ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠥᠬᠥ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2022-10-10


ᠶᠠᠩ ᠸᠧᠢ ᠳ᠋ᠦᠩ ᠶᠠᠷᠢᠶ᠎ᠠ ᠲᠠᠯᠪᠢᠵᠤ ᠯᠢ ᠪᠢᠩ ᠷᠦᠩ ᠬᠤᠷᠠᠯ᠎ᠢ ᠡᠷᠬᠢᠯᠡᠪᠡ
 
    9 ᠳ᠋ᠤᠬᠡᠷ ᠰᠠᠷ᠎ᠠ ᠵᠢᠨ 28᠎ᠤ ᠡᠳᠦᠷ᠂ ᠪᠥᠬᠥ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠤᠬᠠᠢ ᠵᠢᠨ ᠲᠠᠯᠠᠪᠤᠷ᠎ᠤᠨ ᠬᠤᠷᠠᠯ ᠤᠯᠠᠭ᠋ᠠᠨᠴᠠᠪ ᠬᠣᠲᠠ᠎ᠳᠤ ᠬᠤᠷᠠᠯᠳᠤᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠶᠠᠩ ᠸᠧᠢ ᠳ᠋ᠦᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ᠎ᠢ ᠡᠷᠭᠢᠯᠡᠭᠰᠡᠨ ᠪᠥᠭᠡᠳ ᠦᠨᠤ ᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢᠨ ᠨᠠᠷᠢᠨ ᠲᠠᠩᠰᠠ ᠵᠢ ᠪᠠᠢ᠌ᠷᠢᠯᠠᠭᠤᠯᠪᠠ᠃
   ᠶᠠᠩ ᠸᠧᠢ ᠳ᠋ᠦᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ᠎ᠪᠠᠷ ᠲᠡᠷᠢᠭᠦᠨ ᠴᠢᠬᠤᠯᠠ ᠢᠨᠵᠧᠨᠧᠷᠢᠩ ᠪᠣᠯᠭ᠋ᠠᠵᠤ᠂ ᠣᠷᠣᠭᠤᠯᠤᠯᠲᠠ ᠬᠦᠷᠦᠯᠴᠡᠬᠦ ᠦᠭᠡᠢ᠂ ᠶᠠᠰᠤ ᠴᠢᠨᠠᠷ ᠠᠨᠠᠢ᠂ ᠬᠠᠮᠢᠶᠠᠷᠴᠤ ᠬᠠᠮᠠᠭ᠋ᠠᠯᠠᠭᠰᠠᠨ᠎ᠨᠢ ᠮᠠᠭᠤ᠂ ᠲᠣᠭᠲᠠᠴᠠ ᠰᠢᠯᠢᠳᠡᠭ ᠪᠤᠰᠤ᠂ ᠠᠬᠢᠭᠤᠯᠤᠭᠰᠠᠨ ᠵᠶ᠋ᠠᠷ ᠰᠤᠯᠨ ᠪᠠᠢ᠌ᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠪᠡᠭᠡᠵᠢᠩ᠂ ᠲᠢᠶᠠᠨᠵᠢᠨ᠂ ᠾᠧᠪᠧᠢ ᠵᠢᠨ ᠡᠷᠬᠢᠨ ᠲᠣᠭᠣᠷᠢᠨ᠎ᠤ ᠠᠢ᠌ᠮᠠᠭ ᠬᠣᠲᠠ᠎ᠳᠤ  ᠲᠦᠬᠦᠬᠡᠷᠤᠮᠵᠢᠳᠤ ᠲᠠᠷᠢᠶᠠᠯᠠᠩ᠎ᠢ ᠭᠣᠣᠯᠳᠠᠯᠭ᠎ᠠ᠎ᠲᠠᠢ ᠪᠠᠢ᠌ᠷᠢᠰᠢᠭᠤᠯᠵᠤ᠂ ᠢᠳᠡᠰᠢᠨ ᠨᠣᠭᠣᠭ᠎ᠠ ᠪᠠ ᠭᠤᠸᠠ ᠵᠢᠮᠢᠰ᠂ ᠢᠳᠡᠭᠡᠨ᠎ᠤ ᠮᠥᠭᠥ᠂ ᠴᠡᠴᠡᠭ ᠡᠪᠡᠰᠦ᠂ ᠡᠪᠡᠰᠦᠨ ᠡᠮ᠂ ᠣᠬᠢ ᠴᠢᠬᠢ ᠮᠣᠳᠣ ᠵᠡᠷᠭᠡ ᠲᠠᠷᠢᠮᠠᠯ᠎ᠤᠨ ᠦᠢ᠍ᠯᠡᠰ᠎ᠢ ᠶᠡᠬᠡ᠎ᠪᠠᠷ ᠬᠥᠭᠵᠢᠭᠦᠯᠦᠨ᠎ᠡ᠃ ᠲᠦᠬᠦᠬᠡᠷᠤᠮᠵᠢᠳᠤ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠯᠠᠰᠢᠨ ᠦᠬᠡᠷ᠂ ᠠᠯᠠᠰᠢᠨ ᠬᠣᠨᠢ᠂ ᠰᠠᠭ᠋ᠠᠯᠢ ᠵᠢᠨ ᠦᠨᠢᠶ᠎ᠡ  ᠲᠡᠵᠢᠬᠡᠬᠦ ᠦᠢ᠍ᠯᠡᠰ᠎ᠢ ᠦᠷᠭᠦᠯᠵᠢᠯᠡᠨ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠲᠡᠮᠡᠭᠡ᠂ ᠲᠡᠮᠡᠭᠡᠨ ᠬᠢᠷᠭᠤᠤᠯ᠂ ᠱᠣ᠋ ᠪᠤᠭᠤ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠵᠢ ᠢᠳᠡᠪᠬᠢᠲᠡᠢ ᠬᠥᠭᠵᠢᠭᠦᠯᠦᠨ᠎ᠡ᠃ ᠡᠪᠡᠰᠦ ᠪᠤᠷᠳᠤᠭ᠎ᠠ᠂ ᠨᠢᠮᠪᠡᠭᠡ᠂ ᠴᠠᠷᠭ᠋ᠠᠰᠤ ᠵᠡᠷᠭᠡ ᠴᠢᠨᠠᠷ ᠰᠠᠢ᠌ᠲᠠᠢ ᠲᠡᠵᠢᠭᠡᠯ ᠡᠪᠡᠰᠦ ᠲᠠᠷᠢᠬᠤ ᠦᠢ᠍ᠯᠡᠰ᠎ᠢ ᠬᠥᠭᠵᠢᠭᠦᠯᠵᠦ᠂ ᠭᠠᠳᠠᠭ᠋ᠠᠳᠤ᠎ᠠᠴᠠ ᠣᠷᠣᠭᠤᠯᠬᠤ᠎ᠳᠤ ᠲᠦᠰᠢᠭᠯᠡᠬᠦ ᠠᠰᠠᠭᠤᠳᠠᠯ᠎ᠢ ᠰᠢᠢ᠍ᠳᠪᠦᠷᠢᠯᠡᠨ᠎ᠡ᠃ ᠦᠷ᠎ᠡ ᠪᠣᠢ᠌ᠵᠢᠭᠤᠯᠬᠤ ᠠᠵᠤ ᠠᠬᠤᠢ᠌ᠯᠠᠯ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ 《ᠮᠠᠩᠯᠠᠢ᠌ᠯᠠᠭᠤᠯᠬᠤ》 ᠲᠥᠷᠥᠯ ᠵᠦᠢ᠍ᠯ᠎ᠢ ᠰᠠᠢ᠌ᠲᠤᠷ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠲᠡᠶ᠋ᠢᠨ᠎ᠢ ᠰᠠᠢ᠌ᠲᠤᠷ ᠬᠢᠨ᠎ᠡ᠃ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠰᠠᠢ᠌ᠲᠤᠷ ᠪᠠᠢ᠌ᠭᠤᠯᠵᠤ᠂ ᠪᠦᠲᠦᠭᠡᠭᠳᠡᠬᠦᠨ᠎ᠤ ᠰᠢᠨ᠎ᠡ ᠵᠢ ᠡᠭᠦᠳᠬᠦ ᠵᠢ ᠰᠠᠢ᠌ᠲᠤᠷ ᠬᠢᠵᠦ᠂ ᠬᠥᠲᠥᠴᠢ ᠠᠵᠤ ᠠᠬᠤᠢ᠌ᠯᠠᠯ᠎ᠢ ᠰᠠᠢ᠌ᠲᠤᠷ ᠪᠣᠢ᠌ᠵᠢᠭᠤᠯᠤᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ ᠵᠢ  ᠴᠢᠷᠮᠠᠢ᠌ᠨ ᠠᠬᠢᠭᠤᠯᠤᠨ᠎ᠠ᠃ ᠨᠢᠭᠡᠳᠦᠯᠲᠡᠢ ᠨᠠᠷᠠᠲᠤ ᠲᠥᠷᠥᠯ ᠲᠡᠮᠳᠡᠭᠲᠦ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠪᠣᠭᠣᠳᠠᠯᠯᠠᠬᠤ᠂ ᠨᠢᠭᠡᠳᠦᠯᠲᠡᠢ ᠤᠬᠠᠭᠤᠯᠬᠤ᠂ ᠨᠢᠭᠡᠳᠦᠯᠲᠡᠢ ᠡᠵᠡᠩᠨᠡᠨ ᠪᠣᠷᠣᠯᠠᠭᠤᠯᠬᠤ ᠵᠢ ᠪᠠᠷᠢᠮᠲᠠᠯᠠᠵᠤ᠂ ᠥᠪᠥᠷ ᠮᠣᠩᠭᠣᠯ᠎ᠤᠨ ᠪᠥᠬᠥ ᠬᠦᠷᠢᠶ᠎ᠡ ᠴᠠᠷᠠᠭ᠋ᠠᠨ᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠨᠠᠷᠠᠲᠤ ᠲᠥᠷᠥᠯ ᠲᠡᠮᠳᠡᠭᠲᠦ ᠵᠢ ᠪᠣᠢ᠌ᠵᠢᠭᠤᠯᠬᠤ ᠪᠠ ᠪᠣᠶ ᠪᠤᠯᠭ᠋ᠠᠬᠤ ᠬᠡᠷᠡᠭᠳᠡᠢ ᠬᠡᠵᠡᠢ᠃
    ᠬᠤᠷᠠᠯ᠎ᠳᠤ ᠤᠷᠤᠯᠴᠠᠬᠰᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠥᠬᠥᠭᠡᠷᠦᠮᠵᠢᠲᠦ ᠲᠠᠷᠢᠶᠠᠯᠠᠩ᠂ ᠲᠥᠬᠥᠭᠡᠷᠦᠮᠵᠢᠲᠦ ᠮᠠᠯ ᠠᠵᠤ ᠠᠬᠤᠢ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ ᠲᠦᠷᠦᠯ ᠵᠦᠢ᠍ᠯ᠎ᠢ ᠲᠣᠭᠣᠷᠢᠨ ᠦᠵᠡᠵᠡᠬᠡᠪᠡ᠃




 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠥᠪᠥᠷ ᠮᠣᠩᠭᠣᠯ᠎ᠤᠨ ᠠᠵᠢᠯᠯᠠᠬᠤ ᠳᠤᠭᠤᠢ᠌ᠯᠠᠩ᠎ᠤᠨ᠎ᠬᠢᠨ ᠬᠥᠬᠡᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ ᠡᠮᠦᠨ᠎ᠡ ᠹᠷᠤᠨᠲ᠎ᠲᠤ ᠪᠠᠢ᠌ᠴᠠᠭ᠋ᠠᠨ ᠠᠵᠢᠯ᠎ᠢ ᠵᠢᠭ᠋ᠠᠨ ᠵᠢᠯᠣᠭᠣᠳᠪᠠ
ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠥᠪᠥᠷ ᠮᠣᠩᠭᠣᠯ᠎ᠳᠤ᠎ᠬᠢ ᠠᠵᠢᠯᠯᠠᠬᠤ ᠳᠤᠭᠤᠢ᠌ᠯᠠᠩ᠎ᠤᠨ᠎ᠬᠢᠨ ᠬᠦᠬᠡᠬᠤᠳᠠ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠵᠢᠯᠤᠭᠣᠳᠬᠤ ᠵᠢᠨ ᠬᠠᠮᠲᠤ ᠡᠯ᠎ᠡ ᠮᠤᠵᠢ ᠬᠣᠲᠠ ᠵᠢᠨ ᠬᠥᠬᠡᠬᠣᠲᠠ ᠵᠢ ᠲᠤᠰᠠᠯᠠᠬᠤ ᠡᠮᠴᠢᠯᠡᠭᠡᠨ᠎ᠤ ᠠᠩᠭᠢ ᠵᠢᠨ᠎ᠬᠢᠨ᠎ᠢ ᠲᠣᠬᠣᠨᠢᠭᠤᠯᠪᠠ
ᠬᠤᠸᠠᠩ ᡁᠢ ᠴᠢᠶᠠᠩ ᠬᠥᠬᠡᠬᠣᠲᠠ᠎ᠳᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠬᠢᠨᠠᠨ ᠵᠢᠯᠤᠭᠣᠳᠴᠤ ᠪᠠᠢ᠌ᠴᠠᠭ᠋ᠠᠪᠠ
ᠮᠠᠨ᠎ᠤ ᠣᠷᠣᠨ 395 ᠮᠤ᠌ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠠᠪᠤᠷ ᠪᠤᠯᠤᠡᠭᠭᠤᠳᠠ ᠡᠬᠢᠯᠡᠬᠦᠯᠪᠡ
ᠪᠦᠬᠦ ᠣᠷᠣᠨ᠎ᠤ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠬᠢᠯᠡᠪᠡ
 
            