ᠦ᠋ ᠺᠦᠩ ᠮᠢᠩ᠂ ᠵᠠᠩ ᠾᠧ ᠴᠧᠩ᠂ ᠪᠦᠦ ᠰᠢᠶᠠᠨ ᠬᠤᠸᠠ ᠨᠠᠷ ᠬᠤᠷᠠᠯ᠎ᠳᠤ ᠣᠷᠣᠯᠴᠠᠵᠠᠢ
9 ᠰᠠᠷ᠎ᠠ ᠵᠢᠨ 1 ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠡᠭᠡᠵᠢᠩ᠎ᠳᠤ ᠪᠦᠬᠦ ᠲᠠᠯ᠎ᠠ ᠵᠢᠨ ᠬᠠᠮᠲᠤᠷᠠᠯᠴᠠᠭ᠋ᠠᠨ᠎ᠤ ᠵᠦᠪᠳᠡᠯᠴᠡᠬᠡᠷ᠎ᠲᠤ ᠭᠠᠷᠤᠨ ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠷᠤᠭ᠎ᠠ ᠦ᠋ ᠺᠦᠩ ᠮᠢᠩ ᠬᠣᠶᠠᠷ ᠲᠠᠯ᠎ᠠ ᠵᠢ ᠲᠥᠯᠥᠭᠡᠯᠡᠨ ᠬᠡᠯᠡᠯᠴᠡᠭᠡᠷ᠎ᠲᠤ ᠭᠠᠷᠤᠨ ᠥᠰᠥᠭ ᠵᠢᠷᠤᠭᠰᠠᠨ ᠪᠥᠭᠡᠳ ᠶᠠᠷᠢᠶ᠎ᠠ ᠲᠠᠯᠪᠢᠵᠠᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠾᠧ ᠴᠧᠩ ᠬᠤᠷᠠᠯ᠎ᠢ ᠡᠷᠭᠢᠯᠡᠪᠡ᠃
ᠪᠦᠦ ᠰᠢᠶᠠᠨ ᠬᠤᠸᠠ ᠢᠯᠡᠷᠬᠡᠢ᠌ᠯᠡᠬᠦ᠎ᠳᠤ᠎ᠪᠠᠨ᠂ ᠣᠳᠣᠬᠠᠨ᠎ᠳᠤ ᠥᠪᠥᠷ ᠮᠣᠩᠭᠣᠯ ᠶᠠᠭ ᠰᠢ ᠵᠢᠨ ᠫᠢᠩ ᠶᠡᠷᠦᠩᠬᠡᠢ ᠱᠦᠵᠢ ᠪᠣᠯᠣᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠤ᠎ᠬᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠦᠨᠳᠦᠰᠦᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠣᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠳᠦᠬᠡᠨ ᠪᠠᠢ᠌ᠭᠤᠯᠵᠤ ᠪᠠᠢ᠌ᠨ᠎ᠠ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ᠎ᠬᠢᠨ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠᠢ᠌ᠯᠳᠤᠬᠤ ᠪᠣᠳᠣᠯᠭ᠎ᠠ ᠵᠢᠨ ᠬᠦᠴᠦᠨ᠎ᠤ ᠦᠢ᠍ᠯᠡᠳᠦᠯ ᠵᠶ᠋ᠡᠨ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠮᠠᠷᠠᠲᠤ ᠵᠢᠨ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠶ᠋ᠢᠭᠤᠯᠬᠤ᠎ᠳᠤ ᠲᠦᠰᠢᠭᠯᠡᠵᠦ᠂ ᠡᠪᠡᠰᠦᠨ᠎ᠤ ᠦᠢ᠍ᠯᠡᠰ᠂ ᠰᠦ ᠵᠢᠨ ᠦᠢ᠍ᠯᠡᠰ᠂ ᠦᠬᠡᠷ ᠬᠣᠨᠢ ᠲᠡᠵᠢᠬᠡᠬᠦ᠂ ᠢᠳᠡᠰᠢᠨ ᠨᠣᠭᠣᠭ᠎ᠠ ᠵᠡᠷᠭᠡ ᠮᠠᠨ᠎ᠤ ᠳᠠᠪᠠᠭᠤᠯᠢᠭ ᠣᠨᠴᠠᠯᠢᠭᠲᠤ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠩ ᠤᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠤᠯᠠᠷᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠬᠠᠮᠳᠤ᠎ᠪᠠᠷ ᠠᠰᠢᠭ ᠬᠦᠷᠳᠡᠬᠦ ᠬᠥᠭᠵᠢᠯᠲᠡ ᠵᠢ ᠪᠡᠶᠡᠯᠡᠭᠦᠯᠬᠦ ᠵᠢ ᠲᠤᠯᠭ᠋ᠠᠮ ᠱᠠᠭ᠋ᠠᠷᠳᠠᠵᠤ ᠪᠠᠢ᠌ᠨ᠎ᠠ᠃
ᠦ᠋ ᠺᠦᠩ ᠮᠢᠩ ᠢᠯᠡᠷᠬᠡᠢ᠌ᠯᠡᠬᠦ᠎ᠳᠤ᠎ᠪᠠᠨ᠂ ᠥᠪᠥᠷ ᠮᠣᠩᠭᠣᠯ᠎ᠤᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠡᠷᠭᠡ ᠲᠠᠯ᠎ᠠ᠎ᠪᠠᠷ᠎ᠬᠢ ᠴᠢᠬᠤᠯᠠ ᠴᠢᠨᠠᠷ ᠡᠳᠦᠷ ᠢᠷᠡᠬᠦᠶ᠎ᠡ ᠲᠣᠪᠣᠢ᠌ᠮ᠎ᠠ ᠪᠣᠯᠵᠤ ᠪᠠᠢ᠌ᠨ᠎ᠠ᠂ ᠤᠷᠴᠢᠮ᠎ᠤᠨ ᠵᠢᠯ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ᠎ᠢ ᠬᠥᠭᠵᠢᠭᠦᠯᠬᠦ》 ᠲᠣᠭᠲᠠᠴᠠ ᠵᠢᠨ ᠳᠠᠢ᠌ᠴᠢᠯᠠᠯᠲᠠ᠎ᠪᠠᠷ ᠥᠪᠥᠷ ᠮᠣᠩᠭᠣᠯ᠎ᠯᠤᠭ᠎ᠠ ᠵᠢᠨ ᠬᠠᠮᠲᠤᠷᠠᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠪᠦᠷᠢᠨ ᠪᠦᠲᠦᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠰᠲ᠋ᠧᠮ᠎ᠢ ᠨᠢᠬᠡᠨᠳᠡ ᠪᠦᠷᠢᠯᠳᠦᠭᠦᠯᠦᠭᠰᠡᠨ ᠪᠠᠢ᠌ᠨ᠎ᠠ᠃ ᠳᠠᠷᠠᠭ᠋ᠠᠴᠢ᠎ᠪᠠᠷ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ᠎ᠬᠢᠨ ᠬᠣᠶᠠᠷ ᠲᠠᠯ᠎ᠠ ᠵᠢᠨ ᠡᠯ᠎ᠡ ᠬᠦᠷᠢᠶ᠎ᠡ ᠴᠠᠷᠠᠭ᠋ᠠᠨ᠎ᠳᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠦ᠂ ᠨᠡᠩ ᠤᠯᠠᠨ ᠰᠤᠳᠤᠯᠤᠨ ᠨᠡᠭᠡᠭᠡᠬᠦ ᠲᠠᠪᠴᠠᠩ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠪᠠ ᠴᠢᠳᠠᠪᠤᠷᠢᠲᠠᠨ᠎ᠤ ᠡᠬᠢ ᠪᠠᠶᠠᠯᠢᠭ᠎ᠢ ᠥᠪᠥᠷ ᠮᠣᠩᠭᠣᠯ᠎ᠳᠤ ᠪᠠᠢ᠌ᠷᠢᠰᠢᠭᠤᠯᠵᠤ᠂ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠣᠷᠣᠨ᠎ᠤ ᠪᠦᠲᠦᠭᠡᠨ ᠪᠠᠢ᠌ᠭᠤᠯᠤᠯᠲᠠ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨᠵᠢᠯᠡᠬᠦ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃