12 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠦᠯᠬᠦᠮ ᠳᠠᠭ᠋ᠠᠭᠤᠯᠤᠨ ᠬᠥᠬᠡᠬᠣᠲᠠ ᠵᠢᠨ ᠭᠣᠣᠯᠳᠠᠯᠭ᠎ᠠ᠎ᠲᠠᠢ ᠠᠵᠢᠯ ᠲᠥᠷᠥᠯ ᠪᠠ ᠭᠣᠣᠯᠳᠠᠯᠭ᠎ᠠ᠎ᠲᠠᠢ ᠲᠠᠯᠠᠪᠤᠷ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠢ᠌ᠳᠠᠯ᠎ᠢ ᠪᠠᠢ᠌ᠴᠠᠭ᠋ᠠᠨ ᠵᠢᠯᠤᠭᠤᠳᠪᠠ᠃
ᠬᠤᠸᠠᠩ ᡁᠢ ᠴᠢᠶᠠᠩ ᠬᠥᠬᠡᠬᠣᠲᠠ ᠵᠢᠨ ᠴᠸᠡᠭ ᠹᠠ ᠢᠯᠴᠢ ᠵᠢᠨ ᠬᠦᠴᠤᠨ᠎ᠤ ᠺᠤᠮᠫᠠᠨᠢ ᠵᠢᠨ ᠰᠢᠨ ᠵᠢᠶᠨ ᠶᠢᠡᠭ ᠬᠤᠪᠢᠶᠠᠷᠢ ᠺᠤᠮᠫᠠᠨᠢ ᠪᠤᠯᠤᠨ ᠬᠥᠬᠡᠬᠣᠲᠠ ᠵᠢᠨ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠬᠤᠪᠢᠶᠠᠷᠢ ᠺᠣᠮᠫᠠᠨᠢ᠎ᠳᠤ ᠬᠦᠷᠴᠦ᠂ ᠠᠵᠤ ᠠᠬᠤᠢ᠌ᠯᠠᠯ᠎ᠤᠨ ᠲᠣᠨᠣᠭ ᠲᠥᠬᠦᠭᠡᠷᠦᠮᠵᠢ ᠵᠢᠨ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠪᠠᠢ᠌ᠳᠠᠯ᠎ᠢ ᠨᠠᠷᠢᠨ ᠠᠰᠠᠭᠤᠨ ᠯᠠᠪᠯᠠᠵᠤ᠂ ᠲᠥᠪ ᠡᠵᠡᠮᠳᠡᠯ᠎ᠤᠨ ᠲᠠᠰᠤᠭ᠂ ᠠᠶᠤᠯᠲᠠᠢ ᠬᠢᠮᠢ ᠵᠢᠨ ᠪᠣᠳᠠᠰ᠎ᠢ ᠬᠠᠳᠠᠭ᠋ᠠᠯᠠᠬᠤ ᠲᠠᠰᠤᠭ ᠵᠡᠷᠭᠡ ᠭᠣᠣᠯᠳᠠᠯᠭ᠎ᠠ᠎ᠲᠠᠢ ᠭᠠᠵᠠᠷ᠎ᠢ ᠨᠠᠷᠢᠨ ᠪᠠᠢ᠌ᠴᠠᠭ᠋ᠠᠵᠤ᠂ ᠠᠮᠤᠷ ᠲᠦᠪᠰᠢᠨ᠎ᠤ ᠬᠡᠮ ᠰᠣᠭᠣᠭ᠎ᠢ ᠴᠡᠭᠴᠡᠯᠡᠨ ᠵᠠᠰᠠᠬᠤ ᠠᠵᠢᠯ᠎ᠢ ᠲᠤᠬᠠᠢ ᠵᠢᠨ ᠲᠠᠯᠠᠪᠤᠷᠲᠤᠨᠢ ᠵᠢᠭ᠋ᠠᠨ ᠵᠢᠯᠣᠭᠣᠳᠪᠠ᠃ ᠺᠠᠢ ᠶᠤᠸᠠᠨ ᠠᠭᠤᠳᠠᠮ ᠲᠠᠯᠠᠪᠠᠶ ᠵᠢᠨ ᠬᠤᠳᠠᠯᠳᠤᠭ᠋ᠠᠨ᠎ᠤ ᠲᠥᠪ᠎ᠲᠤ ᠬᠤᠸᠠᠩ ᡁᠢ ᠴᠢᠶᠠᠩ ᠠᠶᠤᠯ᠎ᠠᠴᠠ ᠵᠠᠢ᠌ᠯᠠᠬᠤ ᠭᠠᠷᠴᠨ ᠭᠠᠷᠬᠤ ᠡᠭᠦᠳᠡ᠂ ᠠᠶᠤᠯ᠎ᠠᠴᠠ ᠵᠠᠢ᠌ᠯᠠᠬᠤ ᠵᠠᠮ᠂ ᠭᠠᠯ ᠤᠨᠲᠠᠷᠠᠭ᠋ᠠᠬᠤ ᠲᠥᠬᠦᠭᠡᠷᠦᠮᠵᠢ ᠵᠢ ᠨᠢᠮᠪᠠᠢ ᠪᠠᠢ᠌ᠴᠠᠭ᠋ᠠᠵᠤ᠂ ᠢᠯᠡᠷᠡᠭᠦᠯᠦᠭᠰᠡᠨ ᠬᠡᠮ ᠰᠣᠭᠤᠭ᠎ᠢ ᠴᠡᠭᠴᠡᠯᠡᠬᠦ ᠱᠠᠭ᠋ᠠᠷᠳᠠᠯᠭ᠎ᠠ ᠵᠢ ᠲᠥᠪ ᠴᠢᠩᠭ᠎ᠠ ᠲᠤᠷᠠᠳᠪᠠ᠃
ᠬᠤᠸᠠᠡᠭ ᡁᠢ ᠴᠢᠶᠠᠡᠭ ᠴᠢᠬᠤᠯᠠᠴᠢᠯᠠᠬᠰᠠᠨ᠎ᠨᠢ᠂ ᠣᠢ᠌ᠷ᠎ᠠ ᠵᠢᠨ ᠬᠤᠭᠤᠴᠠᠭ᠋ᠠᠨ᠎ᠤ ᠡᠨᠳᠡᠯ᠎ᠠᠴᠠ ᠭᠦᠨᠵᠡᠭᠡᠢ ᠰᠤᠷᠭ᠋ᠠᠮᠵᠢ ᠠᠪᠴᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠡᠭᠦᠷᠭᠡᠯᠡᠵᠦ᠂ ᠦᠨᠤ ᠵᠢᠯ᠎ᠤᠨ ᠰᠡᠬᠦᠯᠴᠢ᠂ ᠲᠠᠷᠠᠭ᠎ᠠ ᠵᠢᠯ᠎ᠤᠨ ᠡᠬᠢᠨ᠎ᠤ ᠠᠶᠤᠯᠭᠦᠢ ᠦᠢ᠍ᠯᠡᠳᠪᠦᠷᠢᠯᠡᠯ᠎ᠤᠨ ᠶᠡᠬᠡ ᠪᠠᠢ᠌ᠴᠠᠭ᠋ᠠᠯᠲᠠ᠂ ᠶᠡᠬᠡ ᠴᠡᠭᠴᠡᠯᠡᠯᠳᠡ ᠵᠢ ᠬᠢᠨᠠᠮᠠᠭ᠋ᠠᠢ ᠰᠠᠢ᠌ᠲᠤᠷ ᠠᠳᠬᠤᠵᠤ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠡᠨ ᠰᠡᠷᠭᠦᠭᠡᠬᠦ ᠵᠢ ᠲᠦᠷᠭᠡᠳᠬᠡᠵᠦ᠂ ᠬᠢᠵᠢᠭ᠎ᠠᠴᠠ ᠪᠣᠯᠤᠭᠰᠠᠨ ᠬᠣᠬᠢᠷᠠᠯ᠎ᠢ ᠠᠯᠢ ᠴᠢᠳᠠᠬᠤ᠎ᠪᠠᠷ ᠨᠥᠬᠥᠪᠦᠷᠢᠯᠡᠬᠦ ᠬᠡᠷᠡᠭᠲᠡᠢ ᠮᠥᠷᠲᠡᠭᠡᠨ ᠠᠶᠤᠯᠭᠦᠢ ᠦᠢ᠍ᠯᠡᠳᠪᠦᠷᠢᠯᠡᠯ᠎ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠨᠳᠡᠯ ᠭᠠᠷᠬᠤ ᠵᠢ ᠡᠷᠡᠰ ᠰᠡᠷᠭᠡᠢ᠌ᠯᠡᠬᠦ ᠬᠡᠷᠡᠭᠲᠡᠢ᠃