ᠠᠷᠠᠳ᠎ᠤᠨ ᠶᠠᠪᠤᠳᠠᠯ᠎ᠤᠨ ᠶᠠᠮᠤᠨ 2022 ᠣᠨ᠎ᠤ ᠪᠡᠭᠡᠵᠢᠩ᠎ᠤᠨ ᠡᠪᠦᠯ᠎ᠤᠨ ᠤᠯᠢᠮᠫᠢᠺ᠎ᠤᠨ ᠴᠤᠭᠯᠠᠭ᠋ᠠᠨ᠂ ᠡᠪᠦᠯ᠎ᠤᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ ᠬᠣᠲᠠ ᠵᠢᠨ ᠬᠤᠭᠤᠴᠠᠭ᠋ᠠᠨ᠎ᠳᠤ᠎ᠬᠢ ᠲᠡᠨᠤᠬᠦᠴᠢᠯᠡᠨ ᠭᠤᠢ᠌ᠷᠠᠨᠴᠢᠯᠠᠬᠰᠠᠳ᠎ᠢ ᠲᠤᠰᠠᠯᠠᠬᠤ ᠬᠠᠮᠢᠶᠠᠷᠤᠯᠲᠠ ᠵᠢᠨ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠰᠢ ᠵᠢᠨ ᠫᠢᠩ ᠶᠡᠷᠦᠩᠬᠡᠶ ᠱᠦᠵᠢ ᠵᠢᠨ 2022 ᠣᠨ᠎ᠤ ᠪᠡᠭᠡᠵᠢᠩ᠎ᠤᠨ ᠡᠪᠦᠯ᠎ᠤᠨ ᠣᠯᠢᠮᠫᠢᠺ᠎ᠤᠨ ᠴᠤᠭᠯᠠᠭ᠋ᠠᠨ᠂ ᠡᠪᠦᠯ᠎ᠤᠨ ᠵᠡᠮᠳᠡᠭᠴᠦᠳ᠎ᠤᠨ ᠤᠯᠢᠮᠫᠢᠺ᠎ᠤᠨ ᠴᠤᠭᠯᠠᠭ᠋ᠠᠨ (《ᠪᠡᠭᠡᠵᠢᠩ᠎ᠤᠨ ᠡᠪᠦᠯ᠎ᠤᠨ ᠤᠯᠢᠮᠫᠢᠺ᠎ᠤᠨ ᠴᠤᠭᠯᠠᠭ᠋ᠠᠨ》 ᠭᠡᠵᠦ ᠲᠤᠪᠴᠢᠯᠠᠶ᠎ᠠ)᠎ᠢ ᠰᠠᠶ᠋ᠢᠲᠤᠷ ᠪᠡᠯᠡᠳᠬᠡᠨ ᠡᠷᠭᠢᠯᠡᠬᠦ ᠲᠤᠬᠠᠶ ᠬᠣᠯᠪᠣᠭᠳᠠᠯ ᠪᠥᠬᠥᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠣᠯᠪᠠᠰᠤᠨ᠂ ᠡᠶ᠎ᠡ ᠵᠣᠬᠢᠴᠠᠯ᠎ᠲᠠᠢ᠂ ᠡᠮᠬᠢ ᠵᠢᠷᠤᠮ᠎ᠲᠠᠢ ᠨᠡᠶ᠋ᠢᠭᠡᠮ᠎ᠤᠨ ᠣᠷᠴᠢᠨ ᠨᠥᠬᠥᠴᠡᠯ᠎ᠢ ᠪᠣᠶ ᠪᠣᠯᠭ᠋ᠠᠬᠤ ᠵᠢᠨ ᠲᠥᠯᠥᠭᠡ᠂ ᠠᠷᠠᠳ᠎ᠤᠨ ᠶᠠᠪᠤᠳᠠᠯ᠎ᠤᠨ ᠶᠠᠮᠤᠨ ᠣᠶ᠋ᠢᠷ᠎ᠠ᠎ᠳᠤ ᠪᠡᠭᠡᠵᠢᠩ᠎ᠤᠨ ᠡᠪᠦᠯ᠎ᠤᠨ ᠤᠯᠢᠮᠫᠢᠺ᠎ᠤᠨ ᠴᠤᠭᠯᠠᠭ᠋ᠠᠨ ᠣᠷᠣᠨ᠎ᠤ ᠬᠤᠭᠤᠴᠠᠭ᠋ᠠᠨ᠎ᠳᠤ᠎ᠬᠢ ᠲᠡᠨᠦᠭᠦᠴᠢᠯᠡᠨ ᠭᠤᠢ᠌ᠷᠠᠨᠴᠢᠯᠠᠬᠰᠠᠳ᠎ᠢ ᠠᠪᠤᠷᠠᠨ ᠲᠤᠰᠠᠯᠠᠬᠤ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠰᠤᠳᠤᠯᠤᠨ ᠪᠠᠶ᠋ᠢᠷᠢᠯᠠᠭᠤᠯᠪᠠ᠃
ᠠᠷᠠᠳ᠎ᠤᠨ ᠶᠠᠪᠤᠳᠠᠯ᠎ᠤᠨ ᠶᠠᠮᠤᠨ᠎ᠠᠴᠠ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠤᠨ ᠠᠪᠤᠷᠠᠨ ᠲᠤᠰᠠᠯᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠤᠷᠢᠳᠤ ᠪᠣᠳᠣᠯᠭ᠎ᠠ ᠵᠢᠨ ᠪᠦᠬᠦ ᠤᠯᠤᠰ ᠵᠶ᠋ᠡᠷ ᠵᠶ᠋ᠡᠨ 《ᠨᠢᠭᠡ ᠰᠢᠳᠠᠷ᠎ᠠ ᠵᠢᠨ ᠬᠥᠯᠭᠡ》 ᠮᠡᠳᠤ ᠪᠠᠢ᠌ᠬᠤ ᠦᠵᠡᠯ ᠰᠠᠨᠠᠭ᠎ᠠ ᠵᠢ ᠭᠦᠨᠵᠡᠭᠡᠶ᠋ᠢᠷᠡᠭᠦᠯᠵᠦ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠷ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠵᠢᠯᠴᠠᠨ ᠪᠡᠯᠡᠳᠬᠡᠯ ᠠᠵᠢᠯ᠎ᠢ ᠰᠠᠶ᠋ᠢᠲᠤᠷ ᠬᠢᠵᠦ᠂ ᠲᠡᠨᠦᠭᠦᠴᠢᠯᠡᠨ ᠭᠤᠶ᠋ᠢᠷᠠᠨᠴᠢᠯᠠᠵᠤ ᠪᠠᠶ᠋ᠢᠭ᠎ᠠ ᠬᠥᠮᠦᠰ᠎ᠤᠨ ᠪᠡᠶ᠎ᠡ ᠵᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠨ᠂ ᠲᠤᠰᠠᠯᠠᠮᠵᠢ ᠭᠥᠷᠳᠡᠭᠰᠡᠳᠢ ᠬᠠᠮᠠᠭ᠋ᠠᠯᠠᠨ ᠨᠤᠲᠤᠭ᠎ᠲᠤ᠎ᠨᠢ ᠪᠤᠴᠠᠭ᠋ᠠᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠨᠢᠭᠡᠨᠲᠡ ᠨᠤᠲᠤᠭ᠎ᠲᠤ᠎ᠪᠠᠨ ᠬᠠᠷᠢᠬᠰᠠᠨ ᠤᠨᠴᠠᠭ᠋ᠠᠢ ᠬᠦᠴᠢᠷᠳᠡᠯ᠎ᠲᠠᠢ ᠬᠥᠮᠦᠰ᠎ᠢ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠳᠤ ᠴᠠᠭ ᠲᠤᠬᠠᠢᠳᠤᠨᠢ ᠮᠡᠳᠡᠭᠦᠯᠦᠨ ᠲᠣᠬᠢᠲᠠᠶ ᠲᠥᠪᠬᠢᠨᠡᠭᠦᠯᠬᠦ ᠪᠠ ᠬᠠᠪᠰᠤᠷᠤᠨ ᠲᠡᠳᠬᠦᠬᠦ ᠬᠡᠷᠡᠭᠲᠡᠶ᠃
ᠡᠪᠦᠯ ᠤᠢ᠌ᠷᠠᠳᠤᠬᠰᠠᠨ ᠪᠤᠯᠬᠤᠷ ᠠᠷᠠᠳ᠎ᠤᠨ ᠶᠠᠪᠤᠳᠠᠯ᠎ᠤᠨ ᠶᠠᠮᠤᠨ᠎ᠠᠴᠠ ᠡᠯ᠎ᠡ ᠭᠠᠵᠠᠷ᠎ᠤᠨ᠎ᠬᠢᠨ᠎ᠢ ᠲᠡᠨᠦᠭᠦᠴᠢᠯᠡᠨ ᠭᠤᠶ᠋ᠢᠷᠠᠨᠴᠢᠯᠠᠵᠤ ᠪᠠᠶ᠋ᠢᠭ᠎ᠠ ᠬᠥᠮᠦᠰ᠎ᠤᠨ ᠡᠪᠦᠯ᠎ᠤᠨ ᠤᠯᠠᠷᠢᠯ᠎ᠤᠨ ᠲᠤᠰᠬᠠᠶ ᠲᠤᠰᠠᠯᠠᠮᠵᠢ ᠵᠢ ᠣᠶ᠋ᠢᠷ᠎ᠠ ᠵᠢᠨ ᠬᠤᠭᠤᠴᠠᠭ᠋ᠠᠨ᠎ᠤ ᠭᠣᠣᠯᠳᠠᠯᠭ᠎ᠠ᠎ᠲᠠᠢ ᠠᠵᠢᠯ ᠵᠶ᠋ᠠᠨ ᠪᠣᠯᠭ᠋ᠠᠵᠤ᠂ ᠲᠦᠷᠦᠭᠦᠯᠡᠬᠦ ᠦᠢ᠍ᠯᠡᠳᠤᠯ ᠵᠶ᠋ᠠᠨ ᠪᠠᠳᠠᠷᠠᠭᠤᠯᠤᠨ᠂ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠪᠠᠶ᠋ᠢᠷᠢᠯᠠᠭᠤᠯᠵᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠭᠤᠯᠵᠤ ᠵᠠᠳᠠᠭ᠋ᠠᠶ ᠲᠠᠯᠠᠪᠠᠶ᠂ ᠨᠦᠬᠡᠨ ᠵᠠᠮ ᠵᠡᠷᠭᠡ ᠭᠣᠤᠯᠳᠠᠯᠭ᠎ᠠ᠎ᠲᠠᠢ ᠣᠷᠣᠨ ᠪᠦᠰᠡ᠎ᠳᠤ ᠬᠠᠮᠲᠤᠷᠠᠭᠰᠠᠨ ᠲᠣᠭᠣᠷᠢᠨ ᠪᠠᠶ᠋ᠢᠴᠠᠭ᠋ᠠᠯᠲᠠ ᠥᠷᠨᠢᠭᠦᠯᠵᠦ᠂ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠵᠢᠭᠦᠷᠯᠡᠨ ᠰᠠᠬᠢᠬᠤ ᠵᠢ ᠴᠢᠩᠭ᠋ᠠᠳᠬᠠᠨ᠂ ᠲᠤᠰᠠᠯᠠᠮᠵᠢ ᠭᠤᠶᠤᠴᠢᠯᠠᠬᠤ ᠰᠦᠪᠡᠭᠴᠢ ᠵᠢ ᠴᠠᠭ ᠲᠤᠬᠠᠶ᠎ᠳᠤᠨᠢ ᠳᠠᠭ᠋ᠠᠵᠤ᠂ ᠨᠥᠬᠥᠴᠡᠯ᠎ᠲᠠᠢ ᠭᠠᠵᠠᠷ ᠣᠷᠣᠨ᠎ᠳᠤ ᠲᠦᠷ ᠴᠠᠭ᠎ᠤᠨ ᠲᠤᠰᠠᠯᠠᠮᠵᠢ ᠵᠢᠨ ᠴᠡᠭ ᠪᠤᠶᠤ ᠲᠤᠯᠠᠭ᠋ᠠᠴᠠᠬᠤ ᠭᠠᠵᠠᠷ ᠭᠠᠷᠭ᠋ᠠᠵᠤ᠂ ᠲᠡᠨᠦᠭᠦᠴᠢᠯᠡᠨ ᠭᠤᠶ᠋ᠢᠷᠠᠨᠴᠢᠯᠠᠭᠴᠢᠳᠤᠨ ᠣᠶ᠋ᠢᠷ᠎ᠠ ᠬᠠᠪᠢ᠎ᠳᠤ᠎ᠪᠠᠨ ᠲᠤᠰᠠᠯᠠᠮᠵᠢ ᠭᠤᠶᠤᠴᠢᠯᠠᠬᠤ᠎ᠳᠤ ᠲᠥᠬᠥᠮ ᠦᠵᠡᠬᠦᠯᠬᠦ ᠬᠡᠷᠡᠭᠳᠡᠢ᠃
ᠣᠶ᠋ᠢᠷ᠎ᠠ ᠵᠢᠨ ᠬᠤᠭᠤᠴᠠᠭ᠋ᠠᠨ᠎ᠳᠤ ᠤᠯᠤᠰ᠎ᠤᠨ ᠳᠣᠲᠣᠭ᠋ᠠᠳᠤ᠎ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠲᠤᠬᠠᠢ ᠵᠢᠨ ᠭᠠᠵᠠᠷ᠎ᠤᠨ ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠣᠯᠠᠨ ᠭᠠᠷᠤᠭᠰᠠᠨ ᠪᠠᠶ᠋ᠢᠳᠠᠯ᠎ᠳᠤ ᠴᠢᠭᠯᠡᠭᠦᠯᠦᠨ᠂ ᠡᠯ᠎ᠡ ᠭᠠᠵᠠᠷ᠎ᠤᠨ᠎ᠬᠢᠨ ᠪᠠᠶ᠋ᠢᠩᠭᠤ ᠵᠢᠨ ᠴᠢᠨᠠᠷᠲᠠᠶ ᠰᠡᠷᠭᠡᠶ᠋ᠢᠯᠡᠨ ᠡᠵᠡᠮᠳᠡᠬᠦ ᠠᠷᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠡᠷᠭᠡᠶ᠋ᠢᠯᠡᠯᠲᠡ ᠵᠢᠨ ᠱᠤᠭᠤᠮ᠎ᠢ ᠣᠷᠳᠣ ᠬᠤᠭᠤᠴᠠᠭ᠎ᠠ᠎ᠪᠠᠷ ᠴᠢᠩᠭ᠎ᠠ ᠪᠡᠬᠢᠵᠢᠭᠦᠯᠵᠦ᠂ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠤᠭᠤᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ ᠥᠪᠡᠷ᠎ᠢ᠎ᠪᠠᠨ ᠪᠥᠬᠥ ᠲᠠᠯ᠎ᠠ᠎ᠪᠠᠷ ᠪᠠᠶ᠋ᠢᠴᠠᠭ᠋ᠠᠵᠤ᠂ ᠲᠠᠯᠠᠪᠤᠷ᠎ᠢ ᠠᠷᠢᠭᠤᠳᠬᠠᠵᠤ ᠴᠡᠪᠡᠷᠯᠡᠬᠦ ᠵᠢ ᠴᠢᠩᠭ᠋ᠠᠳᠬᠠᠨ᠂ ᠪᠡᠶ᠎ᠡ ᠵᠢᠨ ᠳᠤᠯᠠᠭ᠋ᠠᠨ᠎ᠢ ᠬᠢᠨᠠᠨ ᠬᠡᠮᠵᠢᠬᠦ᠂ ᠪᠥᠭᠡᠮ ᠬᠦᠴᠢᠯ᠎ᠤᠨ ᠪᠠᠢ᠌ᠴᠠᠭ᠋ᠠᠯᠳᠠ᠂ ᠸᠠᠺᠼᠢᠨ᠎ᠤ ᠲᠠᠷᠢᠯᠭ᠎ᠠ ᠬᠢᠬᠦ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠠᠷᠠᠳ᠎ᠤᠨ ᠶᠠᠪᠤᠳᠠᠯ᠎ᠤᠨ ᠶᠠᠮᠤᠨ ᠱᠠᠭ᠋ᠠᠷᠳᠠᠵᠠᠶ᠃