ᠼᠤᠤ ᠰᠢᠤᠸᠠᠢ ᠲᠤᠤ᠂ ᠪᠤᠤ ᠭᠠᠡᠭ᠂ ᠪᠦᠦ ᠰᠢᠶᠠᠨ ᠬᠤᠸᠠ ᠲᠣᠬᠣᠨᠢᠭᠤᠯᠬᠤ᠎ᠳᠤ ᠣᠷᠣᠯᠴᠠᠪᠠ
10 ᠰᠠᠷ᠎ᠠ ᠵᠢᠨ 18᠎ᠤ ᠦᠳᠡ ᠵᠢᠨ ᠡᠮᠦᠨ᠎ᠡ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠥᠪᠥᠷ ᠮᠣᠩᠭᠣᠯ᠎ᠳᠤ᠎ᠬᠢ ᠠᠵᠢᠯᠯᠠᠬᠤ ᠳᠤᠭᠤᠢ᠌ᠯᠠᠩ᠎ᠤᠨ ᠳᠠᠷᠤᠭ᠎ᠠ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠳᠡᠳ᠋ ᠡᠷᠬᠢᠯᠡᠭᠴᠢ ᠼᠤᠤ ᠰᠢᠤᠸᠠᠢ ᠲᠤᠤ ᠠᠵᠢᠯᠯᠠᠬᠤ ᠳᠤᠭᠤᠢ᠌ᠯᠠᠩ᠎ᠤᠨ ᠭᠡᠰᠢᠭᠦᠳ ᠵᠶ᠋ᠡᠨ ᠳᠠᠭ᠋ᠠᠭᠤᠯᠤᠨ ᠢᠦᠢ ᠴᠢᠤᠸᠠᠨ ᠲᠣᠭᠣᠷᠢᠭ᠎ᠤᠨ ᠬᠤᠷᠢᠶᠠᠯᠠᠯᠤᠳᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠪᠠᠢ᠌ᠴᠠᠭ᠋ᠠᠨ ᠰᠤᠳᠤᠯᠵᠤ ᠵᠢᠯᠣᠭᠣᠳᠪᠠ᠃ ᠲᠤᠰ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠷᠬᠢᠯᠡᠭᠴᠢ ᠰᠢᠦᠢ ᠬᠣᠩ ᡁᠢᠲᠠᠢ ᠬᠠᠮᠲᠤ ᠡᠯ᠎ᠡ ᠮᠤᠵᠢ ᠬᠣᠲᠠ ᠵᠢᠨ ᠬᠥᠬᠡᠬᠣᠲᠠ ᠵᠢ ᠲᠤᠰᠠᠯᠠᠬᠤ ᠡᠮᠴᠢᠯᠡᠭᠡᠨ᠎ᠤ ᠠᠩᠭᠢ ᠵᠢᠨ᠎ᠬᠢᠨ᠎ᠢ ᠪᠣᠯᠭᠣᠭ᠋ᠠᠨ ᠦᠵᠡᠵᠦ᠂ ᠲᠡᠳᠡᠨ᠎ᠳᠤ ᠬᠦᠨᠳᠦᠳᠬᠡᠯ ᠲᠠᠯᠠᠷᠬᠠᠯ ᠵᠶ᠋ᠠᠨ ᠳᠡᠪᠰᠢᠭᠦᠯᠪᠡ᠃
ᠠᠵᠢᠯᠯᠠᠬᠤ ᠲᠤᠭᠤᠢ᠌ᠯᠠᠡᠭ᠎ᠤᠨ᠎ᠬᠢᠨ ᠢᠦᠢ ᠴᠢᠤᠸᠠᠨ ᠲᠣᠭᠣᠷᠢᠭ᠎ᠤᠨ ᠰᠢᠨ ᠺᠠᠢ ᠶᠤᠸᠠᠨ ᠬᠤᠷᠢᠶᠠᠯᠠᠯ᠎ᠳᠤ ᠪᠢᠲᠡᠭᠦᠮᠵᠢᠯᠡᠨ ᠡᠵᠡᠮᠳᠡᠵᠦ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ ᠦᠵᠡᠭᠰᠡᠨ᠎ᠤ ᠲᠠᠷᠠᠭ᠎ᠠ ᠵᠢᠭ᠋ᠠᠵᠤ ᠭᠠᠷᠭ᠋ᠠᠭᠰᠠᠨ᠎ᠨᠢ᠂ ᠨᠡᠢ᠌ᠭᠡᠮ ᠲᠣᠭᠣᠷᠢᠭ᠎ᠤᠨ᠎ᠬᠢᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠬᠠᠮᠰᠠᠷ ᠵᠶ᠋ᠠᠨ ᠤᠯᠠᠮ ᠳᠡᠭᠡᠭᠰᠢᠯᠡᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠦᠡᠮᠳᠡᠬᠦ ᠠᠷᠭ᠎ᠠ ᠵᠢ ᠴᠢᠩᠭ᠎ᠠ᠂ ᠪᠣᠳᠠᠲᠠᠢ᠂ ᠨᠠᠷᠢᠯᠢᠭ ᠨᠠᠢ᠌ᠳᠠᠪᠤᠷᠢᠵᠢᠭᠤᠯᠬᠤ ᠬᠡᠷᠡᠭᠲᠡᠢ᠃ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠢ ᠬᠦᠷᠭᠡᠬᠦ ᠪᠠ ᠠᠷᠢᠭᠤᠳᠬᠠᠬᠤ ᠠᠵᠢᠯ᠎ᠢ ᠰᠠᠢ᠌ᠲᠤᠷ ᠬᠢᠵᠦ᠂ ᠬᠢᠵᠢᠭ ᠬᠠᠯᠳᠠᠪᠤᠷᠢᠯᠠᠬᠤ ᠬᠡᠮ ᠰᠤᠭᠤᠭ᠎ᠢ ᠠᠷᠢᠯᠭ᠋ᠠᠬᠤ ᠬᠡᠷᠡᠭᠲᠡᠢ᠃ ᠰᠡᠳᠬᠢᠯ ᠵᠶ᠋ᠡᠷ ᠵᠶ᠋ᠡᠨ ᠰᠡᠳᠬᠢᠯ ᠵᠶ᠋ᠡᠨ ᠮᠡᠳᠡᠯᠴᠡᠵᠦ᠂ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠠᠯᠢ ᠴᠢᠳᠠᠬᠤ᠎ᠪᠠᠷ ᠬᠠᠩᠭ᠋ᠠᠵᠤ᠂ ᠤᠯᠠᠨ ᠲᠦᠮᠡᠨ᠎ᠤ ᠰᠡᠳᠬᠢᠯ ᠰᠠᠨᠠᠭ᠎ᠠ ᠵᠢ ᠲᠠᠢ᠌ᠳᠬᠤᠷᠠᠭᠤᠯᠬᠤ ᠠᠵᠢᠯ᠎ᠢ ᠨᠢᠮᠪᠠᠢ ᠬᠢᠵᠦ᠂ ᠤᠯᠠᠨ ᠲᠦᠮᠡᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠤᠬᠠᠢ ᠣᠢ᠌ᠯᠠᠭ᠋ᠠᠯᠲᠠ ᠳᠡᠮᠵᠢᠯᠭᠡ ᠵᠢ ᠣᠯᠬᠤ ᠬᠡᠷᠡᠭᠲᠡᠢ᠃ ᠡᠮᠦᠨ᠎ᠡ ᠹᠷᠣᠨᠲ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯᠲᠠᠨ᠎ᠢ ᠬᠠᠯᠠᠮᠵᠢᠯᠠᠨ᠂ ᠬᠢᠵᠢᠭ᠎ᠢ ᠰᠡᠷᠭᠡᠢ᠌ᠯᠡᠬᠦ ᠡᠳ᠋ ᠪᠣᠳᠠᠰ ᠪᠠ ᠠᠮᠢᠳᠤᠷᠠᠯ᠎ᠤᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠃
ᠲᠣᠬᠣᠨᠢᠭᠤᠯᠬᠤ ᠳᠤᠭᠤᠢ᠌ᠯᠠᠩ᠎ᠤᠨ᠎ᠬᠢᠨ ᠵᠢᠶᠠᠩᠰᠤ᠂ ᠵᠧᠵᠢᠶᠠᠩ᠂ ᠾᠧᠪᠧᠢ᠂ ᠲᠢᠶᠠᠨᠵᠢᠨ᠂ ᠬᠠᠷᠠᠮᠥ᠋ᠷᠡᠨ᠂ ᠱᠠᠨᠰᠢ᠂ ᠴᠦᠩᠴᠢᠩ᠂ ᠭᠤᠸᠠᠩᠳᠦ᠋ᠩ ᠵᠡᠷᠭᠡ ᠬᠥᠬᠡᠬᠣᠲᠠ ᠵᠢᠨ᠎ᠬᠢᠨ᠎ᠢ ᠲᠤᠰᠠᠯᠠᠵᠤ ᠪᠠᠢ᠌ᠭ᠎ᠠ ᠡᠮᠴᠢᠯᠡᠭᠡᠨ᠎ᠤ ᠠᠩᠭᠢ ᠵᠢᠨ ᠰᠠᠭᠤᠭ᠎ᠠ ᠭᠠᠵᠠᠷ᠎ᠲᠤ ᠬᠦᠷᠴᠤ᠂ ᠲᠤᠰᠠᠯᠠᠬᠤ ᠠᠵᠢᠯ ᠥᠷᠨᠢᠭᠦᠯᠦᠭᠰᠡᠨ ᠪᠠ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠪᠠᠢ᠌ᠳᠠᠯ᠎ᠢ ᠳᠣᠲᠣᠨᠣ᠎ᠪᠠᠷ ᠠᠰᠠᠭᠤᠨ ᠯᠠᠪᠯᠠᠵᠠᠢ᠃ ᠲᠣᠬᠣᠨᠢᠭᠤᠯᠬᠤ ᠶᠠᠪᠤᠴᠠ᠎ᠳᠤ ᠼᠤᠤ ᠰᠢᠤᠸᠠᠢ ᠲᠤᠤ᠂ ᠡᠨᠡ ᠤᠳᠠᠭ᠎ᠠ ᠬᠢᠵᠢᠭ᠎ᠤᠨ ᠪᠠᠢ᠌ᠳᠠᠯ ᠡᠭᠦᠰᠦᠭᠰᠡᠨ᠎ᠠᠴᠠ ᠨᠠᠭ᠋ᠠᠰᠢ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ᠎ᠬᠢᠨ ᠡᠯ᠎ᠡ ᠭᠠᠵᠠᠷ᠎ᠤᠨ ᠰᠢᠯᠢᠳᠡᠭ ᠬᠦᠴᠦᠨ᠎ᠢ ᠲᠣᠬᠢᠷᠠᠭᠤᠯᠤᠨ ᠬᠥᠬᠡᠬᠣᠲᠠ ᠵᠢᠨ᠎ᠬᠢᠨ᠎ᠢ ᠲᠤᠰᠠᠯᠠᠵᠤ᠂ᠡᠮ ᠡᠮᠨᠡᠯᠭᠡ ᠵᠢᠨ ᠠᠩᠭᠢ ᠵᠢᠨ ᠭᠡᠰᠢᠭᠦᠳ ᠵᠠᠷᠯᠢᠭ᠎ᠢ ᠰᠣᠨᠣᠰᠤᠮᠠᠭᠴᠠ ᠬᠥᠳᠡᠯᠵᠦ᠂ ᠠᠢ᠌ᠯ ᠪᠦᠯᠢ᠎ᠪᠠᠨ ᠤᠷᠬᠢᠨ ᠤᠯᠠᠨ᠎ᠢ ᠬᠠᠷᠠᠭ᠋ᠠᠯᠵᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠡᠮ ᠡᠮᠨᠡᠯᠭᠡ ᠵᠢᠨ ᠠᠵᠢᠯᠲᠠᠳ᠎ᠤᠨ ᠡᠭᠦᠷᠭᠡ ᠬᠠᠷᠢᠭᠤᠴᠠᠯᠭ᠎ᠠ ᠵᠢ ᠲᠠᠢ᠌ᠯᠪᠤᠷᠢᠯᠠᠵᠤ᠂ ᠪᠠᠰᠠ《ᠪᠦᠬᠦ ᠤᠯᠤᠰ ᠵᠶ᠋ᠠᠷ ᠵᠶ᠋ᠠᠨ ᠨᠢᠭᠡ ᠬᠥᠯᠭᠡ ᠰᠢᠲᠠᠷ᠎ᠠ》 ᠵᠢᠨ ᠳᠦᠷᠢᠮ᠎ᠤᠨ ᠳᠠᠪᠠᠭᠤᠯᠢᠭ ᠪᠣᠯᠣᠨ 《ᠪᠦᠬᠦ ᠤᠯᠤᠰ᠎ᠤᠨ ᠠᠷᠠᠳ ᠲᠦᠮᠡᠨ ᠨᠢᠭᠡ ᠭᠡᠷ᠎ᠤᠨ ᠬᠥᠮᠥᠰ》 ᠪᠤᠯᠬᠤ ᠭᠦᠨ ᠵᠤᠵᠠᠭ᠋ᠠᠨ ᠨᠥᠬᠥᠷᠯᠡᠯ᠎ᠢ ᠢᠯᠡᠷᠡᠭᠦᠯᠵᠡᠢ᠃ ᠡᠯ᠎ᠡ ᠡᠮ ᠡᠮᠨᠡᠯᠭᠡ ᠵᠢᠨ ᠠᠩᠭᠢ ᠵᠢᠨ ᠭᠡᠰᠢᠭᠦᠳ ᠬᠢᠵᠢᠭ᠎ᠲᠠᠢ ᠲᠡᠮᠡᠴᠡᠬᠦ ᠠᠭᠤᠤ ᠶᠡᠬᠡ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠤ᠂ 《ᠠᠷᠠᠳ ᠲᠦᠮᠡᠨ᠎ᠢ ᠳᠡᠭᠡᠳᠦᠯᠡᠵᠦ᠂ ᠠᠮᠢ ᠨᠠᠰᠤ ᠵᠢ ᠳᠡᠭᠡᠳᠦᠯᠡᠬᠦ》 ᠵᠢ ᠪᠠᠷᠢᠮᠲᠠᠯᠠᠵᠤ᠂ ᠬᠠᠷᠢᠶ᠎ᠠ ᠭᠠᠵᠠᠷ᠎ᠤᠨ ᠡᠮ ᠡᠮᠨᠡᠯᠭᠡ ᠵᠢᠨ ᠠᠵᠢᠯᠲᠠᠳ᠎ᠲᠠᠢ ᠭᠠᠷ ᠬᠣᠯᠪᠣᠨ ᠲᠡᠮᠡᠴᠡᠵᠦ᠂ ᠬᠥᠬᠡᠬᠣᠲᠠ ᠵᠢᠨ᠎ᠬᠢᠨ᠎ᠤ ᠬᠢᠵᠢᠭ᠎ᠲᠠᠢ ᠲᠡᠮᠡᠴᠡᠬᠦ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠬᠦ ᠵᠢᠨ ᠬᠠᠮᠳᠤ ᠥᠪᠡᠷ᠎ᠢ᠎ᠪᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠵᠤ᠂ ᠠᠵᠢᠯᠯᠠᠵᠤ ᠠᠮᠠᠷᠠᠬᠤ ᠵᠢ ᠤᠶᠠᠯᠳᠤᠭᠤᠯᠵᠤ᠂᠂ ᠴᠤᠭ ᠪᠠᠳᠠᠷᠠᠩᠭᠤᠢ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠪᠠᠢ᠌ᠯᠳᠤᠭ᠋ᠠᠨ᠎ᠳᠤ ᠣᠷᠣᠯᠴᠠᠵᠤ᠂ ᠡᠷᠲᠡᠬᠡᠨ ᠢᠯᠠᠯᠲᠠ ᠣᠯᠵᠤ᠂ ᠢᠯᠠᠯᠲᠠ᠎ᠲᠠᠢ᠎ᠪᠠᠷ ᠪᠤᠴᠠᠵᠠᠭ᠋ᠠᠬᠤᠪᠠᠷ ᠴᠢᠷᠮᠠᠢ᠌ᠬᠤ ᠬᠡᠷᠡᠭᠲᠡᠢ ᠬᠡᠵᠡᠢ᠃
ᠡᠯ᠎ᠡ ᠡᠮᠨᠡᠯᠭᠡ ᠵᠢᠨ ᠠᠩᠭᠢ ᠵᠢᠨ᠎ᠬᠢᠨ ᠬᠦᠨᠳᠦ ᠨᠠᠶ᠋ᠢᠳᠠᠯᠭ᠎ᠠ ᠵᠢ ᠬᠥᠰᠡᠷᠳᠡᠭᠦᠯᠬᠦ ᠦᠭᠡᠢ᠎ᠪᠠᠷ ᠪᠦᠯᠬᠦᠮᠳᠡᠨ ᠬᠠᠮᠵᠢᠯᠴᠠᠵᠤ᠂ ᠬᠥᠬᠡᠬᠣᠲᠠ ᠵᠢᠨ ᠠᠷᠠᠳ ᠲᠦᠮᠡᠨ᠎ᠲᠠᠢ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠵᠤ᠂ ᠬᠥᠬᠡᠬᠣᠲᠠ ᠵᠢ ᠲᠤᠰᠠᠯᠠᠨ ᠬᠢᠵᠢᠭ᠎ᠤᠨ ᠪᠠᠢ᠌ᠳᠠᠯ᠎ᠢ ᠡᠰᠡᠷᠭᠦᠴᠡᠬᠦ ᠡᠭᠦᠷᠭᠡ ᠵᠢ ᠡᠷᠡᠰ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃