ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠷᠠᠳ᠎ᠤᠨ ᠶᠠᠪᠤᠳᠠᠯ᠎ᠤᠨ ᠶᠠᠮᠤᠨ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠬᠤᠩᠱ᠌ᠠᠨ ᠲᠣᠭᠣᠷᠢᠭ ᠵᠡᠷᠭᠡ ᠭᠠᠵᠠᠷ᠎ᠢ ᠪᠦᠬᠦ ᠤᠯᠤᠰ᠎ᠤᠨ ᠤᠷᠤᠭ᠎ᠤᠨ ᠵᠠᠡᠭᠰᠢᠯ᠎ᠤᠨ ᠦᠬᠡᠷᠡᠴᠢᠯᠡᠯᠳᠡ ᠵᠢᠨ ᠬᠤᠶᠠᠳᠠᠬᠢ ᠪᠦᠯᠦᠭ ᠲᠤᠷᠰᠢᠯᠳᠠ ᠵᠢᠨ ᠲᠤᠭᠤᠷᠢᠭ ᠵᠶ᠋ᠡᠷ ᠲᠤᠬᠳᠠᠭ᠋ᠠᠪᠠ
ᠨᠡᠶᠢᠲᠡᠯᠡᠭᠰᠡᠨ ᠴᠠᠭ᠄ 2021-10-25

 
    ᠤᠢ᠌ᠷ᠎ᠠ᠎ᠳᠤ 《ᠠᠷᠠᠳ᠎ᠤᠨ ᠶᠠᠪᠤᠳᠠᠯ᠎ᠤᠨ ᠶᠠᠮᠤᠨ ᠾᠸᠪᠸᠢ ᠮᠤᠵᠢ ᠵᠢᠨ ᠬᠠᠨᠳᠠᠨ ᠬᠤᠳᠠ ᠵᠢᠨ ᠹᠸᠢ ᠰᠢᠶᠠᠡᠭ ᠲᠣᠭᠣᠷᠢᠭ ᠵᠡᠷᠭᠡ ᠨᠢᠭᠡᠴᠡ ᠵᠢ ᠪᠦᠬᠦ ᠤᠯᠤᠰ᠎ᠤᠨ ᠤᠷᠤᠭ᠎ᠤᠨ ᠵᠠᠡᠭᠰᠢᠯ᠎ᠤᠨ ᠦᠬᠡᠷᠡᠴᠢᠯᠡᠯᠳᠡ ᠵᠢᠨ ᠬᠣᠶᠠᠳᠤᠭ᠋ᠠᠷ ᠪᠦᠯᠦᠭ ᠲᠤᠷᠰᠢᠯᠳᠠ ᠵᠢᠨ ᠤᠷᠤᠨ ᠪᠤᠯᠭ᠋ᠠᠬᠤ ᠲᠤᠬᠠᠢ ᠵᠦᠪᠰᠢᠶᠡᠷᠡᠯ》᠎ᠢ ᠬᠡᠪᠯᠡᠬᠦᠯᠤᠨ ᠲᠠᠷᠬᠠᠭ᠋ᠠᠵᠤ᠂ ᠾᠸᠪᠸᠢ ᠮᠤᠵᠢ ᠵᠢᠨ ᠬᠠᠨᠳᠠᠨ ᠬᠤᠳᠠ ᠵᠢᠨ ᠹᠸᠢ ᠰᠢᠶᠠᠡᠭ ᠲᠣᠭᠣᠷᠢᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠬᠤᠩᠱ᠌ᠠᠨ ᠲᠣᠭᠣᠷᠢᠭ ᠵᠡᠷᠭᠡ 17 ᠰᠢᠶᠠᠨ (ᠬᠤᠳᠠ᠂ ᠲᠤᠭᠤᠷᠢᠭ)᠎ᠢ ᠪᠦᠬᠦ ᠤᠯᠤᠰ᠎ᠤᠨ ᠤᠷᠤᠭ᠎ᠤᠨ ᠵᠠᠡᠭᠰᠢᠯ ᠦᠬᠡᠷᠡᠴᠢᠯᠡᠯᠳᠡ ᠵᠢᠨ ᠬᠤᠶᠠᠳᠠᠬᠢ ᠪᠦᠯᠦᠭ ᠲᠤᠷᠰᠢᠯᠳᠠ ᠵᠢᠨ ᠲᠤᠭᠤᠷᠢᠭ ᠵᠶ᠋ᠡᠷ ᠲᠤᠬᠳᠠᠭ᠋ᠠᠯ᠎ᠠ᠃ ᠲᠤᠷᠰᠢᠯᠲᠠ ᠵᠢᠨ ᠬᠤᠭᠤᠴᠠᠭ᠎ᠠ᠎ᠨᠢ 3 ᠵᠢᠯ᠂ 2021 ᠣᠨ᠎ᠤ 9 ᠳ᠋ᠤᠬᠡᠷ ᠰᠠᠷ᠎ᠠ᠎ᠠᠴᠠ ᠡᠬᠢᠯᠡᠵᠦ 2024 ᠣᠨ᠎ᠤ 9 ᠰᠠᠷ᠎ᠠ᠎ᠳᠤ ᠲᠠᠭᠤᠰᠬᠤ ᠪᠤᠯᠤᠨ᠎ᠠ᠃
  ᠰᠢ ᠵᠢᠨ ᠫᠢᠩ ᠶᠡᠷᠦᠩᠬᠡᠶ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠤᠰᠤᠭ᠋ᠠᠷ᠂ ᠦᠨᠤ ᠵᠢᠯ 4 ᠳ᠋ᠤᠬᠡᠷ ᠰᠠᠷ᠎ᠠ᠎ᠳᠤ ᠠᠷᠠᠳ᠎ᠤᠨ ᠶᠠᠪᠤᠳᠠᠯ᠎ᠤᠨ ᠶᠠᠮᠤᠨ ᠪᠥᠬᠥ ᠤᠯᠤᠰ᠎ᠤᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠠᠡᠭᠬᠠᠨ᠎ᠤ ᠪᠦᠯᠦᠭ ᠲᠤᠷᠰᠢᠯᠳᠠ ᠵᠢ 15 ᠲᠤᠭᠤᠷᠢᠭ᠎ᠲᠤ ᠬᠡᠷᠡᠭᠵᠢᠬᠦᠯᠵᠤ᠂  ᠤᠷᠤᠭ ᠬᠤᠷᠢᠮ᠎ᠤᠨ ᠰᠣᠶᠣᠯ᠎ᠤᠨ ᠠᠴᠢᠶᠠᠯᠠᠪᠤᠷᠢ ᠵᠢᠨ ᠰᠢᠨ᠎ᠡ ᠵᠢ ᠡᠬᠦᠳᠬᠦ᠎ᠪᠠᠷ ᠳᠠᠮᠵᠢᠭᠤᠯᠤᠨ  ᠵᠠᠯᠠᠭᠤᠴᠤᠳ᠎ᠤᠨ ᠤᠷᠤᠭ ᠬᠤᠷᠢᠮ᠎ᠤᠨ ᠦᠵᠡᠯᠲᠡ᠂ ᠭᠡᠷ ᠪᠦᠯᠢ ᠵᠢᠨ ᠦᠵᠡᠯᠳᠡ ᠵᠢᠨ ᠬᠦᠮᠤᠵᠢᠯ᠎ᠢ ᠬᠥᠲᠥᠯᠥᠨ ᠵᠢᠯᠣᠭᠣᠳᠴᠤ᠂ ᠤᠷᠤᠭ ᠬᠤᠷᠢᠮ᠎ᠤᠨ ᠪᠤᠯᠬᠢ ᠵᠠᠡᠭᠰᠢᠯ᠂ ᠰᠦᠢ ᠵᠢᠨ ᠪᠡᠯᠡᠭ ᠶᠡᠬᠡ᠎ᠪᠠᠷ ᠠᠪᠬᠤ ᠵᠡᠷᠬᠡ ᠨᠡᠢ᠌ᠬᠡᠮ᠎ᠤᠨ ᠲᠦᠪ ᠪᠤᠰᠤ ᠰᠤᠷᠳᠠᠯ᠎ᠢ ᠴᠡᠪᠡᠷᠯᠡᠵᠤ᠂ ᠤᠷᠤᠭ ᠬᠡᠷ ᠪᠦᠯᠢ ᠵᠢᠨ ᠵᠤᠯ ᠵᠢᠷᠭ᠋ᠠᠯ᠂ ᠲᠤᠬᠳᠠᠭᠤᠨ᠎ᠢ ᠪᠠᠳᠤᠯᠠᠬᠤ᠎ᠳᠤ ᠲᠤᠰᠠᠯᠠᠬᠤ ᠪᠤᠯᠤᠨ᠎ᠠ᠃ ᠲᠤᠷᠰᠢᠯᠳᠠ ᠵᠢᠨ ᠴᠡᠭ᠎ᠤᠨ ᠠᠵᠢᠯ ᠲᠤᠪᠤᠢ᠌ᠮ᠎ᠠ ᠠᠮᠵᠢᠯᠳᠠ ᠤᠯᠵᠤ᠂ ᠤᠯᠠᠨ ᠲᠦᠮᠡᠨ᠎ᠤ ᠬᠦᠷᠢᠶᠡᠯᠡᠯ᠎ᠢ ᠤᠯᠵᠤ᠂ ᠨᠡᠢ᠌ᠬᠡᠮ᠎ᠤᠨ ᠡᠯ᠎ᠡ ᠡᠳᠡᠬᠡᠳ᠎ᠤᠨ᠎ᠬᠢᠨ᠎ᠳᠤ ᠬᠦᠷᠢᠶᠡᠯᠡᠭᠳᠡᠨ᠂ ᠢᠳᠡᠪᠬᠢᠳᠡᠢ ᠨᠡᠢ᠌ᠬᠡᠮ᠎ᠤᠨ ᠦᠷ᠎ᠡ ᠠᠰᠢᠭ ᠤᠯᠤᠬᠰᠠᠨ ᠪᠠᠢ᠌ᠯ᠎ᠠ᠃
  ᠣᠷᠣᠨ ᠨᠤᠲᠤᠭ᠎ᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠵᠢᠯᠣᠭᠣᠳᠬᠤ ᠡᠷᠴᠢᠮ᠎ᠢ ᠴᠢᠡᠭᠭ᠋ᠠᠷᠠᠭᠤᠯᠵᠤ᠂ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠤᠨ ᠦᠷ᠎ᠡ ᠪᠦᠳᠦᠮᠵᠢ ᠵᠢ ᠦᠷᠬᠡᠳᠬᠡᠬᠦ ᠵᠢᠨ ᠲᠦᠯᠦᠬᠡ᠂ ᠦᠨᠤ ᠵᠢᠯ᠎ᠤᠨ 6 ᠳ᠋ᠤᠭ᠋ᠠᠷ ᠰᠠᠷ᠎ᠠ ᠵᠢᠨ ᠰᠡᠬᠦᠯᠴᠢ᠎ᠠᠴᠠ ᠨᠠᠭ᠋ᠠᠰᠢ᠂ ᠠᠷᠠᠳ᠎ᠤᠨ ᠶᠠᠪᠤᠳᠠᠯ᠎ᠤᠨ ᠶᠠᠮᠤᠨ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠬᠤᠶᠠᠳᠡᠬᠢ ᠪᠦᠯᠦᠭ ᠲᠤᠷᠰᠢᠯᠲᠠ ᠵᠢᠨ ᠲᠤᠭᠤᠷᠢᠭ᠎ᠤᠨ ᠨᠢᠭᠡᠴᠡ ᠵᠢᠨ ᠦᠨᠡᠯᠡᠨ ᠵᠢᠱ᠌ᠢᠬᠦ ᠠᠵᠢᠯ᠎ᠢ ᠦᠷᠨᠢᠬᠦᠯᠵᠤ᠂ 17 ᠭᠠᠵᠠᠷ᠎ᠢ  ᠤᠷᠤᠭ᠎ᠤᠨ ᠵᠡᠡᠭᠰᠢᠯ᠎ᠤᠨ ᠦᠬᠡᠷᠡᠴᠢᠯᠡᠯᠳᠡ ᠵᠢᠨ ᠬᠣᠶᠠᠳᠤᠭ᠋ᠠᠷ ᠪᠦᠯᠦᠭ ᠲᠤᠷᠰᠢᠯᠳᠠ ᠵᠢᠨ ᠲᠤᠭᠤᠷᠢᠭ ᠵᠶ᠋ᠡᠷ ᠰᠤᠡᠭᠭᠤᠵᠤ ᠂ ᠤᠷᠤᠭ᠎ᠤᠨ ᠵᠠᠡᠭᠰᠢᠯ᠎ᠤᠨ ᠦᠬᠡᠷᠡᠴᠢᠯᠡᠯᠳᠡ ᠵᠢᠨ ᠲᠤᠷᠰᠢᠯᠳᠠ ᠵᠢᠨ ᠲᠤᠭᠤᠷᠢᠭ᠎ᠤᠨ ᠪᠦᠷᠬᠦᠴᠨ ᠵᠢ ᠤᠯᠠᠮ ᠴᠠᠭ᠋ᠠᠰᠢᠳᠠ ᠨᠡᠮᠡᠭᠳᠡᠬᠦᠯᠦᠭᠰᠡᠨ ᠶᠤᠮ᠃ ᠲᠠᠷᠠᠭ᠋ᠠᠴᠢ ᠵᠢᠨ ᠠᠯᠬᠤᠮ᠎ᠳᠤ ᠠᠷᠠᠳ᠎ᠤᠨ ᠶᠠᠪᠤᠳᠠᠯ᠎ᠤᠨ ᠶᠠᠮᠤᠨ᠎ᠨᠢ ᠤᠷᠤᠭ᠎ᠤᠨ ᠵᠠᠡᠭᠰᠢᠯ᠎ᠤᠨ ᠦᠬᠡᠷᠡᠴᠢᠯᠡᠯᠳᠡ ᠵᠢᠨ ᠲᠤᠷᠰᠢᠯᠳᠠ ᠵᠢᠨ ᠲᠤᠭᠤᠷᠢᠭ᠎ᠢ ᠵᠢᠯᠤᠭᠤᠳᠬᠤ ᠡᠷᠴᠢᠮ ᠵᠶ᠋ᠡᠨ ᠤᠯᠠᠮ ᠴᠢᠡᠭᠭ᠋ᠠᠷᠠᠭᠤᠯᠵᠤ᠂ ᠤᠷᠤᠭ᠎ᠤᠨ ᠵᠠᠡᠭᠰᠢᠯ᠎ᠤᠨ ᠦᠬᠡᠷᠡᠴᠢᠯᠡᠯᠳᠡ ᠵᠢᠨ ᠲᠤᠷᠰᠢᠯᠳᠠ ᠵᠢᠨ ᠲᠤᠭᠤᠷᠢᠭ᠎ᠤᠨ ᠰᠢᠨ᠎ᠡ ᠲᠤᠷᠰᠢᠯᠭ᠎ᠠ ᠵᠢ ᠳ᠋ᠦᠡᠭᠨᠡᠨ ᠲᠡᠯᠬᠡᠷᠡᠬᠦᠯᠵᠤ᠂ ᠰᠦᠢ ᠵᠢᠨ ᠪᠡᠯᠡᠭ ᠶᠡᠬᠡ᠎ᠪᠠᠷ ᠠᠪᠬᠤ ᠵᠡᠷᠬᠡ ᠬᠠᠭᠤᠴᠢᠨ ᠪᠤᠯᠬᠢ ᠵᠠᠡᠭᠰᠢᠯ᠎ᠢ ᠡᠪᠳᠡᠨ᠂ ᠰᠢᠨ᠎ᠡ ᠮᠠᠶᠢᠭ᠎ᠤᠨ ᠤᠷᠤᠭ ᠬᠤᠷᠢᠮ᠎ᠤᠨ ᠰᠤᠶᠤᠯ᠎ᠢ ᠢᠳᠡᠪᠬᠢᠳᠡᠢ ᠡᠬᠦᠳᠤᠨ ᠪᠠᠢ᠌ᠭᠤᠯᠬᠤ ᠪᠤᠯᠤᠨ᠎ᠠ᠃

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠠᠷᠪᠠᠨ ᠨᠢᠭᠡᠳᠦᠭᠡᠷ ᠬᠤᠭᠤᠴᠠᠭ᠋ᠠᠨ᠎ᠤ 《ᠳᠤᠮᠳᠠᠳᠤ ᠵᠢᠨ ᠨᠢᠭᠦᠯᠡᠰᠦᠩᠭᠦᠶ ᠵᠢᠨ ᠱᠠᠩᠨᠠᠯ》᠎ᠢ ᠰᠢᠯᠭ᠋ᠠᠷᠠᠭᠤᠯᠤᠨ ᠬᠥᠬᠢᠭᠦᠯᠬᠦ ᠶᠡᠬᠡ ᠬᠤᠷᠠᠯ ᠪᠡᠭᠡᠵᠢᠩ᠎ᠳᠤ ᠬᠤᠷᠠᠯᠳᠤᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠸᠡᠭ ᠨᠢᠦ᠂ ᠢᠯᠢ 《ᠬᠠᠨᠳᠢᠪ ᠡᠷᠬᠦᠭᠰᠡᠨ ᠠᠵᠤ ᠠᠬᠤᠶ᠋ᠢᠯᠠᠯ᠎ᠤᠨ ᠱᠠᠩᠨᠠᠯ》᠎ᠢ ᠭᠥᠷᠳᠡᠪᠡ
ᠦᠪᠡᠷᠳᠡᠭᠡᠨ ᠵᠠᠰᠠᠬᠤ ᠤᠷᠤᠨ᠎ᠤ ᠠᠷᠠᠳ ᠎ᠤᠨ ᠶᠠᠪᠤᠳᠠᠯ᠎ᠤᠨ ᠲᠢᠩᠬᠢᠮ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠤᠳᠤᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
ᠠᠮᠤᠷ ᠠᠮᠤᠭᠤᠯᠠᠩ ᠳᠤᠮᠳᠠᠳᠤ ᠤᠯᠤᠰ᠎ᠤᠨ ᠪᠠᠶ᠋ᠢᠭᠤᠯᠤᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠲᠡᠬᠡᠷ᠎ᠡ ᠮᠠᠨ᠎ᠤ ᠣᠷᠣᠨ᠎ᠤ 4 ᠬᠠᠮᠲᠤ 3 ᠬᠤᠪᠢ ᠬᠥᠮᠦᠨ ᠬᠦᠬᠢᠬᠦᠯᠦᠭᠳᠡᠯ᠎ᠡ
ᠤᠯᠠᠭ᠋ᠠᠨᠬᠠᠳᠠ ᠬᠤᠲᠠ ᠵᠢᠨ ᠲᠦᠷᠤ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ ᠵᠢ ᠯᠠᠪᠳᠠᠭᠤᠨ ᠵᠶ᠋ᠡᠷ ᠠᠬᠢᠭᠤᠯᠵᠤ ᠴᠡᠷᠢᠭ᠎ᠠᠴᠠ ᠬᠠᠯᠠᠭᠳᠠᠭᠰᠠᠳ᠎ᠤᠨ ᠤᠯᠪᠠᠰᠤ ᠵᠤᠬᠢᠬᠤ ᠬᠠᠷᠠᠭ᠋ᠠᠯᠵᠠᠯ᠎ᠢ ᠪᠠᠳᠤᠯᠠᠵᠤ ᠪᠠᠢ᠌ᠨ᠎ᠠ
ᠬᠡᠤᠬᠡᠳ᠎ᠤᠨ ᠠᠰᠠᠷᠠᠮᠵᠢ ᠵᠢᠨ ᠭᠠᠵᠠᠷ ᠪᠥᠬᠥ ᠤᠯᠤᠰ᠎ᠤᠨ ᠡᠮᠡᠭᠲᠡᠶ᠋ᠢᠴᠦᠳ ᠬᠡᠤᠬᠡᠳ᠎ᠤᠨ ᠡᠷᠬᠡ ᠠᠰᠢᠭ᠎ᠢ ᠬᠠᠮᠠᠭ᠋ᠠᠯᠠᠬᠰᠠᠨ ᠲᠠᠷᠢᠬᠦᠨ᠎ᠤ ᠬᠠᠮᠳᠤ ᠵᠢᠨ ᠴᠤᠯᠨ ᠬᠦᠷᠳᠡᠯ᠎ᠡ
 
            