9 ᠳ᠋ᠤᠬᠡᠷ ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠠᠷᠠᠳ᠎ᠤᠨ ᠶᠠᠪᠤᠳᠠᠯ᠎ᠤᠨ ᠶᠠᠮᠤᠨ ᠠᠷᠪᠠᠨ ᠨᠢᠭᠡᠳᠦᠭᠡᠷ ᠬᠤᠭᠤᠴᠠᠭ᠋ᠠᠨ᠎ᠤ 《ᠳᠤᠮᠳᠠᠳᠤ ᠵᠢᠨ ᠨᠢᠭᠦᠯᠡᠰᠦᠩᠭᠦᠶ ᠵᠢᠨ ᠱᠠᠩᠨᠠᠯ》᠎ᠢ ᠰᠢᠯᠭ᠋ᠠᠷᠠᠭᠤᠯᠵᠤ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷ᠎ᠡ ᠪᠦᠬᠦ ᠤᠯᠤᠰ᠎ᠤᠨ ᠨᠢᠭᠦᠯᠡᠰᠦᠩᠭᠦᠶ ᠵᠢᠨ ᠦᠢ᠍ᠯᠡᠰ᠎ᠤᠨ ᠣᠷᠣᠨ ᠪᠦᠰᠡ ᠵᠢᠨ᠎ᠬᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠠᠵᠢᠯ᠎ᠳᠤ ᠢᠳᠡᠪᠬᠢ ᠬᠤᠪᠢ ᠨᠡᠮᠡᠷᠢ ᠦᠵᠡᠬᠦᠯᠦᠭᠰᠡᠨ ᠨᠢᠭᠡᠴᠢ᠂ ᠬᠤᠪᠢ ᠬᠥᠮᠦᠨ᠂ ᠨᠢᠭᠦᠯᠡᠰᠦᠩᠭᠦᠶ ᠵᠢᠨ ᠲᠦᠷᠤᠯ ᠵᠦᠢ᠍ᠯ ᠵᠡᠷᠭᠡ ᠵᠢ ᠬᠦᠬᠢᠬᠦᠯᠤᠨ ᠰᠠᠢ᠌ᠰᠢᠶᠠᠪᠠ᠃ ᠮᠠᠨ᠎ᠤ ᠣᠷᠣᠨ᠎ᠤ ᠥᠪᠥᠷ ᠮᠣᠩᠭᠣᠯ᠎ᠤᠨ ᠮᠸᠡᠭ ᠨᠢᠤ ᠪᠦᠯᠦᠭᠯᠡᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠢᠯᠢ ᠠᠵᠤ ᠦᠢ᠍ᠯᠡᠰ᠎ᠤᠨ ᠪᠦᠯᠦᠭᠯᠡᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠬᠡ 2 ᠠᠵᠤ ᠠᠬᠤᠶ᠋ᠢᠯᠠᠯ 《ᠬᠠᠨᠳᠢᠪ ᠡᠷᠬᠦᠭᠰᠡᠨ ᠠᠵᠤ ᠠᠬᠤᠶ᠋ᠢᠯᠠᠯ᠎ᠤᠨ ᠱᠠᠡᠭᠨᠠᠯ》᠎ᠢ ᠬᠦᠷᠳᠡᠯ᠎ᠡ᠃
ᠲᠣᠰ ᠤᠳᠠᠭ᠋ᠠᠨ᠎ᠤ ᠶᠡᠬᠡ ᠬᠤᠷᠠᠯ᠎ᠢ ᠸᠢᠳᠢᠣ᠋ ᠬᠡᠯᠪᠡᠷᠢ᠎ᠪᠠᠷ ᠬᠤᠷᠠᠯᠳᠤᠭᠤᠯᠵᠤ᠂ ᠭᠣᠤᠯ ᠬᠤᠷᠠᠯ᠎ᠤᠨ ᠲᠠᠯᠠᠪᠠᠶ ᠵᠢ ᠠᠷᠠᠳ᠎ᠤᠨ ᠶᠠᠪᠤᠳᠠᠯ᠎ᠤᠨ ᠶᠠᠮᠤᠨ᠎ᠳᠤ ᠲᠣᠬᠢᠷᠠᠭᠤᠯᠪᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠡᠰᠢᠭᠦᠨ ᠸᠠᠩ ᠶᠦᠩ᠂ ᠬᠣᠯᠪᠣᠭᠳᠠᠯ ᠪᠦᠬᠦᠢ ᠶᠠᠮᠤᠨ ᠵᠦᠪᠯᠡᠯ᠎ᠤᠨ ᠬᠠᠷᠢᠭᠤᠴᠠᠯᠭ᠋ᠠᠲᠠᠨ ᠨᠥᠬᠥᠳ᠂ ᠪᠡᠭᠡᠵᠢᠩ᠎ᠳᠤ ᠰᠠᠭᠤᠭ᠎ᠠ ᠠᠷᠪᠠᠨ ᠨᠢᠭᠡᠳᠦᠭᠡᠷ ᠬᠤᠭᠤᠴᠠᠭ᠋ᠠᠨ᠎ᠤ 《ᠳᠤᠮᠳᠠᠳᠤ ᠵᠢᠨ ᠨᠢᠭᠦᠯᠡᠰᠦᠩᠭᠦᠶ ᠵᠢᠨ ᠱᠠᠩᠨᠠᠯ》 ᠬᠦᠷᠳᠡᠭᠰᠡᠳ᠎ᠤᠨ ᠲᠥᠯᠥᠭᠡᠯᠡᠭᠴᠢ ᠨᠠᠷ ᠭᠤᠤᠯ ᠬᠤᠷᠠᠯ᠎ᠤᠨ ᠲᠠᠯᠠᠪᠤᠷ᠎ᠲᠤ ᠬᠤᠷᠠᠯ᠎ᠳᠤ ᠤᠷᠤᠯᠴᠠᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠲᠡᠳ᠋ ᠰᠠᠢ᠌ᠳ ᠸᠠᠡᠭ ᠠᠢ ᠸᠸᠨ ᠱᠠᠡᠭᠨᠠᠯ ᠤᠯᠭᠤᠬᠤ ᠰᠢᠢ᠍ᠳᠪᠤᠷᠢ ᠵᠢ ᠤᠩᠰᠢᠨ ᠵᠠᠷᠯᠠᠵᠤ᠂᠂ ᠱᠠᠩᠨᠠᠯ ᠣᠯᠤᠭᠰᠠᠨ ᠳᠥᠷᠪᠡᠨ ᠲᠥᠯᠥᠭᠡᠯᠡᠭᠴᠢ ᠨᠡᠶ᠋ᠢᠲᠡᠯᠢᠭ ᠦᠢ᠍ᠯᠨ ᠠᠵᠢᠯᠯᠠᠭ᠎ᠠ ᠵᠢᠨ ᠲᠤᠬᠠᠢ ᠢᠯᠡᠳᠬᠡᠯ ᠬᠢᠵᠤ᠂ ᠵᠧᠵᠢᠶᠠᠩ᠂ ᠬᠤᠪᠸᠢ ᠬᠤᠶᠠᠷ ᠮᠤᠵᠢ ᠵᠢᠨ᠎ᠬᠢᠨ ᠲᠤᠷᠰᠢᠯᠭ᠎ᠠ᠎ᠪᠠᠨ ᠲᠠᠨᠢᠯᠴᠠᠭᠤᠯᠤᠨ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠭᠡᠰᠢᠭᠦᠨ ᠸᠠᠩ ᠶᠦᠩ ᠨᠢᠭᠦᠯᠡᠰᠦᠩᠭᠦᠶ ᠵᠢᠨ ᠦᠢ᠍ᠯᠡᠰ᠎ᠤᠨ ᠬᠥᠭᠵᠢᠯᠲᠡ ᠵᠢ ᠤᠯᠠᠮ ᠠᠬᠢᠭᠤᠯᠬᠤ ᠲᠤᠬᠠᠢ ᠲᠤᠬᠢᠷᠠᠭᠤᠯᠤᠨ ᠪᠠᠢ᠌ᠷᠢᠯᠠᠭᠤᠯᠤᠬᠰᠠᠨ ᠪᠠᠢ᠌ᠨ᠎ᠠ᠃ ᠠᠷᠠᠳ᠎ᠤᠨ ᠶᠠᠪᠤᠳᠠᠯ ᠶᠠᠮᠤᠨ᠎ᠤ ᠲᠠᠷᠤᠭ᠎ᠠ ᠯᠢ ᠵᠢᠢ ᠡᡁᠸᠩ ᠶᠡᠬᠡ ᠬᠤᠷᠠᠯ᠎ᠢ ᠡᠷᠬᠢᠯᠡᠭᠰᠡᠨ ᠪᠥᠭᠡᠳ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠱᠠᠭ᠋ᠠᠷᠳᠠᠯᠭ᠎ᠠ ᠳᠤᠷᠠᠳᠴᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ
ᠮᠤᠵᠢ ᠵᠢᠨ ᠲᠡᠰ᠎ᠤᠨ ᠬᠤᠪᠢᠶᠠᠷᠢ ᠬᠤᠷᠠᠯ᠎ᠤᠨ ᠲᠠᠯᠠᠪᠠᠢ ᠭᠠᠷᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠠᠷᠤᠭ᠎ᠠ ᠵᠢᠶᠠᠩ ᠬᠣᠩ᠂ ᠲᠢᠩᠬᠢᠮ᠎ᠤᠨ ᠲᠡᠳ᠋ ᠳᠠᠷᠤᠭ᠎ᠠ ᠬᠥᠩ ᠸᠧᠶ ᠴᠦᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠤᠷᠢ ᠬᠤᠳᠠᠯᠳᠤᠭ᠋ᠠᠨ᠎ᠤ ᠬᠣᠯᠪᠣᠭ᠋ᠠᠲᠤ ᠬᠤᠷᠠᠯ᠎ᠤᠨ ᠳᠡᠳ᠋ ᠲᠡᠷᠢᠭᠦᠯᠡᠭᠴᠢ ᠾᠧ ᠯᠢ ᠵᠢᠶᠦ᠋ᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠳᠡᠳ᠋ ᠳᠠᠷᠤᠭ᠎ᠠ ᠴᠧᠨ ᠯᠢ ᠪᠸᠨ᠂ ᠥᠪᠥᠷ ᠮᠣᠩᠭᠣᠯ᠎ᠤᠨ ᠢᠯᠢ ᠠᠵᠤ ᠦᠢ᠍ᠯᠡᠰ᠎ᠤᠨ ᠪᠦᠯᠦᠭᠯᠡᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠳᠡᠳ᠋ ᠶᠡᠷᠦᠩᠬᠡᠶ ᠲᠠᠭ᠋ᠠᠭ᠋ᠠᠮᠠᠯ ᠰᠢᠤᠢ ᠺᠸ᠂ ᠡᠯ᠎ᠡ ᠲᠠᠨᠢᠯᠴᠠᠭᠤᠯᠤᠬᠳᠠᠬᠰᠠᠨ ᠨᠢᠬᠡᠴᠢ ᠪᠤᠯᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠳᠠᠨ ᠨᠦᠬᠦᠳ ᠥᠪᠥᠷ ᠮᠣᠩᠭᠣᠯ᠎ᠤᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠤᠷᠤᠯᠴᠠᠯ᠎ᠠ᠃
《ᠳᠤᠮᠳᠠᠳᠤ ᠵᠢᠨ ᠨᠢᠭᠦᠯᠡᠰᠦᠩᠭᠦᠶ ᠵᠢᠨ ᠱᠠᠩᠨᠠᠯ》 ᠪᠣᠯ ᠣᠳᠣᠬᠠᠨ᠎ᠤ ᠮᠠᠨ᠎ᠤ ᠤᠯᠤᠰ᠎ᠤᠨ ᠨᠢᠭᠦᠯᠡᠰᠦᠩᠭᠦᠶ ᠵᠢᠨ ᠬᠠᠮᠤᠭ ᠥᠨᠳᠥᠷ ᠱᠠᠩᠨᠠᠯ᠂ ᠬᠣᠶᠠᠷ ᠵᠢᠯ᠎ᠳᠤ ᠨᠢᠭᠡ ᠤᠳᠠᠭ᠎ᠠ ᠰᠢᠯᠭ᠋ᠠᠷᠠᠭᠤᠯᠵᠤ ᠬᠥᠬᠢᠭᠦᠯᠦᠨ᠎ᠡ᠂ ᠵᠤᠷᠢᠯᠭ᠎ᠠ᠎ᠨᠢ ᠮᠠᠨ᠎ᠤ ᠤᠯᠤᠰ᠎ᠤᠨ ᠨᠢᠭᠦᠯᠡᠰᠦᠩᠭᠦᠶ ᠵᠢᠨ ᠠᠵᠢᠯᠯᠠᠭ᠎ᠠ ᠵᠢᠨ ᠳᠤᠮᠳᠠ ᠦᠢ᠍ᠯᠡ ᠠᠵᠢᠯᠯᠠᠭ᠎ᠠ᠎ᠨᠢ ᠲᠣᠪᠣᠶ᠋ᠢᠮ᠎ᠠ᠂ ᠨᠦᠯᠦᠬᠡ ᠲᠤᠰᠬᠠᠯ᠎ᠨᠢ ᠥᠷᠭᠡᠨ ᠳᠡᠯᠭᠡᠷ ᠨᠢᠬᠡᠴᠢ᠂ ᠬᠤᠪᠢ ᠬᠥᠮᠦᠨ᠂ ᠰᠠᠢ᠍ᠢ᠍ᠨ ᠲᠤᠷᠠᠴᠤᠤᠯ᠎ᠤᠨ ᠦᠢ᠍ᠯᠡᠴᠢᠯᠡᠬᠡ ᠵᠡᠷᠭᠡ ᠬᠠᠶ᠋ᠢᠷ᠎ᠠ ᠬᠠᠯᠠᠮᠵᠢ ᠵᠢᠨ ᠪᠦᠯᠬᠦᠮ ᠪᠠ ᠨᠢᠭᠦᠯᠡᠰᠦᠩᠭᠦᠶ ᠵᠢᠨ ᠲᠦᠷᠤᠯ ᠵᠦᠢ᠍ᠯ᠎ᠢ ᠬᠦᠬᠢᠬᠦᠯᠬᠦ ᠶᠠᠪᠤᠳᠠᠯ ᠪᠤᠯᠤᠨ᠎ᠠ᠃
ᠲᠣᠰ ᠤᠳᠠᠭ᠎ᠠ ᠱᠠᠩᠨᠠᠯ ᠭᠥᠷᠳᠡᠭᠰᠡᠨ ᠥᠪᠥᠷ ᠮᠣᠩᠭᠣᠯ᠎ᠤᠨ ᠮᠸᠡᠭ ᠨᠢᠤ ᠰᠦᠨ᠎ᠤ ᠦᠢ᠍ᠯᠡᠰ᠎ᠤᠨ ᠪᠦᠯᠦᠭᠯᠡᠯ᠎ᠤᠨ ᠬᠢᠵᠠᠭ᠋ᠠᠷᠳᠤ ᠺᠣᠮᠫᠠᠨᠢ 2020 ᠣᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠨᠡᠶ᠋ᠢᠲᠡ 7.4 ᠳ᠋ᠦᠡᠭᠰᠢᠭᠤᠷ ᠲᠦᠬᠦᠷᠢᠭ᠎ᠤᠨ ᠵᠤᠭᠤᠰ ᠮᠦᠡᠭᠭᠦ ᠪᠠ ᠡᠳ᠋ ᠪᠤᠳᠠᠰ ᠪᠡᠯᠡᠭᠯᠡᠵᠤ᠂ ᠥᠪᠥᠷ ᠮᠣᠩᠭᠣᠯ᠎ᠤᠨ ᠢᠯᠢ ᠠᠵᠤ ᠦᠢ᠍ᠯᠡᠰ᠎ᠤᠨ ᠪᠦᠯᠦᠭᠯᠡᠯ᠎ᠤᠨ ᠬᠤᠪᠢ ᠤᠷᠤᠭᠤᠯᠤᠬᠰᠠᠨ ᠬᠢᠵᠠᠭ᠋ᠠᠷᠳᠤ ᠺᠣᠮᠫᠠᠨᠢ ᠨᠡᠶ᠋ᠢᠲᠡ 2.6 ᠳ᠋ᠦᠩᠰᠢᠭᠤᠷ ᠲᠥᠭᠥᠷᠢᠭ᠎ᠤᠨ ᠵᠣᠭᠣᠰ ᠮᠥᠩᠭᠥ᠂ ᠡᠳ᠋ ᠪᠣᠳᠠᠰ ᠬᠠᠨᠳᠢᠪᠯᠠᠵᠤ᠂ ᠪᠥᠬᠥ ᠤᠯᠤᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠶᠤᠮ᠃