ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠯᠠᠭ᠋ᠠᠨᠬᠠᠳᠠ ᠬᠤᠲᠠ ᠵᠢᠨ ᠨᠠᠮ᠎ᠤᠨ ᠬᠤᠷᠢᠶ᠎ᠠ ᠤᠢ᠌ᠷ᠎ᠠ᠎ᠳᠤ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠤᠨ ᠤᠳᠤᠷᠢᠳᠬᠤ ᠳᠤᠭᠤᠢ᠌ᠯᠠᠩ ᠤᠨ ᠪᠦᠬᠦ ᠭᠡᠰᠢᠭᠦᠳ᠎ᠤᠨ ᠦᠷᠭᠡᠳᠬᠡᠭᠰᠡᠨ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠤᠨ ᠲᠤᠬᠠᠢ ᠴᠢᠬᠤᠯᠠ ᠦᠭᠦᠯᠡᠯᠲᠡ ᠵᠢ ᠤᠯᠠᠮᠵᠢᠯᠠᠨ ᠰᠤᠷᠤᠯᠴᠠᠵᠤ᠂ ᠡᠯ᠎ᠡ ᠬᠤᠰᠢᠭᠤ ᠰᠢᠶᠠᠨ ᠲᠤᠭᠤᠷᠢᠭ᠎ᠤᠨ ᠨᠠᠮ᠎ᠤᠨ ᠬᠤᠷᠢᠶ᠎ᠠ ᠵᠢᠨ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠤᠨ ᠤᠳᠤᠷᠢᠳᠬᠤ ᠳᠤᠭᠤᠢ᠌ᠯᠠᠩ ᠪᠤᠯᠤᠨ ᠬᠤᠲᠠ ᠵᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠠᠵᠢᠯ᠎ᠤᠨ ᠪᠠᠢ᠌ᠳᠠᠯ᠎ᠤᠨ ᠬᠠᠷᠢᠭᠤ ᠮᠠᠳᠡᠭᠦᠯᠦᠯᠲᠡ ᠵᠢ ᠰᠤᠨᠤᠰᠴᠤ᠂ ᠳᠠᠷᠠᠭ᠋ᠠᠴᠢ ᠵᠢᠨ ᠠᠵᠢᠯ ᠵᠶ᠋ᠠᠨ ᠰᠤᠳᠤᠯᠤᠨ ᠪᠠᠢ᠌ᠷᠢᠯᠠᠭᠤᠯᠤᠯᠠ᠃ ᠬᠤᠲᠠ ᠵᠢᠨ ᠨᠠᠮ᠎ᠤᠨ ᠬᠤᠷᠢᠶ᠎ᠠ ᠵᠢᠨ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠠᠵᠢᠯ᠎ᠤᠨ ᠶᠠᠪᠤᠳᠠᠯ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠳᠠᠷᠤᠭ᠎ᠠ᠂ ᠬᠤᠲᠠ ᠵᠢᠨ ᠳᠡᠳ᠋ ᠳᠠᠷᠤᠭ᠎ᠠ ᠭᠦᠸᠸ ᠰᠢ ᠬᠤᠷᠠᠯ ᠡᠷᠬᠢᠯᠡᠵᠦ ᠶᠠᠷᠢᠶ᠎ᠠ ᠲᠠᠯᠪᠢᠪᠠ᠃
ᠬᠤᠷᠠᠯ᠎ᠠᠴᠠ ᠵᠢᠭ᠋ᠠᠬᠰᠠᠨ᠎ᠨᠢ᠂ ᠡᠯ᠎ᠡ ᠬᠤᠰᠢᠭᠤ ᠰᠢᠶᠠᠨ ᠲᠤᠭᠤᠷᠢᠭ᠂ ᠡᠯ᠎ᠡ ᠭᠡᠰᠢᠭᠦᠨ ᠪᠠᠢ᠌ᠭᠤᠯᠤᠯᠭ᠎ᠠ ᠨᠢᠬᠡᠴᠢ ᠤᠯᠤᠰ ᠲᠦᠷᠦ ᠵᠢᠨ ᠵᠤᠭᠰᠤᠴᠠ᠎ᠪᠠᠨ ᠲᠡᠭᠡᠭᠰᠢᠯᠡᠬᠦᠯᠵᠤ᠂ ᠰᠢ ᠵᠢᠨ ᠫᠢᠨᠩ ᠶᠡᠷᠦᠩᠬᠡᠢ ᠱᠦᠵᠢ ᠵᠢᠨ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠤᠨ ᠲᠤᠬᠠᠢ ᠴᠢᠬᠤᠯᠠ ᠦᠭᠦᠯᠡᠯᠲᠡ ᠵᠢ ᠤᠯᠤᠰ ᠲᠦᠷᠦ ᠵᠢᠨ ᠲᠡᠷᠢᠭᠦᠨ ᠴᠢᠬᠤᠯᠠ ᠡᠭᠦᠷᠭᠡ ᠪᠤᠯᠭ᠋ᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠢ᠌ᠯᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠦᠨᠡᠨ ᠬᠦ᠌ ᠴᠢᠩᠭ᠋ᠠᠳᠬᠠᠵᠤ᠂ ᠴᠡᠷᠢᠭ᠎ᠠᠴᠠ ᠬᠠᠯᠠᠭᠳᠠᠭᠰᠠᠳ᠎ᠤᠨ ᠠᠵᠢᠯ᠎ᠢ ᠦᠨᠡᠨ ᠰᠡᠳᠬᠢᠯ᠎ᠠᠴᠠ ᠬᠦᠴᠤᠯᠡᠨ ᠬᠢᠬᠦ ᠬᠡᠷᠡᠭᠲᠡᠢ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠲᠦᠷᠦ ᠵᠢᠨ ᠪᠤᠳᠤᠯᠭ᠎ᠠ ᠵᠢᠨ ᠨᠠᠢ᠌ᠳᠠᠪᠤᠷᠢᠵᠢᠯᠠᠯᠲᠠ ᠵᠢ ᠯᠠᠪᠳᠠᠭᠤᠨ ᠠᠬᠢᠭᠤᠯᠵᠤ᠂ ᠴᠡᠷᠢᠭ᠎ᠠᠴᠠ ᠬᠠᠯᠠᠭᠳᠠᠭᠰᠠᠳ᠎ᠲᠤ ᠤᠯᠭᠤᠪᠠᠰᠤ ᠵᠤᠬᠢᠬᠤ ᠬᠠᠷᠠᠭ᠋ᠠᠯᠵᠠᠯ᠎ᠢ ᠦᠨᠳᠦᠰᠦᠨ᠎ᠠᠴᠠ᠎ᠨᠢ ᠪᠠᠲᠤᠯᠠᠬᠤ ᠬᠡᠷᠡᠭᠲᠡᠢ᠃ ᠲᠦᠪᠬᠢᠨᠡᠭᠦᠯᠬᠦ ᠠᠵᠢᠯ᠎ᠤᠨ ᠶᠠᠰᠤ ᠴᠢᠨᠠᠷ᠎ᠢ ᠪᠠᠲᠤᠯᠠᠵᠤ᠂ ᠲᠦᠪᠬᠢᠨᠡᠭᠦᠯᠬᠦ ᠠᠷᠭ᠎ᠠ ᠵᠠᠮ᠎ᠢ ᠤᠯᠠᠮ ᠴᠠᠭ᠋ᠠᠰᠢᠳᠠ ᠰᠠᠭ᠋ᠠᠳ ᠦᠭᠡᠢ ᠨᠡᠪᠲᠡᠷᠡᠭᠦᠯᠵᠦ᠂ 《ᠴᠡᠷᠢᠭ ᠠᠩᠬᠢ ᠲᠤᠰᠢᠶᠠᠳᠠᠭ ᠯᠨ ᠪᠤᠯ ᠤᠷᠤᠨ ᠨᠤᠲᠤᠭ ᠲᠠᠷᠤᠢ᠎ᠳᠤ᠎ᠨᠢ ᠬᠦᠯᠢᠶᠡᠨ ᠠᠪᠬᠤ》 ᠵᠢ ᠪᠡᠶᠡᠯᠡᠭᠦᠯᠬᠦ ᠬᠡᠷᠡᠭᠲᠡᠢ᠃ ᠠᠵᠢᠯ ᠤᠯᠭᠤᠬᠤ ᠪᠠ ᠠᠳᠠᠯ ᠦᠢ᠍ᠯᠡᠰ ᠪᠤᠰᠬᠠᠬᠤ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠬᠡᠷᠡᠭᠴᠡᠭᠡᠯᠦᠭᠡ ᠨᠠᠷᠢᠯᠢᠭ ᠤᠨᠤᠪᠴᠢᠲᠠᠢ ᠵᠤᠯᠭ᠋ᠠᠭᠤᠯᠵᠤ᠂ ᠴᠡᠷᠢᠭ᠎ᠠᠴᠠ ᠬᠠᠯᠠᠭᠳᠠᠭᠰᠠᠳ᠎ᠤᠨ ᠠᠵᠢᠯ ᠤᠯᠬᠤ ᠪᠠ ᠠᠳᠠᠯ ᠦᠢ᠍ᠯᠡᠰ ᠪᠤᠰᠬᠠᠬᠤ ᠳᠤ ᠪᠦᠬᠦ ᠲᠠᠯ᠎ᠠ᠎ᠪᠠᠷ ᠳᠦᠭᠦᠮ ᠦᠵᠡᠭᠦᠯᠵᠦ᠂ ᠦᠢ᠍ᠯᠡᠴᠢᠯᠡᠭᠡᠨ᠎ᠤ ᠪᠠᠲᠤᠯᠭ᠎ᠠ ᠵᠢᠨ ᠰᠢᠰᠲᠸᠮ᠎ᠢ ᠬᠦᠴᠦᠯᠡᠨ ᠪᠠᠢ᠌ᠭᠤᠯᠵᠤ᠂ ᠦᠨᠳᠦᠰᠦᠨ ᠱᠠᠲᠤᠨ᠎ᠤ ᠰᠠᠭᠤᠷᠢ᠂ ᠦᠨᠳᠦᠰᠦᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠬᠦᠮᠦᠨ ᠪᠠ ᠤᠷᠤᠨ ᠲᠤᠭ᠎ᠠ᠂ ᠵᠠᠷᠤᠳᠠᠯ ᠵᠡᠷᠭᠡ ᠲᠠᠯ᠎ᠠ ᠵᠢᠨ ᠠᠰᠠᠭᠤᠳᠠᠯ᠎ᠢ ᠦᠨᠡᠨ ᠬᠦ᠌ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠬᠠᠯᠠᠮᠵᠢᠯᠠᠨ ᠬᠠᠢ᠌ᠷᠠᠯᠠᠬᠤ ᠲᠦᠪᠰᠢᠨ ᠵᠶ᠋ᠡᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠴᠡᠷᠢᠭ᠎ᠠᠴᠠ ᠬᠠᠯᠠᠭᠳᠠᠭᠰᠠᠳ ᠤᠨ 《ᠲᠤᠯᠭ᠋ᠠᠮᠳᠠᠯ ᠬᠦᠴᠢᠷᠳᠡᠯ ᠵᠤᠪᠠᠨᠢᠯ ᠪᠠᠷᠠᠯᠠᠯ》᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠬᠠᠪᠰᠤᠷᠤᠨ ᠲᠤᠰᠠᠯᠠᠵᠤ᠂ ᠪᠤᠯᠭᠤᠭ᠋ᠠᠵᠤ ᠲᠤᠬᠤᠨᠢᠭᠤᠯᠠᠬᠤ ᠵᠡᠷᠭᠡ ᠠᠵᠢᠯ᠎ᠢ ᠢᠳᠡᠪᠬᠢᠲᠡᠢ ᠦᠷᠨᠢᠭᠦᠯᠵᠦ᠂ ᠴᠡᠷᠢᠭ᠎ᠠᠴᠠ ᠬᠠᠯᠠᠭᠳᠠᠭᠰᠠᠳ ᠪᠠ ᠠᠰᠠᠷᠠᠨ ᠬᠠᠷᠠᠭ᠋ᠠᠯᠵᠠᠬᠤ ᠡᠳᠡᠭᠡᠳ᠎ᠲᠤ ᠨᠠᠮ ᠵᠠᠰᠠᠭ᠎ᠤᠨ ᠬᠠᠯᠠᠮᠵᠢᠯᠠᠯ᠎ᠢ ᠦᠨᠡᠨ ᠬᠦ᠌ ᠬᠦᠷᠲᠡᠭᠡᠬᠦ ᠬᠡᠷᠡᠭᠲᠡᠢ ᠃
ᠬᠤᠷᠠᠯ᠎ᠠᠴᠠ ᠱᠠᠭ᠋ᠠᠷᠳᠠᠬᠰᠠᠨ᠎ᠨᠢ᠂ ᠵᠤᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠴᠡᠷᠢᠭ᠎ᠠᠴᠠ ᠬᠠᠯᠠᠭᠳᠠᠭᠰᠠᠳ ᠤᠨ ᠠᠵᠢᠯ᠎ᠤᠨ ᠡᠯ᠎ᠡ ᠵᠦᠢ᠍ᠯ᠎ᠤᠨ ᠰᠢᠢ᠍ᠳᠪᠤᠷᠢᠳᠤ ᠪᠤᠳᠤᠯᠭ᠎ᠠ ᠪᠠᠢ᠌ᠷᠢᠯᠠᠭᠤᠯᠤᠯᠳᠠ ᠵᠢ ᠨᠠᠢ᠌ᠳᠠᠪᠤᠷᠢᠭᠤᠯᠬᠤ ᠵᠢ ᠪᠠᠲᠤᠯᠠᠬᠤ ᠬᠡᠷᠡᠭᠲᠡᠢ᠃ ᠬᠠᠮᠵᠢᠯᠴᠠᠨ ᠬᠠᠷᠠᠭ᠋ᠠᠯᠵᠠᠬᠤ᠎ᠪᠠᠨ ᠴᠢᠩᠭ᠋ᠠᠳᠬᠠᠵᠤ᠂ ᠵᠠᠰᠠᠭ᠎ᠤᠨ ᠤᠷᠳᠤᠨ ᠵᠶ᠋ᠠᠷ ᠭᠤᠤᠯᠯᠠᠭᠤᠯᠤ᠂ ᠦᠢ᠍ᠯᠡᠴᠢᠯᠡᠭᠡᠨ᠎ᠤ ᠰᠢᠰᠲᠸᠮ ᠢᠳᠡᠪᠬᠢᠲᠡᠢ ᠠᠵᠢᠯᠯᠠᠵᠤ᠂ ᠨᠡᠢ᠌ᠭᠡᠮ᠎ᠤᠨ ᠬᠦᠴᠦᠨ ᠦᠷᠭᠡᠨ ᠵᠶ᠋ᠡᠷ ᠤᠷᠤᠯᠴᠠᠭᠰᠠᠨ ᠴᠡᠷᠢᠭ᠎ᠠᠴᠠ ᠬᠠᠯᠠᠭᠳᠠᠭᠰᠠᠳ ᠤᠨ ᠠᠵᠢᠯ᠎ᠤᠨ 《ᠲᠤᠯᠭ᠎ᠠ ᠵᠢᠨ ᠭᠤᠷᠪᠠᠨ ᠴᠢᠯᠠᠭᠤ》 ᠵᠢ ᠬᠦᠴᠦᠯᠡᠨ ᠪᠠᠢ᠌ᠭᠤᠯᠬᠤ ᠬᠡᠷᠡᠭᠲᠡᠢ᠃ ᠱᠠᠯᠠᠪᠳᠠᠭᠤᠯᠤᠨ ᠪᠠᠢ᠌ᠴᠠᠭ᠋ᠠᠬᠤ ᠰᠢᠯᠭ᠋ᠠᠨ ᠬᠢᠨᠠᠬᠤ ᠵᠢ ᠴᠢᠩᠭ᠋ᠠᠳᠬᠠᠵᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠨ᠎ᠬᠢᠨ ᠴᠡᠷᠢᠭ᠎ᠠᠴᠠ ᠬᠠᠯᠠᠭᠳᠠᠭᠰᠠᠳ ᠤᠨ ᠠᠵᠢᠯ᠎ᠢ ᠦᠨᠡᠨ ᠬᠦ᠌ ᠴᠢᠬᠤᠯᠠᠴᠢᠯᠠᠵᠤ᠂ ᠦᠨᠡᠨ ᠬᠦ᠌ ᠨᠠᠢ᠌ᠳᠠᠪᠤᠷᠢᠵᠢᠭᠤᠯᠵᠤ᠂ ᠦᠨᠡᠨ ᠬᠦ᠌ ᠳᠡᠮᠵᠢᠵᠤ᠂ ᠦᠨᠡᠨ ᠬᠦ᠌ ᠬᠠᠮᠵᠢᠯᠴᠠᠬᠤ ᠵᠢ ᠠᠭᠢᠭᠤᠯᠬᠤ ᠬᠡᠷᠡᠭᠲᠡᠢ᠃