ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠡᠷᠳᠡᠭᠡᠨ ᠵᠠᠰᠠᠬᠤ ᠤᠷᠤᠨ᠎ᠤ ᠠᠷᠠᠳ ᠎ᠤᠨ ᠶᠠᠪᠤᠳᠠᠯ᠎ᠤᠨ ᠲᠢᠩᠬᠢᠮ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠤᠳᠤᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄ 2021-11-22

    11 ᠳ᠋ᠤᠭᠡᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ ᠵᠶ᠋ᠠᠨ ᠰᠤᠳᠤᠯᠤᠨ ᠪᠠᠶ᠋ᠢᠷᠢᠯᠠᠭᠤᠯᠪᠠ᠃  ᠲᠢᠡᠭᠭᠢᠮ᠎ᠤᠨ ᠤᠳᠤᠷᠢᠳᠤᠯᠭ᠎ᠠ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠂ ᠲᠢᠩᠬᠢᠮ ᠎ᠤᠨ ᠪᠠᠶ᠋ᠢᠭᠤᠯᠭ᠎ᠠ ᠵᠢᠨ ᠪᠦᠬᠦ ᠺᠠᠳ᠋ᠷ ᠪᠣᠯᠤᠨ ᠰᠢᠭᠤᠳ ᠬᠠᠷᠢᠶ᠎ᠠ  ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠪᠠ᠃
    ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ ᠪᠣᠯ ᠨᠠᠮ ᠪᠠᠶ᠋ᠢᠭᠤᠯᠤᠭᠳᠠᠭᠰᠠᠨ   ᠵᠠᠭᠤᠨ ᠵᠢᠯ᠎ᠤᠨ ᠣᠶ ᠵᠢᠨ ᠴᠢᠬᠤᠯᠠ ᠲᠡᠦᠬᠡᠨ ᠴᠠᠭ ᠮᠦᠴᠡ᠎ᠳᠤ ᠨᠠᠮ ᠪᠣᠯᠤᠨ ᠠᠷᠠᠳ ᠲᠦᠮᠡᠨ  ᠨᠢᠭᠡᠳᠤᠭᠡᠷ ᠵᠠᠭᠤᠨ ᠵᠢᠯ᠎ᠤᠨ ᠲᠡᠮᠡᠴᠡᠬᠥ ᠬᠠᠷᠠᠯᠲᠠ ᠵᠢ ᠢᠯᠠᠯᠳᠠ᠎ᠲᠠᠢ  ᠪᠡᠶᠡᠯᠡᠭᠥᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ  ᠪᠡᠶᠡᠯᠡᠭᠥᠯᠵᠤ᠂  ᠶᠠᠭ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ ᠎ᠪᠠᠷ ᠪᠡᠶᠡᠯᠡᠭᠥᠯᠬᠦ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠥ ᠬᠠᠷᠠᠯᠳᠠ  ᠲᠡᠢ᠌ᠰᠢ  ᠤᠷᠤᠭᠰᠢᠯᠠᠵᠤ ᠪᠠᠢ᠌ᠭ᠎ᠠ ᠴᠢᠬᠤᠯᠠ ᠶᠡᠬᠡ ᠲᠡᠦᠬᠡ ᠵᠢᠨ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠰᠠᠨ ᠨᠢᠭᠡ ᠤᠳᠠᠭ᠎ᠠ ᠵᠢᠨ ᠴᠢᠬᠤᠯᠠ ᠬᠤᠷᠠᠯ ᠪᠣᠯᠤᠨ᠎ᠠ᠃  ᠪᠥᠬᠦᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ᠎ᠨᠢ 《ᠨᠠᠮ᠎ᠤᠨ  ᠵᠠᠭᠤᠨ ᠵᠢᠯ᠎ᠤᠨ ᠲᠡᠮᠡᠴᠡᠯ᠎ᠤᠨ  ᠴᠢᠬᠤᠯᠠ ᠶᠡᠬᠡ  ᠠᠮᠵᠢᠯᠳᠠ ᠪᠦᠳᠤᠮᠵᠢ  ᠪᠠ   ᠲᠡᠦᠬᠡᠨ  ᠲᠤᠷᠰᠢᠯᠭ᠎ᠠ ᠵᠢᠨ  ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ  ᠰᠢᠢ᠍ᠳᠪᠤᠷᠢ》 ᠪᠣᠯ ᠨᠢᠭᠡᠨ ᠭᠡᠷᠡᠯ ᠰᠠᠴᠤᠷᠠᠩᠭᠤᠶ ᠮᠠᠷᠺᠰ᠎ᠤᠨ ᠦᠵᠡᠯ ᠎ᠤᠨ ᠬᠥᠲᠥᠯᠪᠦᠷᠢ ᠵᠢᠨ ᠴᠢᠨᠠᠷᠲᠠᠢ ᠪᠢᠴᠢᠭ  ᠮᠠᠲ᠋ᠧᠷᠢᠶᠠᠯ  ᠮᠦᠨ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠬ ᠰᠠᠨᠠᠭ᠎ᠠ ᠡᠭᠥᠷᠭᠡ  ᠬᠠᠷᠢᠭᠤᠴᠠᠯᠭ᠎ᠠ᠎ᠪᠠᠨ ᠪᠠᠲᠤ  ᠴᠡᠭᠡᠵᠢᠯᠡᠵᠤ ᠂ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠤᠯᠤᠰ ᠲᠥᠷᠥ ᠵᠢᠨ ᠲᠤᠩᠬᠠᠭ  ᠮᠦᠨ᠂ ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ ᠎ᠪᠠᠨ  ᠴᠣᠭᠴᠠᠯᠠᠵᠤ᠂  ᠲᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ  ᠠᠵᠢᠯᠯᠠᠭ᠋ᠠᠨ᠎ᠤ  ᠵᠦᠭᠯᠡᠭᠦᠷ ᠮᠦᠨ᠃ ᠲᠢᠩᠬᠢᠮ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠪᠥᠬᠥ ᠨᠠᠮ᠎ᠤᠨ ᠭᠡᠰᠢᠭᠦᠨ ᠺᠠᠳ᠋ᠷᠴᠤᠳ ᠰᠠᠢ᠌ᠳᠤᠷ ᠰᠤᠷᠤᠯᠴᠠᠨ  ᠣᠢ᠌ᠯᠠᠭ᠋ᠠᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ  ᠰᠠᠢ᠌ᠳᠤᠷ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠎ᠪᠠᠨ ᠪᠤᠯᠭ᠋ᠠᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ  ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠡᠳᠬᠡᠵᠦ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠦᠯᠬᠦᠮᠳᠡᠵᠦ᠂ ᠨᠡᠩ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠵᠤ᠂ 《ᠳᠥᠷᠪᠡᠨ ᠤᠬᠠᠮᠰᠠᠷ》 ᠵᠶ᠋ᠡᠨ   ᠤᠯᠠᠮ  ᠴᠢᠩᠭ᠋ᠠᠳᠬᠠᠵᠤ᠂ 《ᠳᠥᠷᠪᠡᠨ   ᠢᠲᠡᠭᠡᠯ》 ᠵᠶ᠋ᠡᠨ  ᠪᠠᠲᠤᠳᠬᠠᠨ᠂  《ᠬᠣᠶᠠᠷ ᠎ᠢ ᠬᠠᠮᠠᠭ᠋ᠠᠯᠠᠬᠤ》 ᠵᠢ  ᠪᠡᠶᠡᠯᠡᠭᠥᠯᠵᠤ ᠂ ᠢᠮᠠᠭᠲᠠ ᠦᠵᠡᠯ ᠰᠠᠨᠠᠭ᠎ᠠ᠂ ᠤᠯᠤᠰ ᠲᠦᠷᠦ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ  ᠬᠤᠷᠢᠶ᠎ᠠ᠎ᠲᠠᠢ ᠳᠡᠭᠡᠳᠦ  ᠬᠡᠮᠵᠢᠶ᠎ᠡ᠎ᠪᠠᠷ ᠨᠢᠭᠡᠳᠦᠯᠲᠡᠢ  ᠪᠠᠢ᠌ᠯᠭ᠋ᠠᠬᠤ ᠵᠢ  ᠪᠡᠶᠡᠯᠡᠭᠥᠯᠬᠥ ᠬᠡᠷᠡᠭᠳᠡᠢ᠃
     ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠭᠠᠷᠭ᠋ᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠲᠠᠷᠢᠬᠢ ᠲᠣᠯᠣᠭ᠋ᠠᠶ᠎ᠪᠠᠨ ᠦᠨᠡᠨ ᠬᠦ᠌ ᠵᠡᠪᠰᠡᠭᠯᠡᠵᠦ᠂ ᠲᠢᠩᠬᠢᠮ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠵᠢ ᠣᠳᠣᠬᠠᠨ᠎ᠤ ᠤᠯᠤᠰ ᠲᠥᠷᠥ ᠵᠢᠨ ᠣᠨᠣᠯ᠎ᠤᠨ ᠰᠤᠷᠤᠯᠴᠠᠯᠭ᠎ᠠ ᠵᠢᠨ ᠵᠶ᠋ᠡᠨ ᠭᠣᠣᠯ ᠠᠭᠤᠯᠭ᠎ᠠ ᠪᠤᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ  ᠰᠢ ᠵᠢᠨ ᠫᠢᠩ ᠶᠡᠷᠦᠩᠬᠡᠢ ᠱᠦᠵᠢ ᠵᠢᠨ ᠰᠢᠷᠢᠰ ᠴᠢᠬᠤᠯᠠ ᠥᠭᠦᠯᠡᠯᠲᠡ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠎ᠲᠠᠢ ᠤᠶᠠᠯᠳᠤᠭᠤᠯᠵᠤ ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠲᠠᠢ ᠤᠶᠠᠯᠳᠤᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠋ᠠᠨ᠎ᠤ ᠪᠠᠶᠠᠯᠢᠭ ᠠᠭᠤᠯᠤᠭᠳᠠᠬᠤᠨ ᠪᠠ ᠭᠣᠣᠯ ᠴᠢᠬᠤᠯᠠ ᠠᠭᠤᠯᠭ᠎ᠠ ᠵᠢ  ᠪᠦᠬᠥ ᠲᠠᠯ᠎ᠠ᠎ᠪᠠᠷ ᠰᠢᠰᠲ᠋ᠧᠮ᠎ᠲᠠᠢ ᠰᠤᠷᠤᠯᠴᠠᠨ  ᠤᠢ᠌ᠯᠭ᠋ᠠᠵᠤ᠂ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠠᠭᠤᠤ ᠶᠡᠬᠡ ᠠᠮᠵᠢᠯᠲᠠ ᠵᠢ  ᠭᠦᠨᠵᠡᠭᠡᠢ ᠤᠢ᠌ᠯᠠᠭ᠋ᠠᠨ ᠡᠵᠡᠮᠰᠢᠵᠤ᠂ ᠨᠠᠮ ᠵᠶ᠋ᠠᠷ ᠢᠷᠠᠭᠤ ᠠᠯᠳᠠᠷ ᠵᠶ᠋ᠠᠨ  ᠪᠤᠯᠭ᠋ᠠᠬᠤ᠂ ᠨᠠᠮ ᠪᠣᠯᠤᠨ ᠠᠷᠠᠳ ᠲᠦᠮᠡᠨ᠎ᠤ ᠦᠢ᠍ᠯᠡᠰ᠎ᠤᠨ ᠲᠥᠯᠥᠭᠡ ᠲᠡᠮᠡᠴᠡᠬᠦ ᠳᠣᠲᠣᠭ᠋ᠠᠳᠤ  ᠬᠦᠳᠡᠯᠭᠡᠭᠴᠢ ᠬᠦᠴᠦᠨ᠎ᠢ  ᠲᠠᠰᠤᠷᠠᠯᠳᠠ ᠦᠭᠡᠢ ᠴᠢᠩᠭ᠋ᠠᠳᠬᠠᠵᠤ᠂ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠠᠭᠤᠤ ᠶᠡᠬᠡ ᠠᠴᠢ ᠬᠣᠯᠪᠣᠭᠳᠠᠯ᠎ᠢ  ᠭᠦᠨᠵᠡᠭᠡᠢ  ᠤᠢ᠌ᠯᠠᠭ᠋ᠠᠨ ᠡᠵᠡᠮᠰᠢᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠤᠯᠤᠰ ᠲᠦᠷᠦ ᠵᠢᠨ ᠤᠤᠷ ᠴᠢᠨᠠᠷ ᠵᠶ᠋ᠠᠨ ᠡᠭᠦᠷᠢᠳᠡ ᠬᠠᠳᠠᠭ᠋ᠠᠯᠠᠵᠤ᠂ ᠨᠠᠮ ᠪᠣᠯᠤᠨ ᠠᠷᠠᠳ ᠲᠦᠮᠡᠨ᠎ᠳᠤ ᠨᠡᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ᠎ᠪᠠᠷ  ᠴᠢᠷᠮᠠᠢ᠌ᠬᠤ ᠬᠡᠷᠡᠭᠳᠡᠢ; ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠠᠭᠤᠤ ᠶᠡᠬᠡ ᠲᠤᠷᠰᠢᠯᠭ᠎ᠠ ᠵᠢ  ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂   ᠤᠬᠢ ᠰᠤᠳᠤ  ᠴᠢᠬᠤᠯᠠ ᠠᠭᠤᠯᠭ᠎ᠠ ᠵᠢ᠎ᠨᠢ  ᠡᠵᠡᠮᠰᠢᠵᠤ᠂ ᠣᠶᠤᠨ ᠤᠬᠠᠭ᠋ᠠᠨ ᠬᠦᠴᠦᠨ ᠴᠢᠳᠠᠯ᠎ᠢ ᠰᠢᠩᠭᠡᠭᠡᠨ ᠠᠪᠴᠤ᠂ ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ  ᠤᠢ᠌ᠯᠠᠭ᠋ᠠᠬᠤ ᠳᠤᠮᠳᠠ᠎ᠪᠠᠨ ᠴᠢᠳᠠᠪᠤᠷᠢ ᠎ᠪᠠᠨ ᠳᠠᠪᠲᠠᠨ ᠪᠤᠯᠪᠠᠰᠤᠷᠠᠭᠤᠯᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠵᠤ᠂  ᠰᠤᠷᠬᠤ᠎ᠪᠠᠷ  ᠣᠶᠤᠨ ᠤᠬᠠᠭ᠋ᠠᠨ ᠵᠶ᠋ᠠᠨ ᠨᠡᠮᠡᠭᠳᠡᠭᠦᠯᠵᠦ᠂ ᠰᠤᠷᠬᠤ ᠎ᠪᠠᠷ ᠬᠦᠴᠦᠯᠡᠨ ᠬᠢᠬᠦ ᠵᠢ ᠦᠨᠡᠨ ᠬᠦ᠌ ᠪᠡᠶᠡᠯᠡᠭᠦᠯᠬᠦ ᠬᠡᠷᠡᠭᠲᠡᠶ᠃
    ᠬᠤᠷᠠᠯ᠎ᠠᠴᠠ ᠱᠠᠭ᠋ᠠᠷᠳᠠᠭᠰᠠᠨ᠎ᠨᠢ᠂ ᠪᠦᠬᠦᠳᠡ ᠬᠤᠷᠠᠯ᠎ᠤᠨ ᠵᠣᠷᠢᠭ ᠰᠠᠨᠠᠭ᠋ᠠᠨ᠎ᠤ ᠴᠢᠬᠤᠯᠠ ᠠᠭᠤᠯᠭ᠎ᠠ ᠵᠢ ᠪᠦᠬᠦ ᠲᠠᠯ᠎ᠠ᠎ᠪᠠᠷ ᠤᠢ᠍ᠢ᠍ᠯᠠᠭ᠋ᠠᠨ  ᠡᠵᠡᠮᠰᠢᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠦᠢ᠍ᠯᠡᠳᠦᠯᠭᠡ᠎ᠪᠠᠨ ᠦᠨᠡᠨ ᠬᠦ᠌ ᠵᠢᠯᠣᠭᠣᠳᠣᠭᠤᠯᠵᠤ᠂ ᠲᠢᠩᠬᠢᠮ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠪᠦᠬᠦ ᠨᠠᠮ᠎ᠤᠨ ᠭᠡᠰᠢᠭᠦᠨ ᠺᠠᠳ᠋ᠷᠴᠤᠳ ᠴᠢᠬᠤᠯᠠ ᠱᠠᠭ᠋ᠠᠷᠳᠠᠯᠭ᠎ᠠ ᠵᠢ ᠢᠮᠠᠭᠳᠠ  ᠪᠠᠳᠤ ᠴᠡᠭᠡᠵᠢᠯᠡᠵᠤ ᠂ ᠲᠡᠦᠬᠡ᠎ᠪᠠᠷ ᠲᠤᠯᠢ ᠪᠤᠯᠭ᠋ᠠᠬᠤ ᠵᠢ ᠭᠦᠨᠵᠡᠭᠡᠢ ᠤᠢ᠌ᠯᠠᠭ᠋ᠠᠨ ᠡᠵᠡᠮᠰᠢᠵᠤ᠂ ᠢᠷᠡᠭᠡᠳᠦᠢ᠎ᠪᠠᠨ ᠴᠣᠭᠴᠠᠯᠠᠬᠤ ᠴᠢᠬᠤᠯᠠ  ᠱᠠᠭ᠋ᠠᠷᠳᠠᠯᠭ᠎ᠠ ᠵᠢ ᠭᠦᠨᠵᠡᠭᠡᠢ ᠦᠢ᠍ᠯᠠᠭ᠋ᠠᠨ ᠡᠵᠡᠮᠰᠢᠵᠤ᠂ 《ᠤᠯᠤᠰ᠎ᠤᠨ  ᠶᠡᠬᠡ  ᠲᠠᠯ᠎ᠠ》 ᠵᠢ ᠢᠮᠠᠭᠲᠠ ᠪᠠᠲᠤ ᠴᠡᠭᠡᠵᠢᠯᠡᠵᠦ᠂ ᠤᠯᠤᠰ ᠲᠥᠷᠥ ᠵᠢᠨ  ᠮᠠᠭ᠋ᠠᠳᠯᠠᠬᠤ  ᠴᠢᠳᠠᠪᠤᠷᠢ ᠂ ᠤᠯᠤᠰ  ᠲᠦᠷᠤ ᠵᠢᠨ  ᠤᠬᠠᠮᠰᠠᠷᠠᠬᠤ ᠴᠢᠳᠠᠪᠤᠷᠢ ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ ᠎ᠪᠠᠨ ᠲᠠᠰᠤᠷᠠᠯᠳᠠ ᠦᠭᠡᠢ ᠴᠢᠩᠭ᠋ᠠᠳᠬᠠᠵᠤ᠂  ᠨᠠᠮ᠎ᠤᠨ ᠤᠳᠤᠷᠢᠳᠤᠯᠭ᠎ᠠ ᠵᠢ ᠠᠷᠠᠳ᠎ᠤᠨ ᠶᠠᠪᠤᠳᠠᠯ᠎ᠤᠨ ᠠᠵᠢᠯ᠎ᠤᠨ ᠡᠯ᠎ᠡ ᠬᠦᠷᠢᠶ᠎ᠡ ᠴᠠᠷᠠᠭ᠎ᠠ᠂ ᠡᠯ᠎ᠡ ᠲᠠᠯ᠎ᠠ ᠵᠢᠨ ᠪᠦᠬᠦ ᠶᠠᠪᠤᠴᠠ᠎ᠳᠤ  ᠤᠬᠠᠮᠰᠠᠷ᠎ᠠᠴᠠ᠎ᠪᠠᠨ  ᠲᠤᠭᠤᠰᠢᠯᠠᠭᠤᠯᠬᠤ ᠬᠡᠷᠡᠭᠲᠡᠢ᠃  ᠤᠯᠤᠰ ᠲᠦᠷᠤ ᠵᠢ  ᠡᠷᠬᠢᠮᠯᠡᠬᠥ  ᠱᠠᠭ᠋ᠠᠷᠳᠠᠯᠭ᠎ᠠ  ᠶᠤᠰᠤᠭ᠋ᠠᠷ  ᠡᠯ᠎ᠡ ᠵᠦᠢ᠍ᠯ᠎ᠤᠨ ᠠᠵᠢᠯ᠎ᠢ ᠠᠬᠢᠭᠤᠯᠤᠨ  ᠨᠠᠢ᠌ᠳᠠᠪᠤᠷᠢᠵᠢᠭᠤᠯᠵᠤ ᠲᠤᠭᠤᠰᠢᠯᠠᠭᠤᠯᠬᠤ ᠬᠡᠷᠡᠭᠳᠡᠢ ᠃  ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ ᠪᠣᠯ ᠨᠡᠶ᠋ᠢᠭᠡᠮ᠎ᠤᠨ ᠪᠠᠶ᠋ᠢᠭᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠴᠢᠨᠠᠷᠳᠠᠢ᠂ ᠰᠠᠭᠤᠷᠢ ᠴᠢᠨᠠᠷᠲᠠᠶ ᠠᠵᠢᠯ ᠪᠤᠯᠬᠤ ᠲᠤᠬᠠᠢ ᠡᠭᠦᠷᠭᠡ  ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢᠨ ᠲᠤᠭᠤᠷᠢᠨ᠎ᠳᠤ᠂ ᠰᠠᠨᠠᠭ᠋ᠠᠴᠢᠯᠠᠭ᠎ᠠ᠎ᠠᠴᠠ᠎ᠪᠠᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ  ᠰᠢᠢ᠍ᠳᠪᠤᠷᠢᠲᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ ᠵᠢ ᠠᠷᠠᠳ᠎ᠤᠨ ᠶᠠᠪᠤᠳᠠᠯ᠎ᠤᠨ ᠠᠵᠢᠯ᠎ᠢ ᠠᠬᠢᠭᠤᠯᠬᠤ ᠴᠢᠬᠤᠯᠠ ᠦᠨᠳᠦᠰᠦᠯᠡᠯ ᠪᠠ ᠭᠣᠣᠯ ᠡᠭᠦᠷᠭᠡ  ᠪᠤᠯᠭ᠋ᠠᠬᠤ  ᠬᠡᠷᠡᠭᠳᠡᠢ᠂ ᠤᠬᠠᠮᠰᠠᠷ ᠎ᠠᠴᠠ᠎ᠪᠠᠨ ᠪᠠᠷᠢᠮᠵᠢᠶ᠎ᠠ ᠎ᠲᠠᠢ ᠬᠠᠷᠢᠴᠠᠭᠤᠯᠤᠨ  ᠬᠥᠰᠤᠨᠤᠭ᠌ᠲᠤ ᠎ᠲᠠᠢ ᠬᠠᠷᠭᠤᠭᠤᠯᠵᠤ ᠠᠷᠠᠳ᠎ᠤᠨ ᠶᠠᠪᠤᠳᠠᠯ᠎ᠤᠨ ᠬᠥᠭᠵᠢᠯᠲᠡ ᠵᠢ ᠲᠥᠯᠥᠪᠵᠢᠭᠦᠯᠵᠦ᠂ ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠠᠷᠠᠳ᠎ᠤᠨ ᠶᠠᠪᠤᠳᠠᠯ᠎ᠤᠨ ᠠᠵᠢᠯ ᠎ᠢ  ᠪᠠᠢ᠌ᠷᠢᠯᠠᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠠᠷᠠᠳ᠎ᠤᠨ ᠶᠠᠪᠤᠳᠠᠯ᠎ᠤᠨ  ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ  ᠦᠨᠡᠨ ᠬᠦ᠌  ᠵᠢᠯᠤᠭᠤᠳᠤᠨ  ᠠᠬᠢᠭᠤᠯᠬᠤ  ᠬᠡᠷᠡᠭᠳᠡᠢ᠃
    ᠬᠤᠷᠠᠯ᠎ᠠᠴᠠ ᠱᠠᠭ᠋ᠠᠷᠳᠠᠭᠰᠠᠨ᠎ᠨᠢ᠂ ᠪᠥᠬᠥᠳᠡ ᠬᠤᠷᠠᠯ᠎ᠠᠴᠠ ᠭᠠᠷᠭ᠋ᠠᠭᠰᠠᠨ ᠠᠭᠤᠤ ᠶᠡᠬᠡ ᠤᠷᠢᠶᠠᠯᠠᠭ᠎ᠠ ᠵᠢ ᠢᠳᠡᠪᠬᠢᠲᠡᠶ᠎ᠪᠠᠷ ᠴᠤᠤᠷᠢᠶᠠᠲᠤᠨ ᠳᠠᠭ᠋ᠠᠵᠤ᠂  ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠬᠥᠭᠵᠢᠯᠲᠡ ᠵᠢ ᠦᠨᠡᠨ ᠬᠦ᠌ ᠲᠦᠯᠬᠢᠨ  ᠠᠬᠢᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ᠎ᠪᠠᠷ  ᠬᠦᠳᠡᠯᠭᠡᠬᠥ ᠬᠦᠴᠤᠨ  ᠪᠤᠯᠭ᠋ᠠᠵᠤ ᠂ ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ ᠵᠢ  ᠪᠠᠳᠠᠷᠠᠭᠤᠯᠵᠤ᠂ ᠲᠡᠦᠬᠡ᠎ᠪᠠᠷ ᠲᠤᠯᠢ ᠪᠣᠯᠭ᠋ᠠᠵᠤ᠂ ᠢᠷᠡᠭᠡᠳᠦᠢ᠎ᠪᠠᠨ ᠴᠣᠭᠴᠠᠯᠠᠨ ᠂ ᠰᠢᠷᠭ᠋ᠠᠭᠤ ᠬᠠᠲᠠᠭᠤᠵᠢᠯᠲᠠᠶ  ᠠᠵᠢᠯᠯᠠᠵᠤ᠂  ᠡᠷᠡᠯᠬᠡᠭᠯᠡᠨ ᠤᠷᠤᠭᠰᠢᠯᠠᠵᠤ᠂ ᠰᠢᠨ᠎ᠡ ᠠᠶᠠᠨ ᠵᠠᠮ ᠎ᠳᠤ᠎ᠪᠠᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠎ᠤᠨ  ᠰᠢᠨ᠎ᠡ  ᠪᠠᠢ᠌ᠳᠠᠯ᠎ᠢ ᠪᠢᠴᠢᠭᠯᠡᠬᠦ᠎ᠪᠠᠷ  ᠴᠢᠷᠮᠠᠢ᠌ᠬᠤ ᠬᠡᠷᠡᠭᠳᠡᠢ ᠃ ᠨᠢᠭᠡ᠎ᠳᠤ᠂ ᠣᠨ᠎ᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠡᠶᠡᠯᠡᠭᠦᠯᠬᠦ ᠵᠢᠨ ᠲᠣᠭᠣᠷᠢᠨ᠎ᠳᠤ ᠣᠨ᠎ᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢᠨ ᠴᠠᠭ᠎ᠤᠨ ᠬᠦᠰᠦᠨᠦᠭᠲᠦ ᠂ ᠵᠠᠮ ᠱᠤᠭᠤᠮ᠎ᠤᠨ ᠵᠢᠷᠤᠭ ᠂ ᠬᠠᠷᠢᠭᠤᠴᠠᠯᠭ᠎ᠠ ᠵᠢᠨ ᠪᠢᠴᠢᠭ᠎ᠲᠤ ᠠᠵᠢᠯ᠎ᠤᠨ ᠬᠠᠷᠢᠭᠤᠴᠠᠯᠭ᠎ᠠ ᠵᠢ ᠤᠯᠠᠮ ᠴᠢᠨᠠᠭᠰᠢᠳᠠ ᠪᠣᠳᠠᠲᠠᠶ᠋ᠢᠵᠢᠭᠤᠯᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃ ᠬᠣᠶᠠᠷ᠎ᠲᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠪᠣᠯᠤᠨ   《  ᠪᠢ ᠣᠯᠠᠨ ᠲᠦᠮᠡᠨ᠎ᠳᠤ ᠪᠣᠳᠠᠲᠤ ᠶᠠᠪᠤᠳᠠᠯ  ᠬᠢᠵᠦ ᠦᠭᠭᠦᠨ᠎ᠡ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠨᠠᠮ᠎ᠤᠨ ᠲᠥᠪ  ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ  ᠲᠤᠭᠤᠰᠢᠯᠠᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠡᠭᠦᠷᠭᠡ ᠵᠢᠨ ᠨᠠᠷᠢᠨ ᠲᠠᠩᠰᠠ ᠵᠢ ᠵᠤᠷᠪᠤᠰ ᠳᠠᠷᠠᠭ᠋ᠠᠯᠠᠨ ᠰᠠᠶ᠋ᠢᠲᠤᠷ ᠨᠠᠢ᠌ᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠵᠶ᠋ᠠᠨ ᠴᠢᠨᠠᠷ ᠰᠠᠶ᠋ᠢᠲᠠᠢ  ᠠᠬᠢᠭᠤᠯᠵᠤ᠂ ᠥᠨᠳᠥᠷ ᠪᠠᠷᠢᠮᠵᠢᠶ᠎ᠠ᠎ᠪᠠᠷ ᠨᠠᠶ᠋ᠢᠳᠠᠪᠤᠷᠢᠵᠢᠭᠤᠯᠬᠤ ᠵᠢ ᠪᠠᠲᠤᠯᠠᠵᠤ᠂ ᠦᠢ᠍ᠯᠡᠳᠦᠯᠭᠡ ᠵᠢᠨ ᠠᠵᠢᠯᠯᠠᠭ᠎ᠠ ᠵᠢᠨ ᠪᠦᠬᠦᠯᠢ ᠴᠣᠭᠴᠠ ᠵᠢᠨ ᠲᠦᠪᠰᠢᠨ ᠪᠣᠯᠤᠨ ᠪᠣᠳᠠᠲᠠᠢ ᠦᠷ᠎ᠡ ᠪᠦᠲᠦᠮᠵᠢ ᠵᠢ ᠴᠢᠷᠮᠠᠶ᠋ᠢᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠭᠤᠷᠪᠠ᠎ᠳᠤ᠂ ᠢᠷᠡᠬᠦ ᠵᠢᠯ᠎ᠤᠨ ᠠᠵᠢᠯ᠎ᠤᠨ ᠡᠭᠦᠷᠭᠡ᠎ᠪᠠᠨ ᠨᠠᠷᠢᠨ ᠬᠢᠨᠠᠮᠠᠭ᠋ᠠᠶ ᠰᠤᠳᠤᠯᠤᠨ ᠲᠥᠯᠥᠪᠯᠡᠵᠦ᠂ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠠᠷᠠᠳ᠎ᠤᠨ ᠶᠠᠪᠤᠳᠠᠯ᠎ᠤᠨ ᠠᠵᠢᠯ᠎ᠳᠤ ᠬᠣᠯᠪᠣᠭᠳᠠᠬᠤ ᠴᠢᠬᠤᠯᠠ ᠶᠡᠬᠡ ᠪᠠᠶ᠋ᠢᠷᠢᠯᠠᠭᠤᠯᠤᠯᠲᠠ ᠵᠢᠨ ᠲᠣᠭᠣᠷᠢᠨ᠎ᠳᠤ  ᠰᠢ ᠵᠢᠨ ᠫᠢᠩ ᠶᠡᠷᠦᠩᠬᠡᠶ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠪᠣᠯᠤᠨ ᠨᠠᠮ᠎ᠤᠨ ᠲᠥᠪ ᠬᠣᠷᠢᠶ᠎ᠠ ᠪᠣᠯᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠤᠷᠢᠳᠤ ᠪᠣᠳᠣᠯᠭ᠎ᠠ ᠵᠢᠨ ᠪᠠᠶ᠋ᠢᠷᠢᠯᠠᠭᠤᠯᠤᠯᠲᠠ᠎ᠳᠤ ᠬᠢᠨᠠᠮᠠᠭ᠋ᠠᠶ ᠬᠠᠨᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ᠂ ᠠᠷᠠᠳ᠎ᠤᠨ ᠶᠠᠪᠤᠳᠠᠯ᠎ᠤᠨ ᠶᠠᠮᠤᠨ᠎ᠤ ᠠᠵᠢᠯ᠎ᠤᠨ ᠲᠣᠬᠢᠷᠠᠭᠤᠯᠤᠯᠲᠠ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠣᠯᠤᠨ ᠡᠯ᠎ᠡ ᠵᠦᠢ᠍ᠯ᠎ᠤᠨ ᠲᠥᠯᠥᠪᠵᠢᠭᠦᠯᠭᠡ ᠵᠢᠴᠢ ᠠᠷᠠᠳ ᠣᠯᠠᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠤᠬᠠᠶ ᠰᠢᠨ᠎ᠡ ᠬᠦᠰᠡᠯ ᠰᠢᠨ᠎ᠡ ᠱᠠᠭ᠋ᠠᠷᠳᠠᠯᠭ᠎ᠠ ᠎ᠳᠤ ᠨᠡᠢ᠌ᠴᠡᠭᠦᠯᠦᠨ᠂  ᠢᠷᠡᠬᠦ ᠵᠢᠯ᠎ᠤᠨ ᠠᠵᠢᠯ᠎ᠤᠨ ᠡᠭᠦᠷᠭᠡ ᠎ᠪᠠᠨ ᠨᠠᠷᠢᠨ ᠬᠢᠨᠠᠮᠠᠭ᠋ᠠᠢ ᠲᠥᠯᠥᠪᠵᠢᠭᠦᠯᠵᠦ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠮᠤᠷ ᠠᠮᠤᠭᠤᠯᠠᠩ ᠳᠤᠮᠳᠠᠳᠤ ᠤᠯᠤᠰ᠎ᠤᠨ ᠪᠠᠶ᠋ᠢᠭᠤᠯᠤᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠲᠡᠬᠡᠷ᠎ᠡ ᠮᠠᠨ᠎ᠤ ᠣᠷᠣᠨ᠎ᠤ 4 ᠬᠠᠮᠲᠤ 3 ᠬᠤᠪᠢ ᠬᠥᠮᠦᠨ ᠬᠦᠬᠢᠬᠦᠯᠦᠭᠳᠡᠯ᠎ᠡ
ᠤᠯᠠᠭ᠋ᠠᠨᠬᠠᠳᠠ ᠬᠤᠲᠠ ᠵᠢᠨ ᠲᠦᠷᠤ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ ᠵᠢ ᠯᠠᠪᠳᠠᠭᠤᠨ ᠵᠶ᠋ᠡᠷ ᠠᠬᠢᠭᠤᠯᠵᠤ ᠴᠡᠷᠢᠭ᠎ᠠᠴᠠ ᠬᠠᠯᠠᠭᠳᠠᠭᠰᠠᠳ᠎ᠤᠨ ᠤᠯᠪᠠᠰᠤ ᠵᠤᠬᠢᠬᠤ ᠬᠠᠷᠠᠭ᠋ᠠᠯᠵᠠᠯ᠎ᠢ ᠪᠠᠳᠤᠯᠠᠵᠤ ᠪᠠᠢ᠌ᠨ᠎ᠠ
ᠬᠡᠤᠬᠡᠳ᠎ᠤᠨ ᠠᠰᠠᠷᠠᠮᠵᠢ ᠵᠢᠨ ᠭᠠᠵᠠᠷ ᠪᠥᠬᠥ ᠤᠯᠤᠰ᠎ᠤᠨ ᠡᠮᠡᠭᠲᠡᠶ᠋ᠢᠴᠦᠳ ᠬᠡᠤᠬᠡᠳ᠎ᠤᠨ ᠡᠷᠬᠡ ᠠᠰᠢᠭ᠎ᠢ ᠬᠠᠮᠠᠭ᠋ᠠᠯᠠᠬᠰᠠᠨ ᠲᠠᠷᠢᠬᠦᠨ᠎ᠤ ᠬᠠᠮᠳᠤ ᠵᠢᠨ ᠴᠤᠯᠨ ᠬᠦᠷᠳᠡᠯ᠎ᠡ
ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠲᠤᠷᠠᠳᠤᠯᠭ᠎ᠠ ᠵᠢ ᠲᠡᠭᠡᠳᠤ ᠪᠠᠷᠢᠮᠵᠢᠶ᠎ᠠ ᠎ᠪᠠᠷ ᠲᠤᠰᠢᠶᠠᠨ ᠥᠭᠴᠦ ᠰᠢᠢ᠍ᠳᠪᠦᠷᠢᠯᠡᠭᠦᠯᠬᠦ ᠵᠢ ᠴᠢᠨᠠᠷ ᠰᠠᠢ᠌ᠲᠠᠢ ᠬᠦᠢ᠍ᠴᠡᠳᠭᠡᠶ᠎ᠡ
ᠮᠠᠨ᠎ᠤ ᠤᠷᠤᠨ 2025 ᠣᠨ᠎ᠳᠤ 《ᠳᠥᠷᠪᠡᠨ ᠬᠥᠨᠳᠡᠯᠡᠨ ᠠᠷᠪᠠᠨ ᠬᠣᠶᠠᠷ ᠭᠤᠯᠳᠤ》 ᠶᠡᠷᠦᠩᠬᠡᠢ᠌ᠯᠡᠭᠰᠡᠨ ᠲᠡᠭᠡᠭᠡᠪᠦᠷᠢ ᠵᠢᠨ ᠶᠡᠬᠡ ᠵᠠᠮ᠎ᠢ ᠦᠨᠳᠦᠰᠦᠨ᠎ᠳᠤ᠎ᠪᠠᠨ ᠪᠠᠢ᠌ᠭᠤᠯᠵᠤ ᠲᠠᠭᠤᠰᠬᠠᠬᠤ ᠪᠤᠯᠤᠨ᠎ᠠ
 
            