠯᠡᠨ ᠡᠵᠡᠮᠳᠡᠬᠦ ᠠᠵᠢᠯ ᠵᠤᠬᠰᠤᠬᠰᠠᠨ᠎ᠤ ᠲᠠᠷᠠᠭ᠎ᠠ ᠠᠶᠠᠨᠳᠠᠭ᠋ᠠᠨ ᠬᠦᠴᠤᠨ ᠦᠬᠡᠢ ᠪᠤᠯᠤᠨ᠎ᠠ᠃ ᠲᠡᠷᠡᠴᠢᠯᠡᠨ ᠤᠯᠤᠰ ᠪᠠ ᠦᠪᠡᠷᠳᠡᠬᠡᠨ ᠵᠠᠰᠠᠬᠤ ᠤᠷᠤᠨ᠎ᠠᠴᠠ ᠨᠢᠬᠡᠨᠳᠡ ᠦᠬᠡᠷ᠎ᠡ ᠲᠦᠷᠢᠮ ᠲᠤᠬᠳᠠᠭ᠋ᠠᠯ ᠭᠠᠷᠤᠬᠰᠠᠨ᠎ᠢ᠎ᠨᠢ 《ᠬᠠᠮᠤᠭ᠎ᠤᠨ ᠲᠡᠬᠡᠷᠡᠬᠢ ᠲᠤᠬᠳᠠᠭ᠋ᠠᠯ᠎ᠢ ᠵᠢᠷᠤᠮᠯᠠᠬᠤ》 ᠵᠠᠷᠴᠢᠮ ᠵᠶ᠋ᠡᠷ ᠬᠡᠷᠡᠭᠵᠢᠬᠦᠯᠤᠨ᠎ᠡ ᠭᠡᠵᠤ ᠲᠤᠬᠳᠠᠵᠠᠢ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠣᠮᠣ ᠤᠯᠤᠰ᠎ᠤᠨ ᠪᠣᠭᠣᠮᠲᠠ ᠰᠢᠪᠲᠤᠯᠤᠯᠲᠠ 2020 ᠣᠨ᠎ᠤ ᠰᠢᠢ᠍ᠳᠪᠤᠷᠢᠲᠤ ᠢᠯᠠᠯᠲᠠ
ᠨᠠᠮᠠᠭ᠎ᠠ ᠨᠠᠰᠤᠲᠠᠨ᠎ᠤ ᠨᠠᠨᠳᠢᠨ ᠬᠢᠯᠪᠠᠭ᠎ᠠ — ᠨᠠᠮ ᠪᠠᠢ᠌ᠭᠤᠯᠤᠭᠳᠠᠭᠰᠠᠨ100 ᠵᠢᠯ᠎ᠤᠨ ᠤᠢ᠎ᠳᠤ ᠵᠤᠷᠢᠭᠤᠯᠤᠭᠰᠠᠨ ᠲᠤᠰᠬᠠᠢ ᠮᠡᠳᠡᠭᠡᠯᠡᠯ
ᠠᠷᠠᠳ᠎ᠤᠨ ᠶᠠᠪᠤᠳᠠᠯ᠎ᠤᠨ ᠶᠠᠮᠤᠨ 2022 ᠣᠨ᠎ᠤ ᠪᠡᠭᠡᠵᠢᠩ᠎ᠤᠨ ᠡᠪᠦᠯ᠎ᠤᠨ ᠤᠯᠢᠮᠫᠢᠺ᠎ᠤᠨ ᠴᠤᠭᠯᠠᠭ᠋ᠠᠨ᠂ ᠡᠪᠦᠯ᠎ᠤᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ ᠬᠣᠲᠠ ᠵᠢᠨ ᠬᠤᠭᠤᠴᠠᠭ᠋ᠠᠨ᠎ᠳᠤ᠎ᠬᠢ ᠲᠡᠨᠤᠬᠦᠴᠢᠯᠡᠨ ᠭᠤᠢ᠌ᠷᠠᠨᠴᠢᠯᠠᠬᠰᠠᠳ᠎ᠢ ᠲᠤᠰᠠᠯᠠᠬᠤ ᠬᠠᠮᠢᠶᠠᠷᠤᠯᠲᠠ ᠵᠢᠨ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠠᠷᠠᠳ᠎ᠤᠨ ᠶᠠᠪᠤᠳᠠᠯ᠎ᠤᠨ ᠶᠠᠮᠤᠨ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠬᠤᠩᠱ᠌ᠠᠨ ᠲᠣᠭᠣᠷᠢᠭ ᠵᠡᠷᠭᠡ ᠭᠠᠵᠠᠷ᠎ᠢ ᠪᠦᠬᠦ ᠤᠯᠤᠰ᠎ᠤᠨ ᠤᠷᠤᠭ᠎ᠤᠨ ᠵᠠᠡᠭᠰᠢᠯ᠎ᠤᠨ ᠦᠬᠡᠷᠡᠴᠢᠯᠡᠯᠳᠡ ᠵᠢᠨ ᠬᠤᠶᠠᠳᠠᠬᠢ ᠪᠦᠯᠦᠭ ᠲᠤᠷᠰᠢᠯᠳᠠ ᠵᠢᠨ ᠲᠤᠭᠤᠷᠢᠭ ᠵᠶ᠋ᠡᠷ ᠲᠤᠬᠳᠠᠭ᠋ᠠᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ 《ᠳᠤᠮᠳᠠᠳᠤ ᠵᠢᠨ ᠨᠢᠭᠦᠯᠡᠰᠦᠩᠭᠦᠶ ᠵᠢᠨ ᠱᠠᠩᠨᠠᠯ》᠎ᠢ ᠰᠢᠯᠭ᠋ᠠᠷᠠᠭᠤᠯᠤᠨ ᠬᠥᠬᠢᠭᠦᠯᠬᠦ ᠶᠡᠬᠡ ᠬᠤᠷᠠᠯ ᠪᠡᠭᠡᠵᠢᠩ᠎ᠳᠤ ᠬᠤᠷᠠᠯᠳᠤᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠸᠡᠭ ᠨᠢᠦ᠂ ᠢᠯᠢ 《ᠬᠠᠨᠳᠢᠪ ᠡᠷᠬᠦᠭᠰᠡᠨ ᠠᠵᠤ ᠠᠬᠤᠶ᠋ᠢᠯᠠᠯ᠎ᠤᠨ ᠱᠠᠩᠨᠠᠯ》᠎ᠢ ᠭᠥᠷᠳᠡᠪᠡ
 
            