ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠮᠤᠷ ᠲᠦᠪᠰᠢᠨ᠎ᠤ ᠲᠤᠰᠬᠠᠢ ᠴᠡᠭᠴᠡᠯᠡᠯᠳᠡ ᠵᠢ ᠴᠢᠡᠭᠭ᠋ᠠᠳᠬᠠᠬᠤ ᠠᠵᠢᠯ᠎ᠢ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2022-09-16

ᠵᠠᠩ ᠱᠤᠤ ᠴᠦᠨ ᠬᠤᠷᠠᠯ ᠡᠷᠬᠢᠯᠡᠵᠤ ᠶᠠᠷᠢᠶ᠎ᠠ ᠲᠠᠯᠪᠢᠵᠠᠢ

   

   9 ᠳ᠋ᠤᠬᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠸᠢᠳᠢᠤ᠋ ᠬᠤᠷᠠᠯ ᠬᠤᠷᠠᠯᠳᠤᠭᠤᠯᠵᠤ᠂ ᠪᠥᠬᠥ ᠣᠷᠣᠨ᠎ᠳᠤ ᠡᠵᠡᠩᠨᠡᠯᠲᠡ ᠵᠢᠨ ᠴᠢᠨᠠᠷᠲᠠᠢ ᠥᠪᠡᠰᠦᠪᠡᠨ ᠪᠠᠢ᠌ᠭᠤᠯᠤᠭᠰᠠᠨ ᠭᠡᠷ ᠪᠠᠢ᠌ᠰᠢᠩ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠯᠳᠡ ᠵᠢ ᠴᠢᠡᠭᠭ᠋ᠠᠳᠬᠠᠬᠤ ᠠᠵᠢᠯ᠎ᠢ ᠪᠠᠢ᠌ᠷᠢᠯᠠᠭᠤᠯᠤᠨ᠂ ᠡᠯ᠎ᠡ ᠲᠥᠷᠥᠯ᠎ᠤᠨ ᠡᠨᠳᠡᠯ ᠭᠠᠷᠬᠤ ᠵᠢ ᠡᠷᠡᠰ  ᠰᠡᠷᠬᠡᠢ᠌ᠯᠡᠬᠦ ᠬᠡᠷᠡᠭᠳᠡᠢ ᠭᠡᠵᠤ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠠᠢ᠌ᠮᠠᠭ ᠬᠣᠲᠠ ᠵᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠤᠯᠤᠰ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠵᠢᠯ᠎ᠤᠨ ᠪᠠᠢ᠌ᠷᠢᠯᠠᠭᠤᠯᠤᠯᠲᠠ ᠶᠤᠰᠤᠭ᠋ᠠᠷ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ 《ᠲᠦᠷᠭᠡᠨ᠂ ᠣᠨᠣᠪᠴᠢᠲᠠᠶ᠂ ᠴᠢᠩᠭ᠎ᠠ᠂ ᠪᠣᠳᠠᠲᠠᠢ》 ᠱᠠᠭ᠋ᠠᠷᠳᠠᠯᠭ᠎ᠠ᠎ᠪᠠᠷ ᠡᠵᠡᠩᠨᠡᠯᠲᠡ ᠵᠢᠨ ᠴᠢᠨᠠᠷᠲᠠᠢ ᠥᠪᠡᠰᠦᠪᠡᠨ ᠪᠠᠢ᠌ᠭᠤᠯᠤᠭᠰᠠᠨ ᠭᠡᠷ ᠪᠠᠢ᠌ᠰᠢᠩ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠬᠦ ᠠᠵᠢᠯ᠎ᠳᠤ ᠬᠣᠶᠠᠷ ᠰᠠᠷ᠎ᠠ ᠣᠷᠴᠢᠮ᠎ᠤᠨ ᠴᠠᠭ ᠬᠤᠭᠤᠴᠠᠭ᠎ᠠ ᠵᠢ ᠬᠡᠷᠡᠭᠯᠡᠵᠦ ᠪᠠᠢ᠌ᠭ᠋ᠠᠳ 《ᠡᠷᠬᠢᠨ ᠬᠠᠷᠠᠬᠤ》 ᠠᠵᠢᠯ ᠬᠢᠵᠦ᠂ 《ᠵᠠᠭᠤᠨ ᠡᠳᠦᠷ᠎ᠤᠨ ᠠᠵᠢᠯᠯᠠᠭ᠎ᠠ》 ᠵᠢᠨ ᠠᠵᠢᠯ᠎ᠤᠨ ᠦᠷ᠎ᠡ ᠪᠦᠲᠦᠮᠵᠢ ᠵᠢ ᠪᠡᠬᠢᠵᠢᠭᠦᠯᠦᠨ᠂ ᠭᠡᠷ ᠪᠠᠢ᠌ᠰᠢᠩ᠎ᠤᠨ ᠬᠠᠮᠢᠶᠠᠷᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ᠂ ᠠᠮᠤᠷ ᠲᠦᠪᠰᠢᠨ ᠪᠥᠭᠡᠳ ᠲᠣᠭᠲᠠᠭᠤᠨ ᠨᠡᠢ᠌ᠭᠡᠮ᠎ᠤᠨ ᠣᠷᠴᠢᠨ ᠲᠣᠭᠣᠷᠢᠨ᠎ᠢ ᠬᠦᠴᠦᠯᠡᠨ ᠪᠣᠶ ᠪᠤᠯᠭ᠋ᠠᠬᠤ ᠬᠡᠷᠡᠭᠳᠡᠢ᠃
   ᠬᠤᠷᠠᠯ ᠲᠡᠬᠡᠷ᠎ᠡ ᠪᠠᠰᠠ ᠪᠦᠬᠦ ᠣᠷᠣᠨ᠎ᠤ ᠬᠤᠳᠠ ᠪᠠᠯᠭ᠋ᠠᠰᠤᠨ᠎ᠤ ᠰᠢᠲᠠᠮᠠᠬᠠᠢ ᠬᠡᠢ ᠵᠢᠨ ᠠᠶᠤᠯᠬᠦᠢ ᠵᠢ ᠴᠡᠭᠴᠡᠯᠡᠬᠦ ᠠᠵᠢᠯ᠎ᠢ ᠭᠦᠨᠵᠡᠭᠡᠢ᠌ᠷᠡᠭᠦᠯᠬᠦ ᠲᠤᠬᠠᠢ ᠱᠠᠭ᠋ᠠᠷᠳᠠᠯᠭ᠎ᠠ ᠳᠤᠷᠠᠳᠴᠠᠢ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠪᠠ
ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠥᠪᠥᠷ ᠮᠣᠩᠭᠣᠯ᠎ᠤᠨ ᠠᠵᠢᠯᠯᠠᠬᠤ ᠳᠤᠭᠤᠢ᠌ᠯᠠᠩ᠎ᠤᠨ᠎ᠬᠢᠨ ᠬᠥᠬᠡᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ ᠡᠮᠦᠨ᠎ᠡ ᠹᠷᠤᠨᠲ᠎ᠲᠤ ᠪᠠᠢ᠌ᠴᠠᠭ᠋ᠠᠨ ᠠᠵᠢᠯ᠎ᠢ ᠵᠢᠭ᠋ᠠᠨ ᠵᠢᠯᠣᠭᠣᠳᠪᠠ
ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠥᠪᠥᠷ ᠮᠣᠩᠭᠣᠯ᠎ᠳᠤ᠎ᠬᠢ ᠠᠵᠢᠯᠯᠠᠬᠤ ᠳᠤᠭᠤᠢ᠌ᠯᠠᠩ᠎ᠤᠨ᠎ᠬᠢᠨ ᠬᠦᠬᠡᠬᠤᠳᠠ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠵᠢᠯᠤᠭᠣᠳᠬᠤ ᠵᠢᠨ ᠬᠠᠮᠲᠤ ᠡᠯ᠎ᠡ ᠮᠤᠵᠢ ᠬᠣᠲᠠ ᠵᠢᠨ ᠬᠥᠬᠡᠬᠣᠲᠠ ᠵᠢ ᠲᠤᠰᠠᠯᠠᠬᠤ ᠡᠮᠴᠢᠯᠡᠭᠡᠨ᠎ᠤ ᠠᠩᠭᠢ ᠵᠢᠨ᠎ᠬᠢᠨ᠎ᠢ ᠲᠣᠬᠣᠨᠢᠭᠤᠯᠪᠠ
ᠬᠤᠸᠠᠩ ᡁᠢ ᠴᠢᠶᠠᠩ ᠬᠥᠬᠡᠬᠣᠲᠠ᠎ᠳᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠬᠢᠨᠠᠨ ᠵᠢᠯᠤᠭᠣᠳᠴᠤ ᠪᠠᠢ᠌ᠴᠠᠭ᠋ᠠᠪᠠ
ᠮᠠᠨ᠎ᠤ ᠣᠷᠣᠨ 395 ᠮᠤ᠌ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠠᠪᠤᠷ ᠪᠤᠯᠤᠡᠭᠭᠤᠳᠠ ᠡᠬᠢᠯᠡᠬᠦᠯᠪᠡ
 
            