ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠢᠩᠬᠢᠮ᠎ᠤᠨ ᠳᠠᠷᠤᠭ᠎ᠠ ᠴᠧᠨ ᠵᠢᠶᠧ ᠬᠥᠬᠡᠬᠣᠲᠠ᠎ᠳᠤ ᠭᠦᠨᠵᠡᠭᠡᠢ᠌ᠷᠡᠨ ᠬᠠᠩᠰᠢ ᠵᠢᠨ ᠠ᠋ᠳᠤᠷ᠎ᠤᠨ ᠬᠢᠵᠢᠭ᠎ᠢ ᠰᠡᠷᠭᠡᠢ᠌ᠯᠡᠨ ᠡᠵᠡᠮᠳᠡᠬᠦ ᠪᠠ ᠳᠠᠭᠢᠵᠤ ᠱᠦᠭᠦᠷᠳᠡᠬᠦ ᠠᠵᠢᠯ᠎ᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2020-04-09

       


     4 ᠳ᠋ᠦ᠍ᠭᠡᠷ ᠰᠠᠷ᠎ᠠ ᠵᠢᠨ 1᠎ᠤ ᠠ᠋ᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠠᠷᠤᠭ᠎ᠠ ᠴᠧᠨ ᠵᠢᠶᠧ ᠬᠥᠬᠡᠬᠣᠲᠠ᠎ᠳᠤ ᠬᠦᠷᠴᠦ ᠬᠠᠩᠰᠢ ᠵᠢᠨ ᠠ᠋ᠳᠤᠷ᠎ᠤᠨ ᠬᠢᠵᠢᠭ᠎ᠢ ᠰᠡᠷᠭᠡᠢ᠌ᠯᠡᠨ ᠡᠵᠡᠮᠳᠡᠬᠦ ᠪᠠ ᠳᠠᠭᠢᠵᠤ ᠱᠦᠭᠦᠷᠳᠡᠬᠦ ᠠᠵᠢᠯ᠎ᠤᠨ ᠲᠤᠬᠠᠶ ᠪᠠᠢ᠌ᠴᠠᠭ᠋ᠠᠨ ᠰᠤᠳᠤᠯᠤᠯᠲᠠ ᠬᠢᠵᠤ᠂ ᠬᠢᠵᠢᠭ᠎ᠢ ᠰᠡᠷᠭᠡᠢ᠌ᠯᠡᠨ ᠡᠵᠡᠮᠳᠡᠬᠦ᠂ ᠳᠠᠭᠢᠵᠤ ᠱᠦᠭᠦᠷᠳᠡᠬᠦ᠂ ᠭᠠᠯ ᠰᠡᠷᠭᠡᠢ᠌ᠯᠡᠬᠦ ᠵᠡᠷᠭᠡ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠪᠠ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠬᠦᠷᠢᠶᠡᠯᠡᠩ᠎ᠳᠤ ᠣᠷᠣᠵᠤ ᠳᠠᠬᠢᠵᠤ ᠱᠦᠭᠦᠷᠳᠡᠬᠦ ᠭᠠᠷ ᠭᠦᠢᠴᠡᠳᠬᠡᠯ ᠬᠢᠭᠰᠡᠨ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠵᠤ᠂ ᠠ᠋ᠭᠦᠨ᠎ᠤ ᠬᠠᠮᠲᠤ ᠴᠢᠬᠤᠯᠠᠴᠢᠯᠠᠭᠰᠠᠨ᠎ᠨᠢ᠄ ᠨᠢᠭᠡ᠎ᠳᠤ᠂ ᠬᠠᠩᠰᠢ ᠵᠢᠨ ᠠ᠋ᠳᠦᠷ᠎ᠤᠨ ᠲᠠᠬᠢᠯᠭ᠎ᠠ ᠱᠦᠭᠦᠷᠳᠡᠯᠲᠡ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠬᠦᠨᠳᠤᠳᠬᠡᠵᠤ᠂ ᠨᠢᠭᠡ ᠲᠠᠯ᠎ᠠ᠎ᠪᠠᠷ ᠬᠢᠵᠢᠭ ᠰᠡᠷᠭᠡᠢ᠌ᠯᠡᠬᠦ ᠵᠢ ᠠᠳᠬᠤᠨ᠂ ᠨᠢᠭᠡ ᠲᠠᠯ᠎ᠠ᠎ᠪᠠᠷ ᠭᠠᠯ ᠰᠡᠷᠭᠡᠢ᠌ᠯᠡᠬᠦ ᠵᠢ ᠠᠳᠬᠤᠵᠤ᠂ ᠬᠢᠵᠢᠭ᠎ᠢ ᠰᠡᠷᠭᠡᠢ᠌ᠯᠡᠨ ᠡᠵᠡᠮᠳᠡᠬᠦ ᠪᠠ ᠲᠠᠬᠢᠯᠭ᠎ᠠ ᠱᠦᠭᠦᠷᠳᠡᠯᠲᠡ ᠵᠢᠨ ᠠᠮᠤᠷ ᠲᠦᠪᠰᠢᠨ ᠬᠣᠶᠠᠷ ᠲᠠᠯ᠎ᠠ ᠵᠢ ᠠᠩᠬᠠᠷᠤᠨ᠂ ᠬᠣᠶᠠᠷ ᠲᠠᠯ᠎ᠠ ᠵᠢ ᠴᠢᠩᠭ᠎ᠠ ᠠᠳᠬᠤᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠶ᠃ ᠬᠣᠶᠠᠷ᠎ᠲᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠣᠬᠣᠷ ᠮᠡᠳᠡᠭᠡ᠂ ᠸᠢᠴᠠᠲ᠂ ᠰᠦᠯᠵᠢᠶ᠎ᠡ ᠵᠡᠷᠭᠡ ᠰᠢᠨ᠎ᠡ ᠵᠠᠭᠤᠴᠢᠯᠠᠭᠤᠷ᠎ᠢ ᠭᠦᠢᠴᠡᠳ ᠠᠰᠢᠭᠯᠠᠨ᠂ ᠬᠠᠩᠰᠢ ᠵᠢᠨ ᠠ᠋ᠳᠦᠷ᠎ᠤᠨ ᠪᠣᠯᠪᠠᠰᠤᠨ ᠲᠠᠬᠢᠯᠭ᠎ᠠ᠂ ᠠᠮᠤᠷ ᠲᠦᠪᠰᠢᠨ ᠲᠠᠬᠢᠯᠭ᠎ᠠ ᠵᠢᠨ ᠤᠬᠠᠭᠤᠯᠭ᠎ᠠ ᠵᠢᠨ ᠠ᠋ᠷᠴᠢᠮ᠎ᠢ ᠴᠢᠩᠭ᠋ᠠᠷᠠᠭᠤᠯᠵᠤ᠂ ᠤᠷᠢᠳᠴᠢᠯᠠᠨ ᠪᠣᠯᠵᠣᠬᠤ ᠠᠷᠭ᠎ᠠ ᠮᠠᠶᠢᠭ᠎ᠪᠠᠨ ᠨᠡᠢ᠌ᠲᠡᠯᠡᠬᠦ᠂ ᠪᠣᠯᠪᠠᠰᠤᠨ ᠲᠠᠬᠢᠯᠭ᠎ᠠ ᠵᠢ ᠰᠠᠨᠠᠭ᠋ᠠᠴᠢᠯᠠᠵᠤ᠂ ᠣᠯᠠᠨ ᠬᠡᠯᠪᠡᠷᠢ ᠵᠢᠨ ᠲᠠᠬᠢᠯᠭ᠎ᠠ ᠵᠢᠨ ᠦᠢᠯᠡᠴᠢᠯᠡᠭᠡ ᠵᠢ ᠬᠠᠩᠭ᠋ᠠᠬᠤ ᠬᠡᠷᠡᠭᠲᠡᠶ᠃ ᠭᠤᠷᠪᠠ᠎ᠳᠤ᠂ ᠤᠷᠢᠳᠴᠢᠯᠠᠨ ᠪᠣᠯᠵᠣᠬᠤ ᠬᠡᠮᠵᠢᠶ᠎ᠡ᠎ᠪᠠᠨ ᠨᠡᠮᠡᠭᠳᠡᠭᠦᠯᠵᠦ᠂ ᠴᠠᠭ ᠬᠤᠭᠤᠴᠠᠭ᠎ᠠ ᠵᠢ ᠤᠷᠲᠤᠳᠬᠠᠨ᠂ ᠣᠯᠠᠨ ᠲᠦᠮᠡᠨ᠎ᠤ ᠬᠦᠷᠢᠶᠡᠯᠡᠩ᠎ᠳᠤ ᠣᠷᠣᠵᠤ ᠲᠠᠬᠢᠯᠭ᠎ᠠ ᠬᠢᠬᠦ ᠬᠡᠷᠡᠭᠴᠡᠭᠡ ᠵᠢ ᠬᠠᠩᠭ᠋ᠠᠬᠤ ᠬᠡᠷᠡᠭᠲᠡᠶ᠃ ᠳᠥᠷᠪᠡ᠎ᠳᠤ᠂ ᠬᠣᠷᠢᠭ᠎ᠠ ᠱᠤᠭᠤᠮ᠎ᠤᠨ ᠰᠡᠳᠬᠢᠬᠦᠶ ᠵᠢ ᠪᠠᠷᠢᠮᠲᠠᠯᠠᠵᠤ᠂ ᠪᠠᠢ᠌ᠳᠠᠯ᠎ᠢ ᠬᠠᠮᠤᠭ᠎ᠤᠨ ᠪᠤᠳᠤᠯᠢᠶᠠᠨᠲᠠᠶ ᠵᠦᠭ ᠲᠥᠰᠦᠭᠡᠯᠡᠨ ᠤᠷᠢᠳᠴᠢᠯᠠᠨ ᠮᠠᠭ᠋ᠠᠳᠯᠠᠵᠤ ᠤᠷᠢᠳᠴᠢᠯᠠᠨ ᠲᠣᠭᠲᠠᠭ᠋ᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠦᠢ᠍ᠯᠡᠴᠢᠯᠡᠭᠡᠨ᠎ᠤ ᠪᠡᠯᠡᠳᠬᠡᠯ ᠲᠥᠰᠦᠯ᠎ᠢ ᠲᠣᠭᠲᠠᠭ᠋ᠠᠨ ᠲᠡᠭᠦᠯᠳᠡᠷᠵᠢᠭᠦᠯᠬᠦ ᠬᠡᠷᠡᠭᠲᠡᠶ᠃ ᠲᠠᠪᠤ᠎ᠳᠤ᠂ ᠠᠵᠢᠯᠲᠠᠨ᠎ᠢ ᠢᠯᠡᠭᠦᠬᠡᠨ ᠲᠣᠬᠢᠷᠠᠭᠤᠯᠵᠤ᠂ ᠬᠦᠷᠢᠶᠡᠯᠡᠩ᠎ᠳᠤ ᠣᠷᠣᠬᠤ ᠳᠠᠩᠰᠠᠯᠠᠯ᠂ ᠪᠡᠶ᠎ᠡ ᠵᠢᠨ ᠳᠤᠯᠠᠭ᠋ᠠᠨ᠎ᠢ ᠬᠡᠮᠵᠢᠬᠦ ᠵᠡᠷᠭᠡ ᠠᠵᠢᠯ᠎ᠢ ᠨᠠᠷᠢᠯᠢᠭ ᠣᠨᠣᠴᠠᠲᠠᠶ᠎ᠪᠠᠷ ᠲᠦᠷᠭᠡᠨ ᠭᠦᠢᠴᠡᠳᠬᠡᠵᠦ᠂ ᠬᠦᠷᠢᠶᠡᠯᠡᠩ᠎ᠳᠤ ᠰᠠᠭ᠋ᠠᠳ ᠦᠭᠡᠢ ᠣᠷᠣᠨ᠂ ᠬᠦᠮᠤᠨ ᠣᠯᠠᠨ᠂ ᠳᠠᠩᠰᠠᠯᠠᠬᠤ᠎ᠨᠢ ᠤᠳᠠᠭ᠋ᠠᠨ᠂ ᠣᠷᠣᠵᠤ ᠳᠡᠢ᠌ᠯᠬᠦ ᠦᠭᠡᠢ ᠵᠡᠷᠭᠡ ᠬᠦᠷᠢᠶᠡᠯᠡᠩ᠎ᠳᠤ ᠣᠷᠣᠬᠤ ᠬᠥᠮᠦᠰ᠎ᠤᠨ ᠪᠠᠴᠢᠮᠳᠠᠨ ᠰᠠᠨᠳᠤᠷᠬᠤ ᠦᠵᠡᠭᠳᠡᠯ᠎ᠢ ᠰᠡᠷᠭᠡᠢ᠌ᠯᠡᠬᠦ ᠬᠡᠷᠡᠭᠲᠡᠶ᠃ ᠵᠢᠷᠭᠤᠭ᠎ᠠ᠎ᠳᠤ᠂ ᠬᠦᠷᠢᠶᠡᠯᠡᠩ᠎ᠳᠤ ᠣᠷᠣᠬᠤ᠎ᠪᠠᠷ ᠤᠷᠢᠳᠴᠢᠯᠠᠨ ᠪᠣᠯᠵᠣᠭᠰᠠᠨ ᠥᠬᠡᠶ ᠬᠥᠮᠦᠰ᠎ᠢ ᠣᠮᠲᠣᠭ᠋ᠠᠢ᠌ᠯᠠᠵᠤ ᠪᠣᠯᠬᠤ ᠦᠭᠡᠢ᠂ ᠨᠠᠩ ᠴᠤ᠌ ᠳᠥᠭᠥᠮᠬᠡᠨ ᠵᠶ᠋ᠡᠷ ᠬᠠᠰᠢᠨ ᠬᠣᠷᠢᠭᠯᠠᠵᠤ ᠪᠣᠯᠬᠤ ᠥᠬᠡᠶ᠂ ᠬᠦᠷᠢᠶᠡᠯᠡᠩ᠎ᠳᠤ᠎ᠬᠢ ᠬᠥᠮᠦᠰ᠎ᠤᠨ ᠲᠣᠭ᠎ᠠ ᠵᠡᠷᠭᠡ ᠪᠠᠢ᠌ᠳᠠᠯ᠎ᠢ ᠦᠵᠡᠵᠦ ᠪᠠᠢ᠌ᠭ᠋ᠠᠳ ᠬᠦᠷᠢᠶᠡᠯᠡᠩ᠎ᠳᠤ ᠣᠷᠣᠭᠤᠯᠤᠨ᠂ ᠠᠷᠭ᠎ᠠ ᠪᠦᠬᠦᠨ᠎ᠢ ᠰᠦᠪᠡᠭᠴᠢᠯᠡᠨ ᠣᠯᠠᠨ ᠲᠦᠮᠡᠨ᠎ᠤ ᠲᠠᠬᠢᠯᠭ᠎ᠠ ᠵᠢᠨ ᠬᠡᠷᠡᠭᠴᠡᠭᠡ ᠵᠢ ᠬᠠᠩᠭ᠋ᠠᠬᠤ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠹᠸᠩ ᠬᠤ᠌ ᠾᠧ᠂ ᠬᠥᠬᠡᠬᠣᠲᠠ ᠵᠢᠨ ᠳᠡᠳ᠋ ᠬᠣᠲᠠ ᠵᠢᠨ ᠳᠠᠷᠤᠭ᠎ᠠ ᠰᠢᠤᠢ ᠷᠦᠢ ᠰᠢᠶᠠ᠂ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠣᠯᠪᠣᠭᠳᠠᠯ ᠪᠥᠬᠥᠶ ᠬᠥᠮᠦᠰ ᠪᠠᠢ᠌ᠴᠠᠭ᠋ᠠᠨ ᠰᠤᠳᠤᠯᠬᠤ᠎ᠳᠤ ᠣᠷᠣᠯᠴᠠᠪᠠ᠃


ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠢᠩᠬᠢᠮ ᠵᠢᠨ ᠳᠡᠳ᠋ ᠳᠠᠷᠤᠭ᠎ᠠ ᠹᠧᠩ ᠬᠤ᠌ ᠾᠧ ᠨᠠᠷ ᠪᠠᠶᠠᠨᠨᠠᠭᠤᠷ ᠬᠣᠲᠠ᠎ᠳᠤ ᠬᠦᠷᠴᠦ ᠠᠵᠢᠯ ᠪᠠᠢ᠌ᠴᠠᠭ᠋ᠠᠵᠤ ᠵᠢᠯᠣᠭᠣᠳᠪᠠ
ᠰᠤᠶᠤᠯ ᠨᠠᠷ ᠤᠯᠠᠭ᠋ᠠᠨᠴᠠᠪ ᠬᠤᠳᠠ᠎ᠳᠤ ᠬᠦᠷᠴᠦ ᠠᠵᠢᠯ ᠪᠠᠢ᠌ᠴᠠᠭ᠋ᠠᠵᠤ ᠵᠢᠭ᠋ᠠᠨ ᠵᠢᠯᠣᠭᠣᠳᠪᠠ
ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠴᠡᠩᠭᠡᠯᠳᠦ ᠨᠦᠬᠦᠷ ᠪᠤᠭᠤᠲᠤ ᠬᠤᠳᠠ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ ᠵᠢᠯᠣᠭᠣᠳᠪᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠴᠡᠩᠭᠡᠯᠳᠦ ᠪᠦᠯᠬᠦᠮ ᠵᠶ᠋ᠠᠨ ᠳᠠᠭ᠋ᠠᠭᠤᠯᠤᠨ ᠦᠭᠡᠷ᠎ᠡ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠪᠡᠢ ᠯᠢᠡᠭ ᠰᠢᠶᠦᠦ ᠄ ᠠ᠋ᠡᠭ ᠎ᠤᠨ ᠤᠢ᠍ᠭᠡ ᠶᠡᠷᠦ ᠵᠢᠠ ᠬᠦᠳᠡᠯᠭᠡᠭᠡᠠ᠎ᠨᠢ ᠡᠪᠡᠦᠡᠴᠢᠳᠡᠠ᠎ᠤ ᠵᠤᠷᠢᠬ᠎ᠢ ᠬᠦᠪᠴᠢᠯᠡᠳᠡᠭ
 
            