ᠥᠪᠥᠷ ᠮᠣᠩᠭᠣᠯ᠎ᠤᠨ ᠯᠣᠣ ᠨᠢᠤ ᠨᠢᠭᠦᠯᠡᠰᠦᠩᠭᠦᠶ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠶᠠᠳᠠᠭᠤ ᠠᠴᠠ ᠠᠩᠬᠢᠵᠢᠷᠠᠭᠤᠯᠬᠤ ᠦᠢ᠍ᠯᠡᠳᠤᠯᠭᠡ ᠬᠢᠭᠡᠳ ᠦᠷᠭᠦᠯᠵᠢᠯᠡᠬᠦ ᠬᠥᠭᠵᠢᠯᠲᠡ ᠵᠢᠨ ᠲᠥᠰᠦᠯ᠎ᠢ ᠬᠣᠪᠢᠶᠠᠯᠴᠠᠨ ᠡᠳ᠋ᠯᠡᠬᠦᠢ
— ᠥᠪᠥᠷ ᠮᠣᠩᠭᠣᠯ᠎ᠤᠨ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠵᠢᠨ ᠨᠡᠶ᠋ᠢᠲᠡᠯᠢᠭ ᠲᠤᠷᠰᠢᠯᠭ᠎ᠠ ᠵᠢᠨ ᠳᠤᠰᠬᠠᠢ ᠰᠡᠳᠦᠪᠲᠦ ᠮᠡᠳᠡᠭᠡᠯᠡᠯ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ᠂ ᠢᠪᠡᠭᠡᠯ ᠬᠠᠶ᠋ᠢᠷ᠎ᠠ ᠲᠠᠢ ᠠᠵᠤ ᠠᠬᠤᠶ᠋ᠢᠯᠠᠯ ᠪᠣᠯᠤᠨ ᠢᠪᠡᠭᠡᠯ ᠬᠠᠶ᠋ᠢᠷᠠᠲᠠᠢ ᠬᠥᠮᠦᠰ ᠵᠶ᠋ᠠᠷ ᠲᠥᠯᠥᠭᠡᠯᠡᠭᠦᠯᠦᠭᠰᠡᠨ ᠨᠢᠭᠦᠯᠡᠰᠦᠩᠭᠦᠶ ᠵᠢᠨ ᠬᠦᠴᠦᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠡᠨᠡ ᠬᠦ᠌ ᠪᠠᠶ᠋ᠢᠯᠳᠤᠬᠤ ᠪᠣᠳᠣᠯᠭ᠎ᠠ ᠵᠢᠨ ᠶᠡᠬᠡ ᠲᠠᠯ᠎ᠠ᠎ᠳᠤ᠂ ᠶᠠᠳᠠᠭᠤ ᠬᠦᠴᠢᠷᠳᠡᠭᠰᠡᠳ᠎ᠢ ᠲᠤᠰᠠᠯᠠᠬᠤ᠂ ᠰᠤᠷᠭ᠋ᠠᠨ ᠬᠥᠮᠦᠵᠢᠯ᠂ ᠡᠮ ᠡᠮᠨᠡᠯᠭᠡ ᠂ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠪᠠ ᠣᠨᠳᠣᠤ ᠭᠠᠵᠠᠷ ᠨᠡᠭᠦᠯᠭᠡᠨ ᠶᠠᠳᠠᠭᠤ ᠵᠢ ᠲᠡᠳᠬᠦᠬᠦ ᠵᠡᠷᠭᠡ ᠬᠦᠷᠢᠶ᠎ᠡ ᠴᠠᠷᠠᠭ᠋ᠠᠨ᠎ᠳᠤ ᠶᠡᠬᠡ ᠬᠡᠮᠵᠢᠶᠡᠨ᠎ᠤ ᠨᠢᠭᠦᠯᠡᠰᠦᠩᠭᠦᠶ ᠵᠢᠨ ᠠᠵᠢᠯᠯᠠᠭ᠎ᠠ ᠥᠷᠨᠢᠭᠦᠯᠵᠤ᠂ ᠮᠠᠨ᠎ᠤ ᠤᠯᠤᠰ᠎ᠤᠨ ᠶᠠᠳᠠᠭᠤ ᠵᠢ ᠲᠡᠳᠬᠦᠬᠦ ᠪᠠᠢ᠌ᠷᠢᠯᠠᠯᠲᠠ ᠵᠢᠨ ᠴᠢᠬᠤᠯᠠ ᠪᠦᠷᠢᠯᠳᠦᠬᠦᠨ ᠬᠡᠰᠡᠭ ᠪᠣᠯᠪᠠ᠃ ᠡᠨᠡ ᠵᠢᠯ᠎ᠠᠴᠠ ᠨᠠᠭ᠋ᠠᠰᠢ ᠪᠥᠬᠥ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ ᠤ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠶ ᠳᠠᠶ᠋ᠢᠴᠢᠯᠠᠨ ᠵᠢᠯᠣᠭᠣᠳᠴᠤ ᠪᠠᠶ᠋ᠢᠭ᠋ᠠᠳ 《ᠨᠢᠭᠦᠯᠡᠰᠦᠩᠭᠦᠶ ᠵᠢᠨ ᠬᠠᠤᠯᠢ》 ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠣᠯᠠᠨ ᠵᠦᠢ᠍ᠯ᠎ᠤᠨ ᠬᠡᠯᠪᠡᠷᠢ ᠡᠯᠪᠡᠭ ᠪᠠᠶᠠᠯᠢᠭ ᠠᠭᠤᠯᠭ᠎ᠠ ᠪᠦᠬᠦᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ; ᠨᠡᠶ᠋ᠢᠭᠡᠮ ᠲᠣᠭᠣᠷᠢᠭ᠂ ᠬᠥᠳᠡᠭᠡ ᠲᠣᠰᠬᠣᠨ᠂ ᠦᠨᠳᠦᠰᠦᠨ ᠱᠠᠲᠤᠨ᠎ᠳᠤ ᠬᠦᠷᠴᠦ᠂ ᠢᠪᠡᠭᠡᠯ ᠬᠠᠶ᠋ᠢᠷ᠎ᠠ ᠬᠦᠷᠭᠡᠵᠦ᠂ ᠬᠤᠪᠢ ᠨᠡᠮᠡᠷᠢ ᠦᠵᠡᠭᠦᠯᠪᠡ; ᠪᠦᠬᠦ ᠠᠷᠠᠳ ᠵᠶ᠋ᠠᠷ ᠵᠶ᠋ᠠᠨ ᠨᠢᠭᠦᠯᠡᠰᠦᠩᠭᠦᠢ ᠵᠢᠨ ᠠᠵᠢᠯᠯᠠᠭ᠎ᠠ᠎ᠳᠤ ᠣᠷᠣᠯᠴᠠᠬᠤ ᠵᠢ ᠵᠣᠷᠢᠭᠵᠢᠭᠤᠯᠵᠤ᠂ ᠨᠢᠭᠦᠯᠡᠰᠤᠩᠭᠦᠢ ᠵᠢᠨ ᠭᠣᠣᠯ ᠴᠣᠭᠴᠠ ᠵᠢᠨ ᠣᠶ᠋ᠢᠯᠠᠭ᠋ᠠᠭᠳᠠᠬᠤᠨ᠎ᠢ᠎ᠨᠢ ᠢᠳᠡᠪᠬᠢᠵᠢᠭᠦᠯᠤᠨ ᠦᠢ᠍ᠯᠡᠳᠦᠯᠭᠡᠵᠢᠭᠦᠯᠵᠦ᠂ ᠨᠢᠭᠦᠯᠡᠰᠦᠩᠭᠦᠶ ᠵᠢᠨ ᠵᠣᠷᠢᠭ ᠰᠠᠨᠠᠭ᠎ᠠ ᠵᠢ ᠤᠯᠠᠮᠵᠢᠯᠠᠨ ᠳᠡᠯᠭᠡᠷᠡᠭᠦᠯᠬᠦ ᠵᠢᠨ ᠬᠠᠮᠲᠤᠳᠠ᠂ ᠡᠳ᠋ ᠪᠠᠶᠠᠯᠢᠭ ᠪᠠ ᠦᠢ᠍ᠯᠡᠴᠢᠯᠡᠭᠡ ᠵᠢᠨ ᠪᠤᠶᠠᠨ᠎ᠤ ᠬᠦᠴᠦᠨ᠎ᠢ ᠲᠤᠶ᠋ᠢᠯ᠎ᠤᠨ ᠶᠡᠬᠡ᠎ᠪᠠᠷ ᠪᠠᠳᠠᠷᠠᠭᠤᠯᠪᠠ; ᠢᠯᠠᠩᠭᠤᠶ᠎ᠠ ᠭᠡᠨᠡᠳᠲᠡ ᠡᠭᠦᠰᠦᠭᠰᠡᠨ ᠰᠢᠨ᠎ᠡ ᠳᠢᠳᠡᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠰᠦᠷ ᠳᠠᠯᠠᠢ᠌ᠴᠠᠲᠠᠢ ᠲᠡᠮᠡᠴᠡᠯ ᠳᠤ ᠥᠷᠭᠡᠨ ᠣᠯᠠᠨ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ᠂ ᠢᠪᠡᠭᠡᠯ ᠬᠠᠢ᠌ᠷᠠᠲᠠᠢ ᠠᠵᠤ ᠠᠬᠤᠶ᠋ᠢᠯᠠᠯ᠂ ᠢᠪᠡᠭᠡᠯ ᠬᠠᠶ᠋ᠢᠷᠠᠲᠠᠢ ᠬᠥᠮᠦᠰ ᠰᠢᠭᠤᠷᠬᠠᠢ᠌ᠯᠠᠨ ᠣᠷᠣᠯᠴᠠᠵᠤ᠂ ᠢᠳᠡᠪᠬᠢ ᠦᠢ᠍ᠯᠡᠳᠤᠯ ᠵᠶ᠋ᠠᠨ ᠪᠠᠳᠠᠷᠠᠭᠤᠯᠤᠨ᠂ ᠨᠢᠭᠦᠯᠡᠰᠦᠩᠭᠦᠶ ᠵᠢᠨ ᠰᠣᠶᠣᠯ ᠵᠶ᠋ᠠᠨ ᠤᠯᠠᠮ ᠰᠠᠢ᠌ᠨ ᠮᠠᠨᠳᠤᠭᠤᠯᠵᠤ᠂ ᠨᠡᠶ᠋ᠢᠭᠡᠮ᠎ᠤᠨ ᠵᠠᠰᠠᠯᠲᠠ ᠰᠢᠨᠡᠴᠢᠯᠡᠯᠲᠡ ᠵᠢᠴᠢ ᠨᠡᠶ᠋ᠢᠭᠡᠮ᠎ᠤᠨ ᠪᠣᠯᠪᠠᠰᠤᠨ᠎ᠤ ᠳᠠᠪᠰᠢᠯᠲᠠ ᠵᠢ ᠬᠦᠴᠦᠲᠡᠶ ᠠᠬᠢᠭᠤᠯᠤᠭᠰᠠᠨ ᠪᠠᠢ᠌ᠨ᠎ᠠ᠃
ᠮᠠᠲ᠋ᠧᠷᠢᠶᠠᠯ᠎ᠤᠨ ᠢᠷᠡᠯᠲᠡ᠄ ᠨᠠᠢ᠍ᠮᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠤᠩᠭᠦᠢ ᠵᠢᠨ ᠲᠥᠷᠥᠯ ᠵᠦᠢ᠍ᠯ᠎ᠤᠨ ᠰᠣᠯᠢᠯᠴᠠᠭ᠋ᠠᠨ᠎ᠤ ᠦᠵᠡᠭᠦᠯᠭᠡ ᠵᠢᠨ ᠬᠤᠷᠠᠯ
ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠣᠨᠣᠴᠠᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠦᠷᠢᠲᠦ ᠢᠯᠠᠯᠲᠠ ᠤᠯᠬᠤ ᠵᠢᠨ ᠡᠷᠬᠡᠪᠰᠢ ᠰᠠᠶ᠋ᠢᠲᠤᠷ ᠬᠢᠬᠦ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠨᠢᠭᠡ ᠪᠣᠯᠭ᠋ᠠᠨ᠎ᠠ ᠭᠡᠵᠦ ᠲᠣᠳᠣᠷᠬᠠᠶ᠋ᠢᠯᠠᠪᠠ᠃ ᠪᠦᠬᠦ ᠨᠡᠶ᠋ᠢᠭᠡᠮ᠎ᠤᠨ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠤᠨ ᠶᠠᠳᠠᠭᠤ ᠵᠢ ᠲᠡᠳᠬᠦᠬᠦ ᠬᠠᠮᠵᠢᠯᠴᠠᠭ᠋ᠠᠨᠢ ᠭᠦᠨᠵᠡᠭᠡᠢ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠰᠢᠢ᠍ᠳᠪᠦᠷᠢᠲᠦ ᠴᠢᠨᠠᠷᠲᠠᠢ ᠪᠠᠶ᠋ᠢᠯᠳᠤᠬᠤ ᠪᠤᠳᠤᠯᠭ᠎ᠠ ᠵᠢᠨ ᠠᠮᠵᠢᠯᠲᠠ ᠣᠯᠵᠠᠢ᠃ ᠮᠠᠨ᠎ᠤ ᠤᠯᠤᠰ᠎ᠤᠨ ᠣᠳᠣ ᠵᠢᠨ ᠬᠡᠷᠡᠭᠵᠢᠭᠦᠯᠵᠦ ᠪᠠᠢ᠌ᠭ᠎ᠠ ᠪᠠᠷᠢᠮᠵᠢᠶᠠᠨ᠎ᠳᠤ᠎ᠬᠢ ᠬᠥᠳᠡᠭᠡ ᠲᠣᠰᠬᠣᠨ᠎ᠤ ᠶᠠᠳᠠᠭᠤ ᠬᠦᠴᠢᠷᠳᠡᠯ᠎ᠲᠠᠢ ᠬᠥᠮᠦᠨ ᠠᠮᠠ 2012 ᠣᠨ᠎ᠤ ᠰᠡᠭᠦᠯᠴᠢ ᠵᠢᠨ 9899 ᠲᠦᠮᠡᠨ ᠬᠥᠮᠦᠨ ᠪᠠᠶ᠋ᠢᠭᠰᠠᠨ᠎ᠠᠴᠠ᠎ᠪᠠᠨ ᠪᠠᠭ᠋ᠠᠰᠤᠭ᠋ᠠᠳ 2019 ᠣᠨ᠎ᠤ ᠰᠡᠭᠦᠯᠴᠢ ᠪᠣᠯᠬᠤ᠎ᠳᠤ 551 ᠲᠦᠮᠡᠨ ᠬᠥᠮᠦᠨ ᠪᠣᠯᠵᠤ᠂ ᠶᠠᠳᠠᠭᠤᠷᠠᠬᠤ ᠨᠤᠷᠮ᠎ᠠ᠎ᠨᠢ 10.2%᠎ᠠᠴᠠ᠎ᠪᠠᠨ 0.6% ᠪᠣᠯᠤᠨ ᠪᠠᠭᠤᠷᠠᠪᠠ᠃ ᠣᠳᠣᠬᠠᠨ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠨᠢᠭᠡᠨᠲᠡ ᠲᠤᠡᠭᠭᠤᠷᠠᠭᠤ ᠲᠣᠭ᠋ᠠᠯᠠᠬᠤ ᠰᠢᠪᠲᠤᠯᠤᠯᠲᠠ ᠵᠢᠨ ᠱᠠᠲᠤᠨ᠎ᠳᠤ ᠣᠷᠣᠵᠤ᠂ ᠪᠦᠬᠦ ᠨᠡᠶ᠋ᠢᠭᠡᠮ ᠵᠶ᠋ᠠᠷ ᠵᠶ᠋ᠠᠨ ᠬᠢᠵᠢᠭ᠂ ᠭᠠᠮᠰᠢᠭ᠎ᠤᠨ ᠨᠥᠯᠥᠭᠡ ᠵᠢ ᠴᠢᠷᠮᠠᠶ᠋ᠢᠨ ᠢᠯᠠᠨ ᠳᠠᠪᠠᠵᠤ᠂ ᠳᠣᠪᠣᠢ᠌ᠮ᠎ᠠ ᠠᠰᠠᠭᠤᠳᠠᠯ ᠪᠣᠯᠤᠨ ᠪᠠᠭᠤᠷᠠᠶ ᠲᠠᠯ᠎ᠠ᠎ᠪᠠᠨ ᠴᠢᠩᠭ᠎ᠠ ᠠᠵᠢᠭᠯᠠᠨ᠂ ᠨᠢᠭᠡ ᠯᠡ ᠠᠮᠢᠰᠬᠤᠭ᠎ᠠ᠎ᠪᠠᠷ ᠡᠷᠡᠮᠡᠬᠡᠶ᠋ᠢᠯᠡᠨ ᠲᠡᠮᠡᠴᠡᠵᠤ ᠪᠠᠢ᠌ᠬᠤ ᠪᠦᠭᠡᠳ ᠥᠷᠭᠡᠨ ᠤᠯᠠᠨ ᠨᠡᠶ᠋ᠢᠭᠡᠮ᠎ᠤᠨ ᠬᠦᠴᠦᠨ ᠴᠤ᠌ ᠦᠷᠭᠦᠯᠵᠢᠯᠡᠨ ᠣᠷᠣᠯᠴᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠨ᠂ ᠬᠦᠭᠵᠢᠨ ᠮᠠᠨᠳᠤᠬᠤ ᠵᠢ ᠬᠠᠮᠲᠤ᠎ᠪᠠᠷ ᠰᠦᠪᠡᠭᠴᠢᠯᠡᠵᠤ ᠪᠣᠢ᠃
9 ᠳ᠋ᠤᠭᠡᠷ ᠰᠠᠷ᠎ᠠ ᠵᠢᠨ 18᠎ᠤ ᠡᠳᠦᠷ᠎ᠠᠴᠠ 9 ᠳ᠋ᠤᠭᠡᠷ ᠰᠠᠷ᠎ᠠ ᠵᠢᠨ 20᠎ᠤ ᠡᠳᠦᠷ ᠪᠣᠯᠲᠠᠯ᠎ᠠ ᠠᠷᠠᠳ᠎ᠤᠨ ᠶᠠᠪᠤᠳᠠᠯ᠎ᠤᠨ ᠶᠠᠮᠤᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠠᠳᠠᠭᠤ ᠵᠢ ᠲᠡᠳᠬᠦᠬᠦ ᠠᠯᠪᠠᠨ ᠭᠡᠷ᠂ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠣᠯᠪᠣᠭ᠎ᠠ᠂ ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠶᠡᠷᠦᠩᠬᠡᠶ ᠡᠪᠯᠡᠯ᠂ ᠭᠤᠸᠠᠩᠳᠦ᠋ᠩ ᠮᠤᠵᠢ ᠵᠢᠨ ᠵᠠᠰᠠᠭ᠎ᠤᠨ ᠣᠷᠳᠣᠨ᠂ ᠱᠧᠨᠵᠧᠨ ᠬᠣᠲᠠ ᠵᠢᠨ ᠵᠠᠰᠠᠭ᠎ᠤᠨ ᠣᠷᠳᠣᠨ᠂ ᠳᠤᠮᠳᠠᠳᠤ ᠤᠯᠤᠰ᠎ᠤᠨ ᠨᠢᠭᠦᠯᠡᠰᠦᠩᠭᠦᠶ ᠵᠢᠨ ᠦᠢ᠍ᠯᠡᠰ᠎ᠤᠨ ᠬᠣᠯᠪᠣᠭ᠋ᠠᠲᠤ ᠬᠤᠷᠠᠯ᠎ᠤᠨ ᠬᠠᠮᠳᠤ᠎ᠪᠠᠷ ᠡᠷᠬᠢᠯᠡᠭᠰᠡᠨ ᠨᠠᠢ᠍ᠮᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠲᠥᠷᠥᠯ ᠵᠦᠢ᠍ᠯ᠎ᠤᠨ ᠰᠣᠯᠢᠯᠴᠠᠭ᠋ᠠᠨ᠎ᠤ ᠦᠵᠡᠭᠦᠯᠭᠡ ᠵᠢᠨ ᠬᠤᠷᠠᠯ ᠱᠧᠨᠵᠧᠨ᠎ᠤ ᠬᠤᠷᠠᠯ᠎ᠤᠨ ᠲᠥᠪ᠎ᠲᠤ ᠶᠠᠪᠤᠭᠳᠠᠵᠠᠢ᠃ ᠠᠷᠠᠳ᠎ᠤᠨ ᠶᠠᠪᠤᠳᠠᠯ᠎ᠤᠨ ᠶᠠᠮᠤᠨ᠎ᠤ ᠰᠠᠶ᠋ᠢᠳ ᠯᠢ ᠵᠢᠢ ᠾᠧᠩ 《ᠲᠤᠮᠤ ᠤᠯᠤᠰ᠎ᠤᠨ ᠪᠣᠭᠣᠮᠲᠠ ᠰᠢᠪᠲᠤᠯᠤᠯᠲᠠ 2020 ᠣᠨ᠎ᠤ ᠰᠢᠢ᠍ᠳᠪᠦᠷᠢᠲᠦ ᠢᠯᠠᠯᠲᠠ》 ᠭᠡᠬᠦ ᠤᠯᠠᠨ ᠤᠯᠤᠰ᠎ᠤᠨ ᠨᠡᠶ᠋ᠢᠲᠡ ᠵᠢᠨ ᠠᠰᠠᠷᠠᠮᠵᠢ ᠵᠢᠨ ᠭᠣᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ (ᠭᠣᠣᠯ ᠶᠠᠷᠢᠶᠠᠨ᠎ᠤ ᠲᠠᠪᠴᠠᠩ)᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠡᠢ᠃
ᠠᠷᠠᠳ᠎ᠤᠨ ᠶᠠᠪᠤᠳᠠᠯ᠎ᠤᠨ ᠶᠠᠮᠤᠨ᠎ᠤ ᠰᠠᠶ᠋ᠢᠳ ᠯᠢ ᠵᠢᠢ ᠾᠧᠩ ᠪᠠᠶᠠᠷ᠎ᠤᠨ ᠦᠭᠡ ᠬᠡᠯᠡᠪᠡ
ᠡᠯ᠎ᠡ ᠡᠲᠡᠭᠡᠳ᠎ᠤᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠨᠢᠭᠡᠳᠦᠭᠡᠷ ᠹᠷᠣᠨᠲ᠎ᠤᠨ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠬᠤ ᠠᠵᠢᠯ᠎ᠤᠨ ᠰᠢᠨᠡᠴᠢᠯᠡᠯᠲᠡ ᠵᠢᠨ ᠦᠢ᠍ᠯᠡᠳᠤᠯᠭᠡᠵᠢᠭᠦᠯᠤᠭ᠌ᠴᠢᠳ 《ᠶᠠᠳᠠᠭᠤ ᠵᠢ ᠪᠠᠭ᠋ᠠᠰᠬᠠᠨ ᠶᠠᠳᠠᠭᠤ᠎ᠠᠴᠠ ᠠᠩᠭᠢᠵᠢᠷᠠᠭᠤᠯᠬᠤ ᠳᠤᠮᠳᠠᠳᠤ ᠤᠯᠤᠰ᠎ᠤᠨ ᠬᠡᠪ ᠵᠠᠭᠪᠤᠷ》᠂ 《ᠶᠠᠳᠠᠭᠤ ᠵᠢ ᠪᠠᠭ᠋ᠠᠰᠬᠠᠨ ᠶᠠᠳᠠᠭᠤ᠎ᠠᠴᠠ ᠠᠩᠭᠢᠵᠢᠷᠠᠭᠤᠯᠬᠤ ᠪᠠ ᠦᠷᠭᠦᠯᠵᠢᠯᠡᠨ ᠬᠥᠭᠵᠢᠭᠦᠯᠬᠦ》᠂ 《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠵᠡᠷᠭᠡ ᠭᠤᠷᠪᠠᠨ ᠶᠡᠬᠡ ᠭᠣᠤᠯ ᠰᠡᠳᠦᠪ᠎ᠤᠨ ᠲᠣᠭᠣᠷᠢᠨ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠶᠠᠨ᠎ᠳᠤ ᠠᠭᠤᠯᠤᠭᠳᠠᠵᠤ ᠪᠠᠢ᠌ᠭ᠎ᠠ ᠰᠢᠨᠡᠴᠢᠯᠡᠯᠲᠡ ᠵᠢᠨ ᠣᠨᠣᠯ᠎ᠢ ᠬᠠᠮᠲᠤ᠎ᠪᠠᠷ ᠶᠠᠷᠢᠯᠴᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠨᠡᠶ᠋ᠢᠲᠡᠯᠢᠭ ᠲᠣᠭᠲᠠᠴᠠ ᠵᠢ ᠲᠠᠶ᠋ᠢᠯᠵᠤ᠂ ᠶᠠᠳᠠᠭᠤ ᠵᠢ ᠪᠠᠭ᠋ᠠᠰᠬᠠᠨ ᠶᠠᠳᠠᠭᠤ᠎ᠠᠴᠠ ᠠᠩᠭᠢᠵᠢᠷᠠᠭᠤᠯᠬᠤ ᠳᠤᠮᠳᠠᠳᠤ ᠤᠯᠤᠰ᠎ᠤᠨ ᠲᠤᠷᠰᠢᠯᠭ᠎ᠠ᠂ ᠳᠤᠮᠳᠠᠳᠤ ᠤᠯᠤᠰ᠎ᠤᠨ ᠲᠥᠰᠦᠯ᠂ ᠳᠤᠮᠳᠠᠳᠤ ᠤᠯᠤᠰ᠎ᠤᠨ ᠤᠶᠤᠨ ᠤᠬᠠᠭ᠋ᠠᠨ᠎ᠢ ᠰᠤᠳᠤᠯᠤᠨ ᠶᠠᠷᠢᠯᠴᠠᠪᠠ᠃
ᠥᠪᠥᠷ ᠮᠣᠩᠭᠣᠯ᠎ᠤᠨ ᠯᠣᠤ ᠨᠢᠤ ᠨᠢᠭᠦᠯᠡᠰᠦᠩᠭᠦᠶ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ (ᠳᠥᠭᠥᠮᠴᠢᠯᠡᠭᠡᠳ 《ᠯᠣᠤ ᠨᠢᠤ ᠰᠠᠭᠤᠷᠢ ᠮᠥᠩᠭᠥᠨ᠎ᠤ ᠨᠡᠶ᠋ᠢᠭᠡᠮᠯᠢᠭ》)᠎ᠤᠨ ᠨᠠᠷᠢᠨ ᠪᠢᠴᠢᠭ᠎ᠤᠨ ᠳᠠᠷᠤᠭ᠎ᠠ ᠠᠨ ᠶᠠ ᠴᠢᠶᠠᠩ ᠪᠣᠯᠤᠨ ᠲᠧᠩ ᠰᠢᠶᠦ᠋ᠨ ᠨᠡᠶ᠋ᠢᠲᠡ ᠵᠢᠨ ᠠᠰᠠᠷᠠᠮᠵᠢ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠭᠦᠢ᠍ᠴᠡᠳᠬᠡᠭᠴᠢ ᠨᠠᠷᠢᠨ ᠪᠢᠴᠢᠭ᠎ᠤᠨ ᠳᠠᠷᠤᠭ᠎ᠠ ᠳ᠋ᠧᠦ ᠷᠦᠢ ᠭᠠᠩ᠂ ᠳᠤᠮᠳᠠᠳᠤ ᠤᠯᠤᠰ᠎ᠤᠨ ᠴᠢᠯᠠᠭᠤᠨ ᠲᠣᠰᠣ ᠪᠠᠶ᠋ᠢᠭ᠋ᠠᠯᠢ ᠵᠢᠨ ᠰᠢᠲᠠᠮᠠᠬᠠᠶ ᠬᠡᠶ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠠᠯᠪᠠᠨ ᠬᠡᠷ᠎ᠤᠨ ᠣᠯᠠᠨ ᠨᠡᠶ᠋ᠢᠲᠡ ᠵᠢᠨ ᠬᠠᠷᠢᠴᠠᠭ᠋ᠠᠨ᠎ᠤ ᠭᠠᠵᠠᠷ᠎ᠤᠨ ᠳᠡᠳ᠋ ᠳᠠᠷᠤᠭ᠎ᠠ ᠯᠢᠦ ᠹᠠᠩ ᠢ᠂ ᠴᠢᠩᠬᠤᠸᠠ ᠶᠡᠬᠡ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠰᠠᠭᠤᠷᠢ ᠮᠦᠩᠭᠦᠨ ᠤ ᠨᠡᠶ᠋ᠢᠭᠡᠮᠯᠢᠭ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ ᠰᠦᠨ ᠳ᠋ᠡ ᠫᠸᠩ᠂ ᠠᠢ ᠳ᠋ᠧ ᠰᠠᠭᠤᠷᠢ ᠮᠥᠩᠭᠥᠨ᠎ᠤ ᠨᠡᠢ᠌ᠬᠡᠮᠯᠢᠭ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ ᠾᠧ ᠸᠸᠨ ᠵᠡᠷᠭᠡ ᠬᠠᠮᠲᠤ᠎ᠪᠠᠷ 《ᠶᠠᠳᠠᠭᠤ ᠵᠢ ᠪᠠᠭ᠋ᠠᠰᠬᠠᠨ ᠶᠠᠳᠠᠭᠤ᠎ᠠᠴᠠ ᠠᠩᠭᠢᠵᠢᠷᠠᠭᠤᠯᠬᠤ ᠪᠠ ᠦᠷᠭᠦᠯᠵᠢᠯᠡᠨ ᠬᠥᠭᠵᠢᠭᠦᠯᠬᠦ》 ᠭᠣᠤᠯ ᠰᠡᠳᠦᠪᠲᠦ ᠳᠤᠭᠤᠶ ᠰᠢᠷᠡᠭᠡᠨ᠎ᠤ ᠶᠠᠷᠢᠯᠴᠠᠭ᠎ᠠ᠎ᠳᠤ ᠣᠷᠣᠯᠴᠠᠵᠤ᠂ ᠴᠢᠩᠬᠤᠸᠠ ᠶᠡᠬᠡ ᠰᠤᠷᠭ᠋ᠠᠭᠤᠯᠢ ᠵᠢᠨ ᠤᠯᠠᠨ ᠨᠡᠶ᠋ᠢᠲᠡ ᠵᠢᠨ ᠬᠠᠮᠢᠶᠠᠷᠤᠯᠲᠠ ᠵᠢᠨ ᠳᠡᠭᠡᠳᠦ ᠰᠤᠷᠭ᠋ᠠᠭᠤᠯᠢ ᠵᠢᠨ ᠫᠷᠤᠹᠸᠰᠰᠤᠷ ᠂ ᠳᠡᠳ᠋ ᠵᠠᠬᠢᠷᠤᠯ ᠳ᠋ᠧᠩ ᠭᠦᠸᠧ ᠱᠧᠩ ᠶᠠᠷᠢᠯᠴᠠᠭ᠎ᠠ ᠵᠢ ᠡᠷᠬᠢᠯᠡᠭᠰᠡᠨ ᠪᠠᠢ᠌ᠨ᠎ᠠ᠃
ᠯᠣᠣ ᠨᠢᠤ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠠᠨ ᠶᠠ ᠴᠢᠶᠠᠩ ᠬᠤᠪᠢᠶᠠᠯᠴᠠᠨ ᠡᠳ᠋ᠯᠡᠭᠦᠢᠳᠤ ᠪᠠᠨ᠄
《ᠶᠠᠳᠠᠭᠤ ᠵᠢ ᠲᠡᠳᠬᠦᠬᠦ ᠠᠵᠢᠯ ᠪᠣᠯ ᠨᠢᠭᠡᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠃ ᠣᠷᠣᠯᠴᠠᠬᠤ ᠪᠡᠶᠡᠴᠢ ᠴᠣᠭᠴᠠ᠎ᠠᠴᠠ ᠠᠪᠴᠤ ᠬᠡᠯᠡᠪᠡᠯ᠂ ᠵᠠᠰᠠᠭ᠎ᠤᠨ ᠣᠷᠳᠣᠨ᠂ ᠠᠵᠤ ᠠᠬᠤᠶ᠋ᠢᠯᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠠᠰᠢᠭ ᠬᠦᠷᠲᠡᠭᠴᠢ᠂ ᠣᠯᠠᠨ ᠨᠡᠶ᠋ᠢᠲᠡ᠂ ᠵᠠᠭᠤᠴᠢᠯᠠᠭᠤᠷ ᠵᠡᠷᠭᠡ ᠡᠯ᠎ᠡ ᠲᠠᠯ᠎ᠠ ᠵᠢᠨ ᠬᠦᠴᠤᠨ ᠴᠦᠮ ᠣᠷᠣᠯᠴᠠᠬᠤ ᠴᠢᠬᠤᠯᠠᠲᠠᠶ; ᠬᠠᠮᠵᠢᠯᠴᠠᠬᠤ ᠡᠯᠧᠮᠧᠨ᠋ᠲ᠎ᠠᠴᠠ ᠠᠪᠴᠤ ᠬᠡᠯᠡᠪᠡᠯ᠂ ᠪᠠᠰᠠ ᠲᠦᠷᠦ ᠵᠢᠨ ᠪᠤᠳᠤᠯᠭ᠎ᠠ᠂ ᠠᠵᠤ ᠠᠬᠤᠶ᠂ ᠲᠧᠭᠨᠢᠭ ᠮᠡᠷᠭᠡᠵᠢᠯ᠂ ᠣᠷᠴᠢᠨ ᠠᠬᠤᠶ ᠵᠡᠷᠭᠡ ᠴᠦᠮ ᠬᠠᠮᠵᠢᠯᠴᠠᠪᠡᠯ ᠰᠠᠶᠢ ᠦᠷᠬᠦᠯᠵᠢᠯᠡᠨ ᠬᠦᠭᠵᠢᠬᠦ ᠵᠢ ᠪᠡᠶᠡᠯᠡᠭᠦᠯᠵᠦ ᠴᠢᠳᠠᠨ᠎ᠠ᠂ ᠡᠭᠦᠨ᠎ᠳᠤ 《ᠬᠠᠮᠲᠤᠷᠠᠬᠤ ᠪᠠ ᠬᠠᠮᠵᠢᠯᠴᠠᠬᠤ》 ᠪᠣᠯ ᠵᠠᠩᠭᠢᠯᠠᠭ᠎ᠠ ᠮᠥᠨ᠃ ᠯᠣᠤ ᠨᠢᠤ ᠰᠠᠭᠤᠷᠢ ᠮᠥᠩᠭᠥᠨ᠎ᠤ ᠨᠡᠶ᠋ᠢᠭᠡᠮᠯᠢᠭ 2004 ᠣᠨ᠎ᠳᠤ ᠪᠠᠶ᠋ᠢᠭᠤᠯᠤᠭᠳᠠᠭᠰᠠᠨ᠎ᠠᠴᠠ ᠨᠠᠭ᠋ᠠᠰᠢ ᠶᠠᠳᠠᠭᠤ ᠵᠢ ᠳᠡᠳᠬᠦᠵᠤ ᠭᠠᠮᠰᠢᠭ᠎ᠠᠴᠠ ᠠᠪᠤᠷᠠᠬᠤ ᠬᠦᠷᠢᠶ᠎ᠡ ᠴᠠᠷᠠᠭ᠋ᠠᠨ᠎ᠳᠤ᠂ ᠬᠠᠮᠤᠭ ᠠᠩᠬᠠᠨ᠎ᠳᠤ᠎ᠪᠠᠨ 《ᠳᠠᠭ᠋ᠠᠵᠤ ᠬᠢᠬᠦ᠂ ᠳᠠᠭᠤᠷᠢᠶᠠᠵᠤ ᠬᠢᠬᠦ》᠎ᠠᠴᠠ 《ᠬᠠᠮᠵᠢᠯᠴᠠᠨ ᠬᠢᠬᠦ᠂ ᠰᠢᠰᠲ᠋ᠧᠮ᠎ᠲᠠᠢ ᠬᠢᠬᠦ》 ᠪᠠ ᠬᠠᠮᠤᠭ ᠠᠩᠬᠠᠨ᠎ᠳᠤ᠎ᠪᠠᠨ 《ᠨᠢᠭᠡ ᠴᠠᠭ ᠨᠢᠭᠡ ᠶᠠᠪᠤᠳᠠᠯ〉〉᠎ᠤᠨ ᠭᠠᠮᠰᠢᠭ᠎ᠠᠴᠠ ᠠᠪᠤᠷᠠᠬᠤ ᠬᠠᠪᠰᠤᠷᠤᠨ ᠲᠡᠳᠬᠦᠬᠦ ᠲᠥᠷᠥᠯ ᠵᠦᠢ᠍ᠯ᠎ᠢ ᠯᠠ ᠠᠩᠬᠠᠷᠳᠠᠭ ᠪᠠᠢ᠌ᠭᠰᠠᠨ᠎ᠠᠴᠠ᠎ᠪᠠᠨ 《ᠣᠯᠠᠨ ᠲᠠᠯ᠎ᠠ᠎ᠠᠴᠠ ᠦᠷᠭᠦᠯᠵᠢᠯᠡᠨ ᠬᠥᠭᠵᠢᠭᠦᠯᠬᠦ》 ᠠᠵᠢᠯ᠎ᠤᠨ ᠦᠢ᠍ᠯᠡᠳᠦᠯᠭᠡ ᠵᠢ ᠬᠠᠶ᠋ᠢᠨ ᠰᠦᠪᠡᠭᠴᠢᠯᠡᠵᠤ ᠪᠣᠳᠣᠯᠬᠢᠯᠠᠬᠤ ᠬᠦᠷᠲᠡᠯ᠎ᠡ ᠢᠳᠡᠭ ᠢᠳᠡᠭ ᠵᠶ᠋ᠠᠷ 《ᠶᠠᠳᠠᠭᠤ ᠵᠢ ᠭᠦᠨᠵᠡᠭᠡᠶ ᠲᠡᠳᠬᠦᠬᠦ》 ᠵᠠᠭᠪᠤᠷ᠎ᠢ ᠡᠳᠤᠢ ᠲᠡᠳᠤᠢ ᠬᠤᠷᠠᠮᠳᠤᠭᠤᠯᠤᠭᠰᠠᠨ ᠪᠠᠢ᠌ᠨ᠎ᠠ᠃
ᠲᠡᠭᠦᠨ᠎ᠤ ᠭᠣᠣᠯ᠎ᠨᠢ ᠬᠣᠶᠠᠷ ᠲᠠᠯ᠎ᠠ᠎ᠳᠤ ᠲᠦᠪᠯᠡᠷᠡᠵᠤ ᠪᠣᠢ᠄ ᠨᠢᠭᠡ᠎ᠨᠢ ᠳᠣᠲᠣᠭ᠋ᠠᠳᠤ᠂ ᠬᠦᠮᠤᠨ ᠤ ᠲᠤᠰ ᠪᠡᠶ᠎ᠡ ᠵᠢᠨ ᠡᠯᠧᠮᠧᠨ᠋ᠲ᠃ ᠲᠤᠬᠠᠶ᠋ᠢᠯᠠᠪᠠᠯ ᠪᠡᠶ᠎ᠡ ᠵᠡᠮᠳᠡᠭ᠂ ᠮᠡᠷᠭᠡᠵᠢᠯ ᠴᠢᠳᠠᠪᠤᠷᠢ ᠳᠤᠲᠠᠮᠠᠭ ᠵᠡᠷᠭᠡ ᠳᠣᠲᠣᠭ᠋ᠠᠳᠤ ᠬᠦᠴᠦᠨ ᠵᠦᠢ᠍ᠯ ᠳᠤ ᠴᠢᠭᠯᠡᠭᠦᠯᠤᠨ ᠪᠦᠲᠦᠮᠵᠢᠲᠡᠶ ᠲᠤᠰᠠᠯᠠᠬᠤ᠂ ᠠᠯᠬᠤᠮ ᠠᠯᠬᠤᠮ ᠵᠶ᠋ᠠᠷ ᠰᠠᠶ᠋ᠢᠵᠢᠷᠠᠭᠤᠯᠵᠤ ᠳᠡᠶ᠋ᠢᠯᠬᠦ ᠶᠠᠳᠠᠭᠤ ᠬᠦᠴᠢᠷᠳᠡᠯ᠎ᠲᠠᠢ ᠬᠥᠮᠦᠰ; ᠬᠣᠶᠠᠷ᠎ᠲᠤ ᠭᠠᠳᠠᠭ᠋ᠠᠳᠤ᠂ ᠣᠷᠴᠢᠨ ᠲᠣᠭᠣᠷᠢᠨ᠎ᠤ ᠡᠯᠧᠮᠧᠨ᠋ᠲ᠂ ᠳᠠᠷᠤᠶ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠭᠠᠳᠠᠭ᠋ᠠᠳᠤ ᠣᠷᠴᠢᠨ ᠲᠣᠭᠣᠷᠢᠨ᠎ᠢ ᠰᠠᠶ᠋ᠢᠵᠢᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠰ᠎ᠢ ᠬᠠᠪᠰᠤᠷᠤᠨ ᠲᠡᠳᠬᠦᠵᠦ ᠣᠷᠴᠢᠨ ᠲᠣᠭᠣᠷᠢᠨ᠎ᠤ ᠬᠢᠵᠠᠭ᠋ᠠᠷᠯᠠᠯ᠎ᠢ ᠠᠯᠬᠤᠮ ᠠᠯᠬᠤᠮ ᠵᠶ᠋ᠠᠷ ᠢᠯᠠᠨ ᠳᠠᠪᠠᠵᠤ᠂ ᠥᠪᠡᠷ᠎ᠢ᠎ᠪᠠᠨ ᠬᠦᠭᠵᠢᠭᠦᠯᠬᠦ ᠪᠣᠯᠤᠨ᠎ᠠ᠃
ᠳᠤᠷᠰᠢᠯᠭ᠎ᠠ᠎ᠨᠢ ᠭᠡᠪᠡᠯ᠂ 〈〈ᠲᠤᠰᠬᠠᠶ ᠮᠡᠷᠭᠡᠵᠢᠯ᠎ᠤᠨ ᠬᠥᠮᠦᠨ ᠲᠤᠰᠬᠠᠶ ᠮᠡᠷᠭᠡᠵᠢᠯ ᠵᠶ᠋ᠠᠨ ᠬᠢᠬᠦ》 ᠵᠢᠨ ᠵᠠᠷᠴᠢᠮ᠎ᠨᠢ ᠲᠥᠷᠥᠯ ᠵᠦᠢ᠍ᠯ (ᠵᠢᠷᠤᠵᠤ ᠲᠥᠯᠥᠪᠯᠡᠬᠦ᠂ ᠬᠡᠷᠡᠭᠵᠢᠭᠦᠯᠬᠦ᠂ ᠬᠢᠨᠠᠨ ᠡᠵᠡᠮᠳᠡᠬᠦ᠂ ᠵᠢᠱ᠌ᠢᠨ ᠦᠨᠡᠯᠡᠬᠦ ᠵᠡᠷᠭᠡ ᠪᠦᠬᠦ ᠦᠶᠡᠯᠡᠯ᠎ᠤᠨ ᠬᠤᠭᠤᠴᠠᠭ᠎ᠠ)᠎ᠳᠤ ᠲᠤᠤᠱᠯᠠᠭᠤᠯᠬᠤ᠎ᠳᠤ ᠣᠷᠣᠰᠢᠨ᠎ᠠ᠃ ᠡᠭᠦᠨ᠎ᠠᠴᠠ ᠭᠠᠳᠠᠨ᠎ᠠ᠂ ᠨᠡᠢ᠍ᠢ᠍ᠲᠡ ᠵᠢᠨ ᠥᠮᠴᠢᠯᠡᠯ᠎ᠤᠨ ᠪᠤᠰᠤ ᠤᠭᠰᠠᠭ᠎ᠠ ᠲᠦᠷᠣᠯ᠎ᠤᠨ ᠰᠠᠭᠤᠷᠢ ᠮᠥᠩᠭᠥᠨ᠎ᠤ ᠨᠡᠶ᠋ᠢᠭᠡᠮᠯᠢᠭ ᠪᠣᠯᠤᠭᠰᠠᠨ᠎ᠤ ᠬᠤᠪᠢ᠎ᠳᠤ᠂ ᠲᠥᠷᠥᠯ ᠵᠦᠢ᠍ᠯ᠎ᠢ ᠰᠣᠩᠭᠣᠬᠤ᠂ ᠵᠢᠷᠤᠵᠤ ᠲᠥᠯᠥᠪᠯᠡᠬᠦ ᠪᠠ ᠦᠷᠭᠦᠯᠵᠢᠯᠡᠨ ᠠᠩᠬᠠᠷᠬᠤ ᠲᠠᠯ᠎ᠠ ᠵᠢ ᠬᠠᠷᠢᠴᠠᠩᠭᠤᠶ᠎ᠪᠠᠷ ᠬᠡᠯᠡᠪᠡᠯ᠂ ᠨᠠᠩ ᠳᠥᠭᠥᠮ ᠳᠥᠲᠡ ᠴᠢᠨᠠᠷᠲᠠᠢ᠂ ᠨᠠᠩ ᠤᠷᠲᠤ ᠦᠶᠡᠯᠡᠯ᠎ᠤᠨ ᠦᠢ᠍ᠯᠡᠳᠣᠯᠭᠡᠪᠠᠷ ᠳᠠᠮᠵᠢᠨ ᠲᠥᠰᠦᠯ᠎ᠤᠨ ᠵᠶ᠋ᠠᠨ ᠪᠣᠯᠤᠮᠵᠢᠲᠤ ᠴᠢᠨᠠᠷ᠎ᠢ ᠰᠢᠯᠭ᠋ᠠᠨ ᠪᠠᠲᠤᠯᠠᠵᠤ ᠪᠣᠯᠬᠤ ᠮᠦᠷᠳᠡᠭᠡᠨ ᠲᠠᠰᠤᠷᠠᠯᠲᠠ ᠦᠭᠡᠢ ᠳᠠᠪᠲᠠᠨ ᠣᠷᠣᠯᠠᠭᠤᠯᠬᠤ᠎ᠪᠠᠷ ᠳᠠᠮᠵᠢᠨ᠂ ᠳᠦᠰᠤᠯ᠎ᠤᠨ ᠵᠶ᠋ᠠᠨ ᠶᠠᠪᠤᠭᠤᠷᠢ ᠵᠢᠨ ᠨᠣᠷᠮ᠎ᠠ ᠵᠢ ᠳᠡᠭᠡᠭᠰᠢᠯᠡᠭᠦᠯᠤᠨ᠂ ᠬᠡᠪ ᠵᠠᠭᠪᠤᠷ᠎ᠤᠨ ᠵᠶ᠋ᠠᠨ ᠳᠠᠬᠢᠨ ᠦᠢ᠍ᠯᠡᠳᠬᠦ ᠴᠢᠨᠠᠷ᠎ᠢ ᠴᠤ᠌ ᠨᠡᠮᠡᠭᠳᠡᠭᠦᠯᠬᠦ ᠶᠤᠮ᠃
16 ᠵᠢᠯ᠎ᠤᠨ ᠲᠤᠷᠰᠢ ᠯᠣᠤ ᠨᠢᠤ ᠰᠠᠭᠤᠷᠢ ᠮᠥᠩᠭᠥᠨ᠎ᠤ ᠨᠡᠶ᠋ᠢᠭᠡᠮᠯᠢᠭ᠎ᠨᠢ ᠨᠠᠮ ᠪᠣᠯᠤᠨ ᠵᠠᠰᠠᠭ᠎ᠤᠨ ᠣᠷᠳᠣᠨ᠎ᠤ ᠳᠠᠭ᠋ᠠᠭᠤᠯᠭ᠎ᠠ᠂ ᠨᠡᠶ᠋ᠢᠭᠡᠮ᠎ᠤᠨ ᠡᠯ᠎ᠡ ᠡᠲᠡᠭᠡᠳ᠎ᠤᠨ ᠳᠡᠮᠵᠢᠯᠭᠡ ᠪᠣᠯᠤᠨ 64 ᠬᠠᠨᠢᠲᠠᠨ᠎ᠤ ᠬᠠᠮᠵᠢᠯᠭ᠎ᠠ ᠳᠡᠮᠵᠢᠯᠭᠡ ᠳᠣᠤᠷ᠎ᠠ᠂ ᠶᠠᠳᠠᠭᠤ ᠵᠢ ᠲᠡᠳᠬᠦᠵᠦ ᠭᠠᠮᠰᠢᠭ᠎ᠠᠴᠠ ᠠᠪᠤᠷᠠᠬᠤ ᠬᠦᠷᠢᠶ᠎ᠡ ᠴᠠᠷᠠᠭ᠋ᠠᠨ᠎ᠳᠤ ᠨᠡᠶ᠋ᠢᠲᠡ 77 ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠤᠩᠭᠦᠢ ᠵᠢᠨ ᠦᠢ᠍ᠯᠡᠰ᠎ᠤᠨ ᠲᠥᠷᠥᠯ ᠵᠦᠢ᠍ᠯ᠎ᠢ ᠦᠷᠨᠢᠭᠦᠯᠤᠭ᠌ᠰᠡᠨ ᠵᠶ᠋ᠠᠷ ᠨᠡᠢ᠍ᠢ᠍ᠲᠡ ᠵᠢᠨ ᠠᠰᠠᠷᠠᠮᠵᠢ ᠵᠢᠨ ᠵᠠᠷᠤᠯᠭ᠎ᠠ 2.16 ᠳ᠋ᠦᠩᠰᠢᠭᠤᠷ ᠲᠥᠭᠥᠷᠢᠭ ᠰᠢᠬᠠᠮ᠎ᠳᠤ ᠬᠦᠷᠴᠦ᠂ ᠨᠡᠶ᠋ᠢᠭᠡᠮ᠎ᠤᠨ ᠡᠬᠢ ᠪᠠᠶᠠᠯᠢᠭ᠎ᠢ 2.32 ᠳ᠋ᠦᠩᠰᠢᠭᠤᠷ ᠲᠥᠭᠥᠷᠢᠭ ᠭᠦᠨᠵᠢᠭᠡᠳ ᠂ 160 ᠲᠦᠮᠡ ᠢᠯᠡᠭᠦᠤ ᠬᠥᠮᠦᠨ (ᠤᠳᠠᠭ᠎ᠠ)᠎ᠳᠤ ᠠᠰᠢᠭ ᠬᠦᠷᠲᠡᠭᠡᠪᠡ ᠃
《ᠶᠠᠳᠠᠭᠤ ᠵᠢ ᠲᠡᠳᠬᠦᠬᠦ》 ᠠᠵᠢᠯ᠎ᠢ ᠬᠡᠷᠬᠢᠨ ᠭᠦᠨᠵᠡᠭᠡᠢ᠌ᠷᠡᠭᠦᠯᠬᠦ ᠪᠤᠢ?
ᠨᠡᠶ᠋ᠢᠭᠡᠮ᠎ᠤᠨ ᠠᠵᠢᠯ᠎ᠤᠨ ᠤᠨᠤᠯ ᠵᠶ᠋ᠠᠷ ᠪᠣᠯ᠄ 《ᠬᠥᠮᠦᠨ ᠣᠷᠴᠢᠨ ᠲᠣᠭᠣᠷᠢᠨ᠎ᠳᠤ᠎ᠪᠠᠨ ᠠᠮᠢᠳᠤᠷᠠᠳᠠᠭ》᠃ ᠬᠥᠮᠦᠨ ᠣᠷᠴᠢᠨ ᠲᠣᠭᠣᠷᠢᠨ᠎ᠠᠴᠠ᠎ᠪᠠᠨ ᠰᠠᠯᠤᠭ᠋ᠠᠳ ᠣᠷᠣᠰᠢᠨ ᠲᠣᠭᠲᠠᠨᠢᠵᠤ ᠪᠣᠯᠬᠤ ᠦᠭᠡᠢ᠃ ᠪᠠᠶ᠋ᠢᠴᠠᠭ᠋ᠠᠯᠲᠠ ᠪᠦᠷᠢᠳᠬᠡᠯ᠎ᠠᠴᠠ ᠦᠵᠡᠪᠡᠯ᠂ ᠪᠠᠶ᠋ᠢᠭ᠋ᠠᠯᠢ ᠵᠢᠨ ᠣᠷᠴᠢᠨ ᠲᠣᠭᠣᠷᠢᠨ ᠮᠠᠭᠤ᠂ ᠰᠠᠭᠤᠷᠢ ᠲᠥᠬᠥᠭᠡᠷᠦᠮᠵᠢ ᠬᠣᠴᠣᠷᠤᠩᠭᠤᠶ᠂ ᠬᠥᠮᠦᠨ᠎ᠤ ᠬᠦᠴᠦᠨ᠎ᠤ ᠬᠥᠷᠥᠩᠭᠡ ᠵᠢᠨ ᠬᠢᠷᠢ ᠲᠦᠪᠰᠢᠨ ᠳᠣᠤᠷ᠎ᠠ ᠪᠣᠯ ᠡᠪᠡᠳᠴᠢᠨ᠎ᠠᠴᠠ ᠪᠣᠯᠵᠣ ᠶᠠᠳᠠᠭᠤᠷᠠᠬᠤ᠂ ᠰᠤᠷᠤᠯᠭ᠎ᠠ᠎ᠠᠴᠠ ᠪᠣᠯᠵᠣ ᠶᠠᠳᠠᠭᠤᠷᠠᠬᠤ᠎ᠨᠢ ᠶᠠᠳᠠᠭᠤᠷᠠᠬᠤ ᠵᠢᠨ ᠭᠣᠤᠯ ᠰᠢᠯᠲᠠᠭ᠋ᠠᠨ ᠪᠣᠯᠤᠨ᠎ᠠ᠃ ᠣᠯᠠᠨ ᠵᠢᠯ᠎ᠤᠨ ᠲᠤᠷᠰᠢᠬᠢ ᠲᠥᠷᠥᠯ ᠵᠦᠢ᠍ᠯ᠎ᠤᠨ ᠳᠡᠮᠵᠢᠯᠭᠡ ᠪᠠ ᠲᠤᠬᠠᠶ ᠵᠢᠨ ᠭᠠᠵᠠᠷ᠎ᠲᠤᠨᠢ ᠠᠰᠠᠭᠤᠨ ᠰᠤᠷᠪᠤᠯᠵᠢᠯᠠᠭᠰᠠᠨ ᠳᠤᠷᠰᠢᠯᠭ᠎ᠠ ᠵᠢ ᠦᠨᠳᠦᠰᠦᠯᠡᠪᠡᠯ᠂ ᠯᠣᠣ ᠨᠢᠤ ᠰᠠᠭᠤᠷᠢ ᠮᠥᠩᠭᠥᠨ᠎ᠤ ᠨᠡᠶ᠋ᠢᠭᠡᠮᠯᠢᠭ ᠢᠳᠡᠭ ᠢᠳᠡᠭ ᠵᠶ᠋ᠠᠷ ᠬᠥᠳᠡᠭᠡ ᠲᠣᠰᠬᠣᠨ᠎ᠢ ᠲᠡᠳᠬᠦᠨ ᠳᠡᠮᠵᠢᠬᠦ ᠪᠠ ᠬᠥᠭᠵᠢᠭᠦᠯᠦᠨ ᠮᠠᠨᠳᠤᠭᠤᠯᠬᠤ ᠠᠵᠢᠯ᠎ᠢ ᠬᠣᠶᠠᠷ ᠲᠠᠯ᠎ᠠ᠎ᠳᠤ ᠲᠥᠪᠯᠡᠷᠡᠭᠦᠯᠪᠡ᠄ ᠨᠢᠭᠡ ᠲᠠᠯ᠎ᠠ᠎ᠪᠠᠷ ᠡᠪᠡᠳᠴᠢᠨ᠎ᠠᠴᠠ ᠪᠣᠯᠵᠣ ᠶᠠᠳᠠᠭᠤᠷᠠᠭᠰᠠᠨ ᠶᠠᠳᠠᠭᠤ ᠬᠦᠴᠢᠷᠳᠡᠯᠲᠡᠶ ᠬᠥᠮᠦᠰ᠎ᠢ ᠠᠩᠬᠠᠷᠤᠨ᠂ ᠨᠦᠭᠦᠭᠡ ᠲᠠᠯ᠎ᠠ᠎ᠪᠠᠷ ᠶᠠᠳᠠᠭᠤ ᠬᠦᠴᠢᠷᠳᠡᠯᠲᠡᠶ ᠬᠥᠮᠦᠰ᠎ᠤᠨ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠣᠷᠣᠰᠢᠨ ᠲᠣᠭᠲᠠᠨᠢᠬᠤ ᠣᠷᠴᠢᠨ ᠨᠥᠬᠥᠴᠡᠯ᠎ᠢ ᠰᠠᠶ᠋ᠢᠵᠢᠷᠠᠭᠤᠯᠬᠤ ᠵᠢ ᠬᠢᠴᠢᠶᠡᠵᠠᠢ᠃ ᠲᠥᠷᠥᠯ ᠵᠦᠢ᠍ᠯ᠎ᠤᠨ ᠠᠵᠢᠯ᠎ᠤᠨ ᠪᠦᠲᠦᠮᠵᠢᠲᠡᠶ ᠦᠢ᠍ᠯᠡᠳᠦᠯᠭᠡ᠎ᠳᠤ ᠰᠠᠭᠤᠷᠢᠯᠠᠨ᠂ ᠲᠥᠷᠥᠯ ᠵᠦᠢ᠍ᠯ᠎ᠤᠨ ᠪᠦᠯᠬᠦᠮ᠎ᠤᠳ᠎ᠤᠨ 《ᠶᠠᠳᠠᠭᠤ ᠵᠢ ᠲᠡᠳᠬᠦᠬᠦ ᠵᠢ ᠭᠦᠨᠵᠡᠭᠡᠢ᠌ᠷᠡᠭᠦᠯᠬᠦ》 ᠠᠷᠭ᠎ᠠ ᠵᠢᠨ ᠣᠨᠣᠯ᠎ᠢ ᠬᠤᠷᠢᠶᠠᠩᠭᠤᠶ᠋ᠢᠯᠠᠨ ᠪᠣᠯᠪᠠᠰᠤᠷᠠᠭᠤᠯᠵᠤ ᠭᠠᠷᠭ᠋ᠠᠭᠰᠠᠨ᠎ᠨᠢ ᠳᠠᠷᠤᠶ ᠵᠠᠰᠠᠭ᠎ᠤᠨ ᠣᠷᠳᠣᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠯᠤᠭ᠎ᠠ ᠣᠯᠠᠨ ᠲᠠᠯ᠎ᠠ᠎ᠪᠠᠷ ᠬᠠᠮᠲᠤᠷᠠᠯᠴᠠᠵᠤ᠂ ᠡᠬᠢ ᠪᠠᠶᠠᠯᠢᠭ ᠵᠶ᠋ᠠᠨ ᠬᠠᠮᠲᠤᠷᠠᠭᠤᠯᠤᠨ᠂ ᠯᠣᠣ ᠨᠢᠤ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ 《ᠬᠥᠮᠦᠨ᠎ᠢ ᠬᠥᠮᠦᠵᠢᠭᠦᠯᠬᠦ》 ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ᠎ᠪᠠᠷ ᠤᠳᠤᠷᠢᠳᠤᠭᠤᠯᠵᠤ᠂ 《ᠬᠥᠮᠦᠨ ᠵᠶ᠋ᠠᠷ ᠦᠨᠳᠦᠰᠦ ᠪᠣᠯᠭ᠋ᠠᠨ》 ᠬᠠᠪᠰᠤᠷᠤᠨ ᠲᠡᠳᠬᠦᠬᠦ ᠪᠠ 《ᠣᠷᠣᠰᠢᠨ ᠲᠣᠭᠲᠠᠨᠢᠬᠤ ᠣᠷᠴᠢᠨ ᠲᠣᠭᠣᠷᠢᠨ》᠎ᠢ ᠰᠠᠶ᠋ᠢᠵᠢᠷᠠᠭᠤᠯᠬᠤ ᠵᠢ ᠬᠠᠷᠢᠯᠴᠠᠨ ᠤᠶᠠᠯᠳᠤᠭᠤᠯᠵᠤ᠂ ᠢᠳᠡᠪᠬᠢᠲᠠᠢ ᠣᠷᠣᠯᠴᠠᠨ ᠦᠷᠭᠦᠯᠵᠢᠯᠡᠨ ᠬᠦᠴᠦᠯᠡᠵᠦ᠂ ᠶᠠᠳᠠᠭᠤ ᠬᠦᠴᠢᠷᠳᠡᠯᠲᠡᠶ ᠬᠥᠮᠦᠰ ᠵᠢᠴᠢ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠳᠣᠬᠢ ᠪᠠᠶ᠋ᠢᠳᠠᠯ᠎ᠢ ᠠᠯᠬᠤᠮ ᠠᠯᠬᠤᠮ ᠵᠶ᠋ᠠᠷ ᠰᠠᠶ᠋ᠢᠵᠢᠷᠠᠭᠤᠯᠵᠤ᠂ ᠣᠷᠣᠨ ᠪᠦᠰᠡ ᠵᠢᠨ ᠴᠢᠨᠠᠷᠲᠠᠶ ᠶᠠᠳᠠᠭᠤ ᠬᠦᠴᠢᠷᠳᠡᠯᠲᠡᠶ ᠠᠰᠠᠭᠤᠳᠠᠯ᠎ᠢ ᠱᠠᠲᠤᠴᠢ ᠴᠢᠨᠠᠷᠲᠠᠶ ᠰᠢᠢ᠍ᠳᠪᠤᠷᠢᠯᠡᠵᠤ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠠᠢ᠃
《ᠬᠥᠮᠦᠨ ᠵᠶ᠋ᠠᠷ ᠦᠨᠳᠦᠰᠦ ᠪᠣᠯᠭ᠋ᠠᠨ》 ᠬᠠᠪᠰᠤᠷᠤᠨ ᠲᠡᠳᠬᠦᠬᠦ ᠭᠡᠳᠡᠭ᠎ᠨᠢ ᠳᠠᠷᠤᠶ ᠶᠠᠳᠠᠭᠤ ᠬᠦᠴᠢᠷᠳᠡᠯ᠎ᠲᠠᠢ ᠡᠪᠡᠳᠴᠢᠲᠡᠨ ᠳᠤ ᠴᠢᠭᠯᠡᠭᠦᠯᠦᠨ ᠡᠪᠡᠳᠴᠢᠨ ᠡᠮᠭᠡᠭ᠎ᠢ᠎ᠨᠢ ᠡᠮᠨᠡᠨ ᠵᠠᠰᠠᠵᠤ ᠴᠢᠳᠠᠪᠤᠷᠢᠵᠢᠭᠤᠯᠤᠨ᠂ ᠦᠪᠡᠷ᠎ᠢ᠎ᠨᠢ ᠬᠠᠪᠰᠤᠷᠤᠭᠤᠯᠤᠨ᠎ᠠ; 《ᠣᠷᠣᠰᠢᠨ ᠲᠣᠭᠲᠠᠨᠢᠬᠤ ᠣᠷᠴᠢᠨ ᠲᠣᠭᠣᠷᠢᠨ》᠎ᠢ ᠰᠠᠶ᠋ᠢᠵᠢᠷᠠᠭᠤᠯᠬᠤ ᠭᠡᠳᠡᠭ᠎ᠨᠢ ᠳᠠᠷᠤᠶ ᠣᠷᠴᠢᠨ ᠲᠣᠭᠣᠷᠢᠨ᠎ᠤ ᠬᠢᠨᠢ ᠨᠦᠬᠦᠴᠡᠯ ᠪᠠᠢ᠌ᠳᠠᠯ᠎ᠢ᠎ᠨᠢ ᠰᠠᠢ᠌ᠵᠢᠷᠠᠭᠤᠯᠤᠨ᠂ ᠳᠤᠬᠠᠢ ᠵᠢᠨ ᠭᠠᠵᠠᠷ᠎ᠤᠨ ᠣᠯᠠᠨ ᠲᠦᠮᠡᠨ᠎ᠢ ᠳᠠᠶ᠋ᠢᠴᠢᠯᠠᠨ ᠶᠠᠳᠠᠭᠤ ᠬᠦᠴᠢᠷᠳᠡᠯ᠎ᠠᠴᠠ᠎ᠨᠢ ᠠᠩᠭᠢᠵᠢᠷᠠᠭᠤᠯᠵᠤ᠂ ᠠᠰᠢᠭ ᠣᠷᠣᠯᠭ᠎ᠠ ᠵᠢ᠎ᠨᠢ ᠨᠡᠮᠡᠭᠳᠡᠭᠦᠯᠦᠨ᠎ᠡ᠃ ᠡᠨᠡ ᠬᠦ᠌ ᠵᠠᠭᠪᠤᠷ᠎ᠤᠨ ᠳᠠᠭ᠋ᠠᠭᠤᠯᠭ᠎ᠠ ᠳᠣᠣᠷ᠎ᠠ᠂ ᠯᠣᠣ ᠨᠢᠤ ᠰᠠᠭᠤᠷᠢ ᠮᠥᠩᠭᠥᠨ᠎ᠤ ᠨᠡᠶ᠋ᠢᠭᠡᠮᠯᠢᠭ 《ᠣᠯᠵᠤ ᠦᠵᠡᠬᠦ》᠂ 《ᠣᠯᠵᠤ ᠰᠣᠨᠣᠰᠬᠤ》᠂ 《ᠪᠣᠰᠴᠤ ᠵᠣᠭᠰᠣᠬᠤ》᠂ 《 ᠲᠤᠭᠤᠯᠵᠤ ᠭᠠᠷᠬᠤ》᠂ 《 ᠪᠠᠶᠠᠨ ᠴᠢᠨᠡᠭᠡᠯᠢᠭᠵᠢᠬᠦ》᠎ᠪᠠᠷ ᠭᠣᠤᠯ ᠪᠣᠯᠭ᠋ᠠᠭᠰᠠᠨ ᠲᠠᠪᠤᠨ ᠶᠡᠬᠡ ᠭᠣᠤᠯ ᠰᠡᠳᠤᠪᠲᠤ ᠰᠢᠷᠢᠰ ᠲᠥᠷᠥᠯ ᠵᠦᠢ᠍ᠯ᠎ᠢ ᠥᠷᠨᠢᠭᠦᠯᠵᠡᠶ᠄ ᠬᠥᠳᠡᠭᠡ ᠲᠣᠰᠬᠣᠨ᠎ᠤ ᠴᠠᠭ᠋ᠠᠨ ᠬᠠᠷᠠᠩ ᠡᠪᠡᠳᠴᠢᠲᠡᠨ᠂ ᠳᠦᠯᠡᠶ ᠬᠡᠤᠬᠡᠳ᠂ ᠮᠥᠴᠢ ᠵᠡᠮᠳᠡᠭ ᠬᠥᠮᠦᠰ᠎ᠤᠨ ᠲᠤᠯᠭ᠋ᠠᠮ ᠬᠡᠷᠡᠭᠴᠡᠭᠡ᠎ᠳᠤ ᠴᠢᠭᠯᠡᠭᠦᠯᠦᠨ᠂ ᠪᠦᠷᠢᠨ ᠲᠡᠭᠦᠯᠳᠡᠷ ᠡᠮ ᠡᠮᠨᠡᠯᠭᠡ ᠵᠢᠨ ᠳᠤᠰᠠᠯᠠᠮᠵᠢ ᠬᠢᠬᠦ᠎ᠪᠠᠷ ᠳᠠᠮᠵᠢᠭᠤᠯᠤᠨ ᠲᠡᠳᠡᠨ ᠳᠤ ᠳᠠᠬᠢᠨ ᠬᠡᠷᠡᠯ ᠭᠡᠭᠡ ᠣᠯᠭᠣᠵᠤ ᠂ ᠳᠠᠬᠢᠨ ᠪᠣᠰᠴᠤ ᠵᠣᠭᠰᠣᠨ᠂ ᠡᠬᠡ ᠪᠠᠢ᠌ᠭ᠋ᠠᠯᠢ ᠵᠢᠨ ᠲᠠᠭᠤᠨ᠎ᠢ ᠰᠣᠨᠢᠷᠬᠠᠵᠤ᠂ ᠨᠡᠷ᠎ᠡ ᠬᠦᠨᠳᠦ ᠪᠠ ᠠᠮᠢᠳᠤᠷᠠᠯ᠎ᠤᠨ ᠡᠷᠬᠡ ᠴᠢᠯᠥᠭᠡ᠎ᠪᠠᠨ ᠣᠯᠤᠭᠰᠠᠨ᠎ᠤ ᠬᠠᠮᠲᠤ ᠭᠡᠷ ᠪᠦᠯᠢ ᠵᠢᠨ ᠵᠶ᠋ᠠᠨ ᠲ᠋ᠠᠷᠤᠭ᠋ᠠᠰᠤ ᠵᠢ ᠬᠥᠩᠭᠡᠷᠡᠭᠦᠯᠪᠡ; ᠶᠠᠳᠠᠭᠤ ᠬᠦᠴᠢᠷᠳᠡᠯᠲᠡᠶ ᠪᠣᠶ᠋ᠢᠳᠠ ᠪᠥᠭᠯᠡᠭᠦᠤ ᠬᠥᠳᠡᠭᠡ ᠲᠣᠰᠬᠣᠨ᠎ᠳᠤ ᠠᠷᠠᠳ᠎ᠲᠤ ᠳᠥᠭᠥᠮ ᠦᠵᠡᠭᠦᠯᠬᠦ ᠬᠥᠭᠥᠷᠭᠡ ᠪᠣᠰᠬᠠᠬᠤ᠎ᠪᠠᠷ ᠳᠠᠮᠵᠢᠨ᠂ ᠵᠠᠮ ᠬᠠᠷᠢᠯᠴᠠᠭ᠋ᠠᠨ᠎ᠤ ᠳᠣᠷᠣᠢ ᠪᠠᠭᠤᠷᠠᠢ ᠣᠷᠴᠢᠨ ᠨᠥᠬᠥᠴᠡᠯ᠎ᠢ ᠰᠠᠶ᠋ᠢᠵᠢᠷᠠᠭᠤᠯᠵᠤ᠂ ᠤᠯᠠᠨ ᠲᠦᠮᠡᠨ᠎ᠤ ᠶᠠᠪᠤᠵᠤ ᠰᠠᠭᠤᠬᠤ᠎ᠳᠤ ᠬᠦᠴᠢᠷ᠎ᠲᠠᠢ᠂ ᠬᠡᠤᠬᠡᠳ ᠰᠤᠷᠭ᠋ᠠᠭᠤᠯᠢ᠎ᠳᠤ ᠶᠠᠪᠤᠵᠤ ᠰᠠᠭᠤᠬᠤ᠎ᠳᠤ ᠬᠦᠴᠢᠷᠲᠡᠶ ᠪᠠᠶ᠋ᠢᠬᠤ ᠵᠡᠷᠭᠡ ᠠᠰᠠᠭᠤᠳᠠᠯ᠎ᠢ ᠰᠢᠢ᠍ᠳᠪᠤᠷᠢᠯᠡᠪᠡ; ᠪᠠᠭ᠎ᠠ ᠲᠣᠭ᠋ᠠᠨ᠎ᠤ ᠲᠤᠰᠠᠯᠠᠮᠵᠢ᠎ᠪᠠᠷ ᠶᠠᠳᠠᠭᠤ ᠬᠦᠴᠢᠷᠳᠡᠯᠲᠡᠢ ᠡᠬᠡᠴᠦᠤᠯᠢ ᠬᠠᠪᠰᠤᠷᠤᠨ ᠲᠠᠷᠢᠶᠠᠯᠠᠩ ᠦᠢ᠍ᠯᠡᠳᠪᠦᠷᠢᠯᠡᠯ᠎ᠢ ᠬᠥᠭᠵᠢᠭᠦᠯᠵᠦ᠂ ᠬᠥᠳᠡᠯᠮᠦᠷᠢ᠎ᠪᠠᠷ ᠵᠶ᠋ᠠᠨ ᠶᠠᠳᠠᠭᠤ᠎ᠠᠴᠠ ᠠᠩᠬᠢᠵᠢᠷᠠᠬᠤ ᠬᠠᠷᠠᠯᠲᠠ᠎ᠪᠠᠨ ᠪᠡᠶᠡᠯᠡᠭᠦᠯᠪᠡ ᠁
ᠡᠭᠦᠨ᠎ᠳᠤ 《ᠣᠯᠵᠤ ᠦᠵᠡᠬᠦ》 ᠭᠡᠳᠡᠭ᠎ᠨᠢ ᠪᠦᠬᠦ ᠣᠷᠣᠨ᠎ᠤ 《ᠬᠠᠷᠠᠭ᠎ᠠ ᠣᠷᠣᠭᠤᠯᠬᠤ ᠠᠶᠠᠯᠠᠯ》᠎ᠤᠨ ᠨᠡᠶ᠋ᠢᠭᠡᠮ ᠨᠡᠢ᠍ᠢ᠍ᠲᠡ ᠵᠢᠨ ᠠᠰᠠᠷᠠᠮᠵᠢ ᠵᠢᠨ ᠠᠵᠢᠯᠯᠠᠭ᠎ᠠ ᠪᠣᠯᠤᠨ᠎ᠠ᠂ 2013 ᠣᠨ᠎ᠠᠴᠠ ᠣᠲᠣ ᠪᠣᠯᠲᠠᠯ᠎ᠠ ᠪᠥᠬᠥ ᠥᠪᠥᠷ ᠮᠣᠩᠭᠣᠯ ᠣᠷᠣᠨ᠎ᠤ ᠬᠡᠪᠴᠢᠶᠡᠨ᠎ᠳᠤ ᠨᠢᠳᠦᠨ᠎ᠤ ᠡᠪᠡᠳᠴᠢᠲᠡᠨ᠎ᠢ ᠨᠡᠶ᠋ᠢᠲᠡ 77.12 ᠲᠦᠮᠡᠨ ᠬᠥᠮᠦᠨ (ᠤᠳᠠᠭ᠎ᠠ)᠎ᠢ ᠰᠢᠭᠰᠢᠨ ᠪᠠᠶ᠋ᠢᠴᠠᠭ᠋ᠠᠵᠤ᠂ ᠴᠠᠭ᠋ᠠᠨ ᠬᠠᠷᠠᠩ᠎ᠤᠨ ᠬᠠᠷᠠᠭ᠎ᠠ ᠣᠷᠣᠭᠤᠯᠬᠤ ᠮᠡᠰᠡ ᠵᠠᠰᠠᠯ᠎ᠢ 29091 ᠬᠢᠭᠰᠡᠨ ᠪᠠᠶ᠋ᠢᠨ᠎ᠠ; ᠡᠭᠦᠨ᠎ᠤ ᠬᠠᠮᠲᠤ᠂ ᠵᠠᠯᠠᠭᠤᠴᠤᠳ ᠪᠠᠭ᠋ᠠᠴᠤᠳ᠎ᠤᠨ ᠨᠢᠳᠦ ᠬᠠᠮᠠᠭ᠋ᠠᠯᠠᠬᠤ ᠠᠵᠢᠯᠯᠠᠭ᠎ᠠ᠎ᠳᠤ ᠨᠡᠢ᠌ᠲᠡ 62.20 ᠲᠦᠮᠡᠨ ᠵᠠᠯᠠᠭᠤᠴᠤᠳ ᠪᠠᠭ᠋ᠠᠴᠤᠳ ᠬᠠᠷᠠᠭ᠎ᠠ ᠰᠢᠭᠰᠢᠯᠲᠡ ᠵᠢᠨ ᠪᠠᠶ᠋ᠢᠴᠠᠭ᠋ᠠᠯᠲᠠ ᠬᠢᠭᠰᠡᠨ ᠪᠥᠭᠡᠳ ᠪᠠᠶ᠋ᠢᠴᠠᠭ᠋ᠠᠯᠲᠠ ᠵᠢᠨ ᠲᠠᠩᠰᠠ ᠡᠪᠬᠡᠮᠡᠯ ᠪᠠᠶ᠋ᠢᠭᠤᠯᠵᠤ᠂ 3868 ᠶᠠᠳᠠᠭᠤ ᠬᠦᠴᠢᠷᠳᠡᠯᠲᠡᠶ ᠬᠡᠷ ᠪᠦᠯᠢ ᠵᠢᠨ ᠵᠢᠩᠬᠢᠨᠢ ᠣᠶ᠋ᠢᠷ᠎ᠠ ᠬᠠᠷᠠᠭ᠋ᠠᠲᠤ ᠵᠠᠯᠠᠭᠤᠴᠤᠳ ᠪᠠᠭ᠋ᠠᠴᠤᠳ᠎ᠲᠤ ᠣᠶ᠋ᠢᠷ᠎ᠠ ᠬᠠᠷᠠᠭ᠋ᠠᠲᠤ ᠰᠢᠯ ᠵᠡᠭᠦᠯᠭᠡᠨ᠂ 521 ᠵᠢᠰᠢᠭᠦᠤ ᠬᠠᠷᠠᠭ᠋ᠠᠲᠤ ᠵᠠᠯᠠᠭᠤᠴᠤᠳ ᠪᠠᠭ᠋ᠠᠴᠤᠳ᠎ᠲᠤ ᠮᠡᠰᠡ ᠵᠠᠰᠠᠯ ᠬᠢᠵᠦ ᠥᠭᠴᠡᠶ᠃
《ᠲᠤᠭᠤᠯᠵᠤ ᠭᠠᠷᠬᠤ》 ᠭᠡᠳᠡᠭ᠎ᠨᠢ ᠯᠣᠤ ᠨᠢᠤ ᠴᠢᠶᠣᠤ ᠵᠢᠨ ᠲᠥᠷᠥᠯ ᠵᠦᠢ᠍ᠯ᠎ᠢ ᠬᠡᠯᠡᠵᠦ ᠪᠠᠢ᠌ᠨ᠎ᠠ᠂ ᠪᠥᠬᠥ ᠤᠯᠤᠰ᠎ᠤᠨ ᠬᠡᠪᠴᠢᠶᠡᠨ᠎ᠳᠤ 120 ᠭᠠᠷᠤᠶ ᠪᠠᠶ᠋ᠢᠵᠤ᠂ ᠥᠪᠥᠷ ᠮᠣᠩᠭᠣᠯ᠂ ᠾᠧᠨᠠᠨ᠂ ᠬᠤᠨᠠᠨ᠂ ᠶᠦᠨᠨᠠᠨ᠂ ᠭᠦᠢ᠍ᠵᠸᠤ ᠂ ᠰᠧᠴᠤᠸᠠᠨ᠂ ᠱᠠᠨᠰᠢ᠂ ᠱᠠᠨ ᠰᠢ᠂ ᠭᠤᠸᠠᠩᠰᠢ᠂ ᠵᠢᠶᠠᠩᠰᠢ ᠵᠡᠷᠭᠡ 10 ᠮᠤᠵᠢ (ᠥᠪᠡᠷᠲᠡᠭᠡᠨ ᠵᠠᠰᠠᠬᠤ ᠣᠷᠣᠨ) ᠵᠢᠨ 36 ᠬᠣᠰᠢᠭᠤ ᠰᠢᠶᠠᠨ᠎ᠤ 105 ᠶᠠᠳᠠᠭᠤ ᠬᠦᠴᠢᠷᠳᠡᠯᠲᠡᠶ ᠪᠣᠶ᠋ᠢᠳᠠ ᠪᠥᠭᠯᠡᠭᠦᠤ ᠬᠥᠳᠡᠭᠡ ᠲᠣᠰᠬᠣᠨ᠎ᠳᠤ ᠲᠦᠭᠡᠵᠦ᠂ ᠰᠢᠭᠤᠳ ᠠᠰᠢᠭ ᠬᠦᠷᠲᠡᠭᠰᠡᠨ ᠬᠦᠮᠤᠨ᠎ᠨᠢ 19.8 ᠲᠦᠮᠡ ᠵᠢ ᠳᠠᠪᠠᠵᠠᠶ᠃ ᠬᠥᠳᠡᠭᠡ ᠲᠣᠰᠬᠣᠨ᠎ᠤ ᠠᠷᠠᠳ᠎ᠲᠤ ᠳᠥᠭᠥᠮ ᠦᠵᠡᠭᠦᠯᠬᠦ ᠬᠥᠭᠥᠷᠭᠡ ᠵᠢ ᠲᠤᠰᠠᠯᠠᠨ ᠪᠠᠶ᠋ᠢᠭᠤᠯᠬᠤ᠎ᠪᠠᠷ ᠳᠠᠮᠵᠢᠨ᠂ ᠬᠥᠳᠡᠭᠡ ᠲᠣᠰᠬᠣᠨ᠎ᠤ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠪᠦᠲᠦᠮᠵᠢᠲᠡᠶ ᠰᠠᠶ᠋ᠢᠵᠢᠷᠠᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠣᠷᠣᠰᠢᠨ ᠠᠮᠢᠳᠤᠷᠠᠬᠤ ᠣᠷᠴᠢᠨ ᠲᠣᠭᠣᠷᠢᠨ᠎ᠢ ᠰᠠᠶ᠋ᠢᠵᠢᠷᠠᠭᠤᠯᠵᠤ᠂ ᠠᠷᠠᠳ ᠣᠯᠠᠨ᠎ᠤ ᠦᠢ᠍ᠯᠡᠳᠪᠤᠷᠢᠯᠡᠯ ᠠᠮᠢᠳᠤᠷᠠᠯ ᠪᠣᠯᠤᠨ ᠡᠳᠦᠷ ᠲᠤᠲᠤᠮ᠎ᠤᠨ ᠶᠠᠪᠤᠵᠤ ᠰᠠᠭᠤᠬᠤ᠎ᠳᠤ ᠳᠥᠭᠥᠮ ᠦᠵᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠵᠶ᠋ᠠᠨ ᠨᠡᠮᠡᠷᠢᠯᠡᠭᠰᠡᠨ ᠪᠠᠢ᠌ᠨ᠎ᠠ᠃ 2020 ᠣᠨ᠎ᠳᠤ ᠯᠣᠤ ᠨᠢᠤ ᠴᠢᠶᠣᠤ ᠬᠥᠭᠥᠷᠭᠡ ᠵᠢᠨ ᠲᠥᠷᠥᠯ ᠵᠦᠢ᠍ᠯ᠎ᠨᠢ ᠳᠤᠮᠳᠠᠳᠤ ᠤᠯᠤᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠶ ᠵᠢᠨ ᠲᠥᠷᠥᠯ ᠵᠦᠢ᠍ᠯ᠎ᠤᠨ ᠤᠷᠤᠯᠳᠤᠭ᠋ᠠᠨ᠎ᠤ 《ᠵᠠᠭᠤᠨ ᠬᠦᠴᠦᠷᠬᠡᠭ ᠲᠥᠷᠥᠯ ᠵᠦᠢ᠍ᠯ》᠎ᠤᠨ ᠢᠷᠠᠭᠤ ᠠᠯᠳᠠᠷ᠎ᠢ ᠭᠥᠷᠳᠡᠪᠡ᠃
ᠯᠣᠤ ᠨᠢᠤ ᠴᠢᠶᠣᠤ ᠸᠢᠳᠢᠣ᠋ ᠵᠢᠨ ᠴᠥᠷᠬᠡᠯᠡᠭᠡ᠄ https://mp.weixin.qq.cn m/s/mz4T4mx2fCegr4e2eu84Tw
ᠶᠠᠳᠠᠭᠤ ᠵᠢ ᠲᠡᠳᠬᠦᠬᠦ᠎ᠳᠤ ᠤᠷᠢᠳ ᠵᠶ᠋ᠡᠷ ᠣᠶᠣᠨ ᠤᠬᠠᠭ᠋ᠠᠨ᠎ᠢ᠎ᠨᠢ ᠲᠡᠳᠬᠦᠵᠦ᠂ 〈〈ᠦᠭᠬᠦ〉〉᠎ᠠᠴᠠ 〈〈ᠦᠪᠡᠷ ᠵᠶ᠋ᠠᠨ ᠦᠢ᠍ᠯᠡᠳᠬᠦ〉〉 ᠪᠣᠯᠭ᠋ᠠᠬᠤ ᠬᠡᠷᠡᠭᠲᠠᠢ
《ᠮᠠᠰᠢ ᠣᠯᠠᠨ ᠲᠥᠷᠥᠯ ᠵᠦᠢ᠍ᠯ᠎ᠨᠢ ᠠᠰᠢᠭ ᠬᠦᠷᠲᠡᠬᠦ ᠬᠥᠮᠦᠰ᠎ᠤᠨ ᠪᠠᠴᠢᠮ ᠪᠠᠶ᠋ᠢᠳᠠᠯ᠎ᠢ ᠲᠦᠷ ᠵᠠᠭᠤᠷ᠎ᠠ ᠰᠢᠢ᠍ᠳᠪᠤᠷᠢᠯᠡᠵᠤ ᠴᠢᠳᠠᠬᠤ ᠪᠣᠯᠪᠠᠴᠤ ᠬᠡᠯᠪᠡᠷᠢ᠎ᠨᠢ ᠬᠠᠷᠢᠴᠠᠩᠭᠤᠶ ᠳᠠᠩ ᠴᠤᠯᠭᠤᠶ᠂ ᠬᠡᠪᠰᠢᠭᠰᠡᠨ᠂ ᠰᠢᠰᠲᠸᠮ᠎ᠲᠠᠢ ᠵᠢᠷᠤᠭ ᠲᠦᠯᠣᠪᠯᠡᠭᠡ ᠪᠠ ᠪᠣᠳᠣᠯᠬᠢᠯᠠᠯ ᠦᠭᠡᠢ ᠪᠣᠯᠬᠤᠷ ᠶᠡᠷᠦᠩᠬᠡᠶ᠋ᠢᠯᠡᠭᠰᠡᠨ ᠥᠪᠡᠷ᠎ᠤᠨ ᠥᠷᠲᠡᠭ ᠪᠣᠯᠤᠨ ᠦᠷ᠎ᠡ ᠪᠦᠲᠦᠮᠵᠢ ᠵᠢ ᠡᠮᠬᠢᠯᠡᠨ ᠨᠡᠶ᠋ᠢᠯᠡᠭᠦᠯᠵᠦ ᠲᠡᠭᠦᠯᠳᠡᠷᠵᠢᠭᠦᠯᠬᠦ ᠴᠢᠬᠤᠯᠠᠲᠠᠶ ᠮᠦᠷᠲᠡᠭᠡᠨ ᠬᠡᠷᠬᠢᠨ ᠦᠷᠭᠦᠯᠵᠢᠯᠡᠨ ᠬᠠᠪᠰᠤᠷᠤᠨ ᠲᠡᠳᠬᠦᠬᠦ ᠵᠠᠭᠪᠤᠷ᠎ᠢ ᠬᠠᠶ᠋ᠢᠨ ᠰᠦᠪᠡᠭᠴᠢᠯᠡᠵᠦ᠂ ᠬᠦᠳᠡᠯᠤᠩᠭᠦᠢ ᠪᠤᠰᠤ᠎ᠪᠠᠷ 〈ᠦᠭᠬᠦ〉᠎ᠠᠴᠠ 〈ᠥᠪᠡᠷ ᠵᠶ᠋ᠠᠨ ᠦᠢ᠍ᠯᠡᠳᠬᠦ〉 ᠲᠡᠢ᠌ᠰᠢ ᠬᠤᠪᠢᠷᠠᠭᠤᠯᠬᠤ ᠪᠣᠯ ᠪᠢᠳᠡᠨ᠎ᠤ ᠶᠡᠷᠤᠳᠡ ᠵᠢᠨ ᠠᠩᠬᠠᠷᠴᠤ ᠪᠠᠶ᠋ᠢᠭ᠎ᠠ ᠭᠣᠤᠯᠳᠠᠯᠭ᠎ᠠ ᠪᠣᠯᠤᠭᠰᠠᠭ᠋ᠠᠷ ᠢᠷᠡᠭᠰᠡᠨ ᠶᠤᠮ》 ᠭᠡᠵᠦ ᠠᠨ ᠶᠠ ᠴᠢᠶᠠᠩ ᠨᠠᠷᠢᠨ ᠪᠢᠴᠢᠭ᠎ᠤᠨ ᠳᠠᠷᠤᠭ᠎ᠠ ᠬᠡᠯᠡᠪᠡ᠃ 《ᠶᠠᠳᠠᠭᠤ ᠵᠢ ᠲᠡᠳᠬᠦᠬᠦ》 ᠠᠵᠢᠯ᠎ᠢ ᠬᠡᠷᠬᠢᠨ ᠭᠦᠨᠵᠡᠭᠡᠢ᠌ᠷᠡᠭᠦᠯᠬᠦ ᠵᠠᠭᠪᠤᠷ᠎ᠤᠨ ᠳᠣᠣᠷ᠎ᠠ᠂ ᠯᠣᠤ ᠨᠢᠤ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ᠎ᠬᠢᠨ 《ᠲᠠᠪᠤᠨ ᠶᠡᠬᠡ ᠭᠣᠤᠯ ᠰᠡᠳᠦᠪᠲᠦ ᠰᠢᠷᠢᠰ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ》᠎ᠤᠨ ᠠᠭᠤᠯᠤᠭᠳᠠᠬᠤᠨ ᠪᠠ ᠠᠭᠤᠯᠬᠤᠨ᠎ᠢ ᠤᠯᠠᠮ ᠨᠢᠭᠡ ᠠᠯᠬᠤᠮ ᠥᠷᠭᠡᠳᠬᠡᠵᠦ᠂ ᠰᠤᠷᠭ᠋ᠠᠨ ᠬᠦᠮᠤᠵᠢᠯ᠂ ᠠᠮᠢ ᠠᠬᠤᠶ ᠂ ᠮᠥᠩᠭᠥᠨ ᠭᠦᠢ᠍ᠯᠭᠡᠭᠡᠨ ᠪᠣᠯᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠵᠡᠷᠭᠡ ᠲᠥᠷᠥ ᠵᠢᠨ ᠪᠣᠳᠣᠯᠭ᠎ᠠ ᠪᠠ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠬᠥᠳᠡᠭᠡ ᠲᠣᠰᠬᠣᠨ᠎ᠤ ᠬᠥᠭᠵᠢᠯᠲᠡ ᠵᠢ ᠦᠨᠡᠨ ᠬᠦ᠌ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠵᠶ᠋ᠠᠨ ᠨᠡᠮᠡᠷᠢᠯᠡᠬᠦ ᠶᠤᠮ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠦᠷᠭᠦᠯᠵᠢᠯᠡᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠨᠴᠠᠭ᠋ᠠᠶ ᠬᠦᠮᠤᠰ᠎ᠲᠤ ᠠᠩᠬᠠᠷᠤᠯ ᠵᠶ᠋ᠠᠨ ᠲᠦᠪᠯᠡᠷᠡᠭᠦᠯᠤᠨ ᠡᠯ᠎ᠡ ᠭᠠᠵᠠᠷ᠎ᠤᠨ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠵᠢᠨ ᠲᠤᠷᠰᠢᠯᠭ᠎ᠠ ᠠᠷᠭ᠎ᠠ ᠠᠪᠴᠠᠯ᠎ᠢ ᠨᠠᠷᠢᠨ ᠬᠢᠨᠠᠮᠠᠭ᠋ᠠᠶ ᠳ᠋ᠦᠩᠨᠡᠵᠦ᠂ ᠪᠦᠬᠦ ᠣᠷᠣᠨ᠎ᠤ ᠨᠢᠭᠦᠯᠡᠰᠦᠩᠭᠦᠶ ᠵᠢᠨ ᠠᠵᠢᠯᠯᠠᠭ᠎ᠠ ᠵᠢ ᠵᠢᠯᠣᠭᠣᠳᠤᠨ᠂ ᠶᠠᠳᠠᠭᠤ ᠵᠦᠳᠡᠭᠦᠤ ᠵᠢ ᠲᠡᠳᠬᠦᠨ ᠳᠤᠰᠠᠯᠠᠵᠤ᠂ ᠪᠤᠶᠠᠨ ᠦᠢ᠍ᠯᠡᠳᠬᠦ ᠵᠣᠷᠢᠭ ᠰᠠᠨᠠᠭ᠎ᠠ᠎ᠪᠠᠨ ᠪᠠᠳᠠᠷᠠᠭᠤᠯᠵᠤ᠂ ᠨᠢᠭᠦᠯᠡᠰᠤᠩᠭᠦᠢ ᠵᠢᠨ ᠠᠵᠢᠯᠯᠠᠭ᠎ᠠ ᠵᠢᠨ ᠪᠦᠬᠦ ᠣᠷᠣᠨ᠎ᠳᠠᠬᠢ ᠨᠥᠯᠥᠭᠡᠯᠡᠬᠦ ᠬᠦᠴᠦᠨ ᠵᠶ᠋ᠠᠨ ᠥᠷᠭᠡᠳᠬᠡᠨ᠂ ᠪᠦᠬᠦ ᠨᠡᠶ᠋ᠢᠭᠡᠮ᠎ᠤᠨ ᠨᠢᠭᠦᠯᠡᠰᠦᠩᠭᠦᠶ ᠵᠢᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠭᠦᠯᠡᠰᠦᠩᠭᠦᠶ ᠵᠢᠨ ᠦᠢ᠍ᠯᠡᠰ᠎ᠤᠨ ᠶᠠᠳᠠᠭᠤ᠎ᠠᠴᠠ ᠠᠩᠭᠢᠵᠢᠷᠠᠭᠤᠯᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠠ ᠰᠠᠢ᠍ᠢ᠍ᠨ ᠰᠠᠢ᠌ᠬᠠᠨ ᠠᠮᠢᠳᠤᠷᠠᠯ᠎ᠢ ᠴᠣᠭᠴᠠᠯᠠᠬᠤ᠎ᠳᠤ ᠦᠵᠡᠭᠦᠯᠬᠦ ᠢᠳᠡᠪᠬᠢ ᠦᠢ᠍ᠯᠡᠳᠤᠯ ᠢ ᠪᠠᠳᠠᠷᠠᠭᠤᠯᠬᠤ ᠬᠡᠷᠡᠭᠲᠠᠢ ᠶᠤᠮ᠃