3 ᠳ᠋ᠤᠭ᠋ᠠᠷ ᠰᠠᠷ᠎ᠠ ᠵᠢᠨ 30᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠤ ᠵᠢᠨ ᠵᠥᠪᠯᠡᠯᠭᠡᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠬᠤᠷᠢᠶ᠎ᠡ ᠵᠢᠨ ᠲᠠᠪᠤᠳᠤᠭ᠋ᠠᠷ ᠬᠤᠷᠠᠯᠳᠤᠭ᠋ᠠᠨ᠎ᠤ ᠰᠠᠨᠠᠯ ᠳᠤᠷᠠᠳᠤᠯᠭ᠎ᠠ ᠵᠢ ᠲᠤᠰᠢᠶᠠᠨ ᠥᠭᠴᠦ ᠰᠢᠢ᠍ᠳᠪᠦᠷᠢᠯᠡᠭᠦᠯᠬᠦ ᠬᠤᠷᠠᠯ᠎ᠢ ᠬᠤᠷᠠᠯᠳᠤᠭᠤᠯᠤᠬᠰᠠᠨ ᠶᠤᠮ᠃ ᠲᠤᠰ ᠤᠲᠠᠭ᠋ᠠᠨ᠎ᠤ ᠬᠤᠷᠠᠯ᠎ᠨᠢ ᠥᠩᠭᠡᠷᠡᠭᠰᠡᠨ᠎ᠤ ᠳᠡᠭᠡᠳᠦ ᠪᠠᠷᠢᠮᠵᠢᠶ᠎ᠠ᠎ᠪᠠᠨ ᠪᠠᠷᠢᠮᠲᠠᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ ᠵᠡᠷᠭᠡ ᠭᠤᠷᠪᠠᠨ ᠲᠡᠯ᠎ᠡ᠎ᠠᠴᠠ ᠬᠠᠮᠲᠤᠷᠠᠨ ᠵᠣᠬᠢᠶᠠᠨ ᠪᠠᠢ᠌ᠭᠤᠯᠤᠭᠰᠠᠨ ᠪᠠᠢ᠌ᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠯᠢ ᠰᠢᠸ᠋ ᠯᠢᠩ ᠬᠤᠷᠠᠯ᠎ᠢ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ᠎ᠳᠤ ᠣᠷᠣᠯᠴᠠᠭᠰᠠᠨ ᠪᠥᠭᠡᠳ 2021 ᠣᠨ᠎ᠤ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠢ᠌ᠳᠠᠯ᠎ᠢ ᠳ᠋ᠦᠩᠨᠡᠵᠦ᠂ ᠦᠨᠤ ᠵᠢᠯ᠎ᠤᠨ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠬᠦ ᠲᠤᠬᠠᠢ ᠲᠠᠢ᠌ᠴᠢᠯᠠᠨ ᠪᠠᠢ᠌ᠷᠢᠯᠠᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠥᠸᠧ ᡁᠢ ᠬᠤ᠌᠂ ᠨᠠᠷᠢᠨ ᠪᠢᠴᠢᠭ᠎ᠤᠨ ᠳᠠᠷᠤᠭ᠎ᠠ ᠳ᠋ᠢ ᠷᠦᠢ ᠮᠢᠩ ᠬᠤᠷᠠᠯ᠎ᠳᠤ ᠣᠷᠣᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠠᠰᠤᠭ᠂ 89 ᠰᠠᠨᠠᠯ ᠳᠤᠷᠠᠳᠤᠯᠭ᠎ᠠ ᠵᠢ ᠳᠠᠭ᠋ᠠᠭ᠋ᠠᠨ ᠰᠢᠢ᠍ᠳᠪᠦᠷᠢᠯᠡᠬᠦ ᠨᠢᠬᠡᠴᠢ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠡᠯ᠎ᠡ ᠲᠤᠰᠬᠠᠢ ᠵᠥᠪᠯᠡᠯ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠤᠷᠤᠯᠴᠠᠨ᠂ ᠰᠢᠢ᠍ᠳᠪᠦᠷᠢᠯᠡᠬᠦ ᠠᠵᠢᠯ᠎ᠤᠨ ᠦᠷ᠎ᠡ ᠪᠦᠲᠦᠮᠵᠢ ᠪᠠ ᠲᠤᠷᠰᠢᠯᠭ᠎ᠠ ᠵᠢ ᠰᠤᠳᠤᠯᠤᠨ ᠰᠣᠯᠢᠯᠴᠠᠵᠤ᠂ ᠪᠦᠬᠦ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠴᠢᠨᠠᠭᠰᠢᠳᠠ ᠰᠠᠢ᠌ᠲᠤᠷ ᠬᠢᠬᠦ᠎ᠳᠤ ᠵᠢᠱ᠌ᠢᠶ᠎ᠡ ᠦᠵᠡᠭᠦᠯᠵᠦ ᠵᠢᠭ᠋ᠠᠨ ᠵᠢᠯᠤᠭᠤᠳᠬᠤ ᠦᠢ᠍ᠯᠡᠳᠦᠯ ᠦᠵᠡᠬᠦᠯᠦᠭᠰᠡᠨ ᠶᠤᠮ᠃

ᠣᠯᠠᠨ ᠲᠠᠯ᠎ᠠ᠎ᠠᠴᠠ ᠦᠨᠡᠯᠡᠯᠳᠡ ᠦᠭᠴᠤ ᠰᠠᠨᠠᠯ ᠲᠤᠷᠠᠳᠤᠯᠭ᠎ᠠ ᠵᠢ
ᠰᠢᠢ᠍ᠳᠪᠦᠷᠢᠯᠡᠬᠦ ᠶᠠᠰᠤ ᠴᠢᠨᠠᠷ᠎ᠢ ᠣᠨᠣᠪᠴᠢᠲᠠᠶ ᠲᠤᠰᠬᠠᠪᠠ
ᠳᠠᠭ᠋ᠠᠭ᠋ᠠᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠎ᠤᠨ᠎ᠬᠢᠨ ᠨᠢ ᠰᠠᠨᠠᠯ ᠵᠦᠪᠯᠡᠯᠬᠡ ᠵᠢᠨ ᠠᠵᠢᠯ᠎ᠤᠨ 《ᠲᠠᠷᠠᠭ᠋ᠠᠬᠢ ᠠᠵᠢᠯ》᠎ᠢ ᠶᠠᠭ᠋ᠠᠬᠢᠪᠠᠯ ᠰᠠᠶᠢ ᠰᠠᠢ᠌ᠳᠤᠷ ᠬᠦᠢ᠍ᠴᠡᠳᠭᠡᠵᠤ ᠴᠢᠲᠠᠬᠤ ᠪᠤᠢ? 《ᠦᠨᠡᠯᠡᠬᠦ》 ᠪᠣᠯ ᠦᠨᠳᠦᠰᠦᠨ ᠠᠷᠭ᠎ᠠ ᠪᠠᠷᠢᠯ ᠮᠥᠨ᠃ 2018 ᠣᠨ᠎ᠠᠴᠠ ᠡᠬᠢᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠣᠨ᠎ᠤ ᠬᠢᠨᠠᠨ ᠰᠢᠯᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠭᠦᠢ᠍ᠴᠡᠳᠬᠡᠬᠦ ᠠᠵᠢᠯ》᠎ᠢ ᠨᠢᠭᠡᠨ ᠪᠠᠷᠢᠮᠵᠢᠶ᠎ᠠ ᠪᠤᠯᠭ᠋ᠠᠵᠤ᠂ ᠨᠠᠮ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠰᠢᠰᠲ᠋ᠧᠮ᠎ᠳᠤ ᠪᠠᠭᠲᠠᠭ᠋ᠠᠨ᠂ ᠰᠠᠨᠠᠯ ᠲᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠳᠤ ᠬᠣᠯᠪᠣᠭᠳᠠᠭᠰᠠᠨ ᠠᠵᠢᠯ᠎ᠤᠨ ᠳᠦᠷᠢᠮ ᠪᠤᠯᠤᠨ ᠨᠠᠢ᠌ᠳᠠᠪᠤᠷᠢᠵᠢᠭᠤᠯᠤᠯᠲᠠ᠂ ᠰᠢᠢ᠍ᠳᠪᠦᠷᠢᠯᠡᠭᠰᠡᠨ ᠶᠠᠪᠤᠴᠠ ᠵᠢᠨ ᠤᠢ᠌ᠯᠠᠭ᠋ᠠᠯᠴᠠᠭ᠎ᠠ ᠵᠦᠪᠲᠡᠯᠴᠡᠭᠡ᠂ ᠰᠠᠨᠠᠯ ᠲᠤᠷᠠᠳᠤᠯᠭ᠎ᠠ ᠵᠢ ᠰᠢᠢ᠍ᠳᠪᠦᠷᠢᠯᠡᠵᠦ ᠬᠠᠷᠢᠭᠤᠯᠲᠠ ᠥᠭᠬᠦ᠂ ᠡᠰᠡᠷᠭᠦ ᠴᠢᠭᠯᠡᠯ ᠵᠶ᠋ᠡᠷ ᠬᠤᠪᠢ ᠬᠠᠰᠤᠬᠤ ᠠᠷᠭ᠎ᠠ᠎ᠪᠠᠷ ᠰᠠᠨᠠᠯ ᠲᠤᠷᠠᠳᠤᠯᠭ᠎ᠠ ᠵᠢ ᠰᠢᠢ᠍ᠳᠪᠦᠷᠢᠯᠡᠬᠦ ᠵᠢ ᠡᠭᠦᠷᠭᠡᠯᠡᠭᠰᠡᠨ ᠠᠢ᠌ᠮᠠᠭ ᠬᠤᠳᠠ᠂ ᠨᠢᠭᠡᠴᠢ ᠪᠠ ᠰᠠᠯᠠᠭ᠎ᠠ ᠮᠥᠴᠢᠷ᠎ᠢ ᠬᠢᠨᠠᠨ ᠰᠢᠯᠭ᠋ᠠᠵᠤ᠂ ᠮᠠᠰᠢ ᠰᠠᠢ᠌ᠨ ᠦᠷ᠎ᠡ ᠪᠦᠲᠦᠮᠵᠢ ᠤᠯᠤᠭᠰᠠᠨ ᠶᠤᠮ ᠃
ᠲᠣᠰ ᠤᠳᠠᠭ᠋ᠠᠨ᠎ᠤ ᠲᠤᠰᠢᠶᠠᠨ ᠰᠢᠢ᠍ᠳᠪᠦᠷᠢᠯᠡᠭᠦᠯᠬᠦ ᠬᠤᠷᠠᠯ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠬᠤᠷᠠᠯᠳᠤᠭ᠋ᠠᠨ᠎ᠤ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠭᠰᠡᠨ ᠪᠠᠢ᠌ᠳᠠᠯ᠎ᠢ ᠪᠢᠴᠢᠭ ᠵᠶ᠋ᠡᠷ ᠵᠠᠷᠯᠠᠵᠤ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠶᠠᠪᠤᠴᠠ᠎ᠳᠤ ᠳᠦᠷᠢᠮ᠎ᠨᠢ ᠪᠦᠷᠢᠨ ᠲᠡᠭᠦᠯᠳᠡᠷ᠂ ᠰᠢᠢ᠍ᠳᠪᠦᠷᠢᠯᠡᠭᠰᠡᠨ᠎ᠨᠢ ᠵᠢᠷᠤᠮᠵᠢᠭᠤᠨ᠂ ᠠᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠦᠭᠰᠡᠨ ᠰᠠᠯᠠᠭ᠎ᠠ ᠮᠥᠴᠢᠷ ᠪᠠ ᠨᠢᠬᠡᠴᠢ ᠵᠢ ᠨᠡᠷ᠎ᠡ ᠳᠤᠷᠠᠳᠤᠨ ᠰᠠᠢ᠌ᠰᠢᠶᠠᠵᠤ᠂ 《ᠦᠨᠡᠯᠡᠬᠦ》᠎ᠪᠠᠷ 《ᠰᠢᠢ᠍ᠳᠪᠦᠷᠢᠯᠡᠬᠦ》 ᠵᠢ ᠠᠬᠢᠭᠤᠯᠵᠤ᠂ ᠰᠢᠯᠭ᠋ᠠᠨ ᠦᠨᠡᠯᠡᠬᠦ ᠠᠵᠢᠯ᠎ᠢ ᠤᠷᠮᠠᠰᠢᠭᠤᠯᠤᠨ ᠵᠤᠷᠢᠭᠵᠢᠭᠤᠯᠬᠤ ᠵᠦᠪ ᠬᠠᠨᠳᠤᠰᠢ᠎ᠲᠠᠢ ᠪᠤᠯᠭ᠋ᠠᠭᠰᠠᠨ ᠶᠤᠮ᠃
ᠰᠠᠨᠠᠯ ᠲᠤᠷᠠᠳᠤᠯᠭ᠎ᠠ ᠵᠢ ᠰᠢᠢ᠍ᠳᠪᠦᠷᠢᠯᠡᠬᠦ ᠵᠢᠮ᠎ᠡ ᠬᠠᠤᠯᠢ ᠵᠢᠨ ᠲᠤᠬᠠᠢ ᠲᠠᠨᠢᠯᠲᠠ
ᠪᠠᠨ ᠭᠦᠨᠵᠡᠭᠡᠢ᠌ᠷᠡᠭᠦᠯᠬᠦ ᠵᠢ ᠣᠯᠠᠨ ᠲᠠᠯ᠎ᠠ᠎ᠠᠴᠠ ᠰᠤᠳᠤᠯᠤᠨ ᠶᠠᠷᠢᠯᠴᠠᠪᠠ
ᠨᠢᠳᠤᠨᠤᠨ ᠰᠠᠨᠠᠯ ᠲᠤᠷᠠᠳᠤᠯᠭ᠎ᠠ ᠵᠢ ᠳᠠᠭ᠋ᠠᠭ᠋ᠠᠨ ᠠᠪᠴᠤ ᠰᠢᠢ᠍ᠳᠪᠦᠷᠢᠯᠡᠬᠦ ᠨᠢᠬᠡᠴᠢ᠎ᠨᠦᠭᠦᠳ ᠰᠠᠨᠠᠯ ᠲᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠠᠬᠢᠭᠤᠯᠬᠤ ᠲᠠᠯ᠎ᠠ᠎ᠪᠠᠷ ᠢᠳᠡᠪᠬᠢᠲᠡᠢ᠎ᠪᠠᠷ ᠬᠠᠢ᠌ᠨ ᠰᠦᠪᠡᠭᠴᠢᠯᠡᠭᠡᠳ ᠮᠠᠰᠢ ᠠᠮᠵᠢᠯᠲᠠ ᠤᠯᠪᠠ᠃
《〈ᠰᠢᠢ᠍ᠳᠪᠦᠷᠢᠯᠡᠬᠦ᠎ᠠᠴᠠ ᠡᠮᠦᠨᠡᠬᠢ ᠪᠣᠭᠣᠮᠲᠠ〉 ᠵᠢ ᠪᠠᠲᠤ ᠴᠢᠩᠭ᠎ᠠ ᠠᠳᠬᠤᠵᠤ᠂ 〈ᠶᠠᠪᠤᠴᠠ ᠵᠢᠨ ᠪᠣᠭᠣᠮᠲᠠ〉 ᠵᠢ ᠴᠢᠩᠭ᠎ᠠ ᠡᠵᠡᠮᠳᠡᠵᠦ᠂ 〈ᠬᠤᠪᠢᠷᠠᠭᠤᠯᠬᠤ ᠪᠣᠭᠣᠮᠲᠠ〉 ᠵᠢ ᠴᠢᠩᠭ᠎ᠠ ᠠᠳᠬᠤᠪᠠᠯ ᠰᠠᠶᠢ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ ᠴᠢᠲᠠᠪᠠᠯ ᠰᠠᠶᠢ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠭᠰᠡᠨ ᠴᠢᠨᠠᠷᠵᠢᠭᠤᠨ ᠦᠷ᠎ᠡ ᠪᠦᠲᠦᠮᠵᠢ᠎ᠪᠠᠷ ᠵᠶ᠋ᠡᠨ ᠠᠷᠠᠳ ᠣᠯᠠᠨ᠎ᠤ ᠬᠠᠯᠠᠭᠤᠨ ᠬᠦᠰᠡᠯ ᠬᠠᠩᠭ᠋ᠠᠵᠤ ᠴᠢᠲᠠᠬᠤ ᠶᠤᠮ》᠃
《ᠠᠵᠢᠯ᠎ᠤᠨ ᠦᠢ᠍ᠯᠡᠳᠦᠯᠭᠡ ᠵᠢᠨ ᠳᠤᠮᠳᠠ᠂ ᠪᠢᠳᠡ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠲᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠦᠨᠡᠨ ᠬᠦ᠌ ᠤᠯᠤᠰ ᠲᠥᠷᠥ ᠵᠢᠨ ᠴᠢᠬᠤᠯᠠ ᠡᠭᠦᠷᠭᠡ ᠪᠣᠯᠭ᠋ᠠᠵᠤ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠣᠨ᠎ᠤ ᠭᠣᠣᠯᠳᠠᠯᠭ᠎ᠠ᠎ᠲᠠᠢ ᠠᠵᠢᠯ᠎ᠳᠤ ᠣᠷᠣᠭᠤᠯᠤᠨ᠂ ᠠᠯᠪᠠᠨ ᠲᠢᠩᠬᠢᠮ᠎ᠤᠨ ᠪᠠᠢ᠌ᠭᠤᠯᠭ᠎ᠠ ᠨᠢᠬᠡᠴᠢ ᠵᠢᠨ ᠣᠨ᠎ᠤ ᠬᠠᠷᠠᠯᠲᠠ ᠵᠢᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠎ᠳᠤ ᠣᠷᠣᠭᠤᠯᠵᠤ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠤᠨ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠲᠠᠰᠤᠷᠠᠯᠲᠠ ᠦᠭᠡᠢ ᠴᠢᠩᠭ᠋ᠠᠳᠬᠠᠪᠠ》᠃
ᠨᠢᠳᠤᠨᠤᠨ ᠪᠢᠳᠡ 《ᠡᠷᠡᠭᠦᠯ ᠬᠠᠮᠠᠭ᠋ᠠᠯᠠᠯ᠎ᠤᠨ ᠪᠠᠴᠢᠮ᠎ᠢ ᠠᠷᠭ᠋ᠠᠴᠠᠭ᠋ᠠᠬᠤ ᠰᠢᠰᠲ᠋ᠧᠮ᠎ᠢ ᠲᠡᠭᠦᠯᠳᠡᠷᠵᠢᠭᠦᠯᠬᠦ ᠪᠠ ᠬᠤᠰᠢᠭᠤ ᠰᠢᠶᠠᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠪᠠᠴᠢᠮ ᠠᠪᠤᠷᠠᠯᠳᠠ ᠵᠢᠨ ᠪᠠᠴᠢᠮ᠎ᠢ ᠠᠷᠭ᠋ᠠᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠰᠠᠨᠠᠯ ᠳᠤᠷᠠᠳᠤᠯᠭ᠎ᠠ》 ᠵᠢ ᠦᠨᠳᠤᠰᠤᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠵᠢ ᠱᠠᠲᠤ ᠬᠤᠪᠢᠶᠠᠨ ᠬᠠᠮᠢᠶᠠᠷᠬᠤ ᠲᠥᠰᠥᠯ (ᠲᠤᠷᠰᠢᠨ ᠬᠡᠷᠡᠭᠵᠢᠭᠦᠯᠬᠦ)》 ᠪᠠ 《ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠵᠢ ᠪᠠᠷᠢᠮᠵᠢᠶᠠᠵᠢᠭᠤᠯᠬᠤ ᠪᠠᠢ᠌ᠭᠤᠯᠤᠯᠲᠠ ᠵᠢᠨ ᠲᠥᠰᠥᠯ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠵᠤ᠂ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ ᠵᠢᠨ ᠪᠠᠷᠢᠮᠵᠢᠶᠠᠵᠢᠭᠤᠯᠬᠤ ᠪᠠᠢ᠌ᠭᠤᠯᠤᠯᠲᠠ ᠪᠠ ᠱᠠᠲᠤ ᠬᠤᠪᠢᠶᠠᠨ ᠬᠠᠮᠢᠶᠠᠷᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠵᠦ᠂ ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ ᠵᠢᠨ ᠵᠢᠷᠤᠮᠵᠢᠭᠤᠯᠤᠭᠰᠠᠨ ᠬᠡᠮᠵᠢᠶ᠎ᠡ ᠪᠠ ᠰᠢᠯᠭ᠋ᠠᠨ ᠪᠠᠢ᠌ᠴᠠᠭ᠋ᠠᠵᠤ ᠬᠢᠨᠠᠨ ᠬᠡᠮᠵᠢᠬᠦ ᠴᠢᠳᠠᠪᠤᠷᠢ ᠵᠢ ᠤᠯᠠᠮ ᠳᠡᠭᠡᠭᠰᠢᠯᠡᠭᠦᠯᠪᠡ᠃ ᠦᠷ᠎ᠡ ᠪᠦᠲᠦᠭᠡᠯ᠎ᠢ ᠬᠤᠪᠢᠷᠠᠭᠤᠯᠬᠤ ᠵᠢ ᠴᠢᠬᠤᠯᠠᠴᠢᠯᠠᠪᠠᠯ ᠰᠠᠶᠢ ᠰᠠᠨᠠᠯ ᠵᠥᠪᠯᠡᠯᠭᠡ ᠵᠢ ᠰᠢᠢ᠍ᠳᠪᠦᠷᠢᠯᠡᠬᠦ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠵᠦ ᠴᠢᠳᠠᠨ᠎ᠠ ᠭᠡᠳᠡᠭ᠎ᠢ ᠲᠠᠨᠢᠵᠤ ᠣᠯᠣᠭᠰᠠᠨ ᠪᠠᠢ᠌ᠨ᠎ᠠ》 ᠃
ᠲᠤᠰᠢᠶᠠᠨ ᠥᠭᠴᠦ ᠰᠢᠢ᠍ᠳᠪᠦᠷᠢᠯᠡᠭᠦᠯᠬᠦ ᠬᠤᠷᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠨᠠᠯ ᠳᠤᠷᠠᠳᠤᠯᠭ᠎ᠠ ᠵᠢ ᠳᠠᠭ᠋ᠠᠭ᠋ᠠᠨ ᠰᠢᠢ᠍ᠳᠪᠦᠷᠢᠯᠡᠬᠦ ᠭᠤᠷᠪᠠᠨ 《ᠲᠣᠮᠣ ᠪᠠᠢ᠌ᠭᠤᠯᠭ᠎ᠠ》 ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠤᠨ ᠦᠢ᠍ᠯᠡᠳᠦᠯᠭᠡ ᠵᠢᠨ ᠦᠷ᠎ᠡ ᠪᠦᠲᠦᠭᠡᠯ ᠵᠶ᠋ᠡᠨ ᠲᠠᠨᠢᠯᠴᠠᠭᠤᠯᠵᠤ᠂ ᠰᠠᠨᠠᠯ ᠪᠣᠳᠣᠯ ᠵᠶ᠋ᠠᠨ ᠬᠤᠪᠢᠶᠠᠯᠴᠠᠨ᠂ ᠲᠤᠷᠰᠢᠯᠭ᠎ᠠ᠎ᠪᠠᠨ ᠰᠤᠯᠢᠯᠴᠠᠵᠤ᠂ ᠰᠠᠨᠠᠯ ᠵᠶ᠋ᠡᠨ ᠲᠤᠷᠠᠳᠤᠨ ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠰᠠᠢ᠌ᠨ ᠵᠤᠷ᠎ᠢ ᠬᠠᠮᠳᠤ᠎ᠪᠠᠷ ᠵᠦᠪᠲᠡᠯᠴᠡᠭᠰᠡᠨ ᠪᠢᠯᠨ᠃
ᠪᠦᠬᠦ ᠲᠠᠯ᠎ᠠ᠎ᠪᠠᠷ ᠪᠠᠢ᠌ᠷᠢᠯᠠᠭᠤᠯᠵᠤ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ
ᠠᠵᠢᠯ᠎ᠤᠨ ᠪᠣᠳᠠᠲᠤ ᠦᠷ᠎ᠡ ᠪᠦᠲᠦᠮᠵᠢ ᠵᠢ ᠪᠠᠳᠤᠯᠠᠵᠤ ᠴᠢᠲᠠᠭᠰᠠᠨ ᠪᠠᠢ᠌ᠨ᠎ᠠ
ᠦᠨᠤ ᠵᠢᠯ᠎ᠤᠨ ᠳᠠᠩᠰᠠᠯᠠᠭᠰᠠᠨ 548 ᠬᠤᠪᠢ ᠰᠠᠨᠠᠯ ᠳᠤᠷᠠᠳᠤᠯᠭ᠎ᠠ ᠳᠤ᠂ ᠰᠢ ᠵᠢᠨ ᠫᠢᠩ ᠶᠡᠷᠦᠩᠬᠡᠢ ᠱᠦᠵᠢ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ ᠳᠤ ᠲᠣᠭᠲᠠᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠪᠣᠯᠣᠨ ᠠᠵᠢᠯᠯᠠᠭ᠋ᠠᠨ᠎ᠤ ᠬᠥᠲᠥᠯᠪᠦᠷᠢ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠢᠨ᠎ᠡ ᠪᠠᠢ᠌ᠷᠢᠯᠠᠭᠤᠯᠤᠯᠲᠠ ᠰᠢᠨ᠎ᠡ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ ᠳᠤᠷᠠᠳᠤᠭᠰᠠᠨ ᠰᠠᠨᠠᠯ ᠳᠤᠷᠠᠳᠤᠯᠭ᠎ᠠ 89%᠎ᠠᠴᠠ ᠳᠡᠭᠡᠭᠰᠢᠬᠢ ᠵᠢ ᠡᠵᠡᠯᠡᠵᠦ᠂ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠰᠠᠢ᠌ᠵᠢᠷᠠᠭᠤᠯᠬᠤ ᠪᠠ ᠠᠷᠠᠳ ᠣᠯᠠᠨ᠎ᠤ ᠠᠩᠬᠠᠷᠤᠯ ᠲᠠᠯᠪᠢᠵᠤ ᠪᠠᠢ᠌ᠭ᠎ᠠ ᠠᠷᠠᠳ᠎ᠤᠨ ᠠᠮᠢᠳᠤᠷᠠᠯ᠎ᠤᠨ ᠬᠠᠯᠠᠮᠰᠢᠯ ᠠᠰᠠᠭᠤᠲᠠᠯ᠎ᠤᠨ ᠲᠤᠬᠠᠢ ᠰᠠᠨᠠᠯ ᠳᠤᠷᠠᠳᠤᠯᠭ᠎ᠠ 69% ᠵᠢ ᠡᠵᠡᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠄ 《ᠡᠲᠡᠭᠡᠷ ᠰᠠᠨᠠᠯ ᠳᠤᠷᠠᠳᠤᠯᠭ᠎ᠠ᠎ᠨᠢ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠢᠲᠡᠭᠡᠯ ᠬᠦᠰᠡᠯ ᠬᠠᠷᠠᠭᠤᠯᠵᠤ ᠪᠠᠢ᠌ᠬᠤ ᠮᠥᠷᠲᠡᠭᠡᠨ ᠪᠠᠰᠠ ᠠᠷᠠᠳ ᠤᠯᠠᠨ᠎ᠤ ᠬᠦᠰᠡᠯ ᠱᠠᠭ᠋ᠠᠷᠳᠠᠯᠭ᠎ᠠ ᠵᠢ ᠲᠤᠰᠬᠠᠵᠤ ᠪᠠᠢ᠌ᠨ᠎ᠠ᠃ ᠡᠯ᠎ᠡ ᠳᠠᠭ᠋ᠠᠭ᠋ᠠᠨ ᠭᠦᠢ᠍ᠴᠡᠳᠬᠡᠬᠦ ᠨᠢᠬᠡᠴᠢ ᠵᠢᠨ᠎ᠬᠢᠨ ᠦᠵᠡᠯ ᠰᠠᠨᠠᠭ᠎ᠠ ᠪᠤᠳᠤᠯ ᠲᠠᠨᠢᠯᠲᠠ ᠪᠠᠨ ᠦᠨᠡᠨ ᠬᠦ᠌ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠴᠢᠩᠭ᠎ᠠ ᠠᠳᠬᠤᠵᠤ ᠂ ᠪᠣᠳᠠᠲᠠᠢ ᠠᠳᠬᠤᠵᠤ᠂ ᠰᠠᠢ᠌ᠲᠤᠷ ᠠᠳᠬᠤᠵᠤ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠵᠢ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉 ᠪᠣᠯᠣᠨ 〈ᠨᠢᠭᠡ ᠪᠡᠬᠢᠯᠡᠯᠲᠡ〉 ᠵᠢ ᠲᠦᠷᠭᠡᠪᠴᠢᠯᠡᠨ ᠪᠠᠶ᠋ᠢᠭᠤᠯᠬᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠢ᠌ᠲᠤᠷ ᠵᠠᠮᠨᠠᠬᠤ᠎ᠲᠠᠢ ᠨᠢᠭᠲᠠ ᠤᠶᠠᠯᠳᠤᠭᠤᠯᠵᠤ᠂ ᠬᠠᠮᠲᠤ ᠵᠢᠨ ᠲᠠᠨᠢᠯᠲᠠ᠎ᠲᠠᠢ ᠪᠠᠢ᠌ᠬᠤ᠂ ᠪᠦᠯᠬᠦᠮᠳᠡᠯ᠎ᠲᠠᠢ ᠪᠠᠢ᠌ᠬᠤ᠂ ᠪᠣᠳᠠᠲᠤ ᠦᠷ᠎ᠡ ᠪᠦᠲᠦᠮᠵᠢ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃ ᠡᠲᠡᠭᠡᠷ᠎ᠨᠢ ᠦᠨᠤ ᠵᠢᠯ᠎ᠤᠨ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠥᠨᠳᠥᠷ ᠪᠠᠷᠢᠮᠵᠢᠶ᠎ᠠ᠎ᠪᠠᠷ ᠴᠢᠨᠠᠷᠵᠢᠭᠤᠨ ᠰᠠᠢ᠌ᠲᠤᠷ ᠬᠢᠬᠦ ᠲᠤᠬᠠᠢ ᠲᠣᠳᠣᠷᠬᠠᠢ ᠱᠠᠭ᠋ᠠᠷᠳᠠᠯᠭ᠎ᠠ ᠪᠤᠯᠬᠤ ᠶᠤᠮ᠃
ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠄ 《ᠰᠠᠨᠠᠯ ᠳᠤᠷᠠᠳᠤᠯᠭ᠎ᠠ ᠵᠢᠨ ᠠᠵᠢᠯ᠎ᠨᠢ ᠤᠯᠠᠨ ᠲᠦᠮᠡᠨ᠎ᠲᠠᠢ ᠬᠤᠯᠪᠤᠬᠳᠠᠬᠤ ᠮᠦᠷᠳᠡᠬᠡᠨ ᠨᠠᠮ ᠵᠠᠰᠠᠭ᠎ᠤᠨ ᠰᠠᠯᠠᠭ᠎ᠠ ᠮᠥᠴᠢᠷ᠎ᠲᠠᠢ ᠬᠣᠯᠪᠣᠯᠳᠤᠵᠤ᠂ ᠤᠯᠠᠨ ᠲᠦᠮᠡᠨ᠎ᠤ ᠰᠠᠨᠠᠯ᠎ᠢ ᠲᠤᠰᠬᠠᠬᠤ᠎ᠳᠤ ᠠᠴᠢᠶᠠᠯᠠᠪᠤᠷᠢ ᠬᠠᠩᠭ᠋ᠠᠭᠰᠠᠨ ᠮᠥᠷᠲᠡᠭᠡᠨ ᠪᠠᠰᠠ ᠨᠠᠮ ᠵᠠᠰᠠᠭ᠎ᠤᠨ ᠰᠠᠯᠠᠭ᠎ᠠ ᠮᠥᠴᠢᠷ᠎ᠤᠨ ᠲᠦᠷᠦ ᠵᠢᠨ ᠪᠣᠳᠣᠯᠭ᠎ᠠ ᠵᠢ ᠤᠬᠠᠭᠤᠯᠬᠤ᠂ ᠠᠵᠢᠯ ᠵᠶ᠋ᠠᠨ ᠰᠠᠢ᠌ᠵᠢᠷᠠᠭᠤᠯᠬᠤ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ᠎ᠳᠤ ᠠᠷᠭ᠎ᠠ ᠵᠠᠮ᠎ᠢ ᠥᠷᠭᠡᠳᠬᠡᠵᠦ ᠥᠭᠴᠡᠢ᠃ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠪᠦᠬᠦ ᠲᠠᠯ᠎ᠠ ᠵᠢᠨ ᠠᠵᠢᠯ᠎ᠤᠨ ᠳᠤᠮᠳᠠ ᠲᠠᠯᠪᠢᠵᠤ ᠠᠷᠭ᠎ᠠ ᠰᠦᠪᠡᠭᠴᠢᠯᠡᠨ ᠨᠠᠢ᠌ᠳᠠᠪᠤᠷᠢᠵᠢᠭᠤᠯᠵᠤ᠂ ᠨᠠᠮ ᠪᠠ ᠵᠠᠰᠠᠭ᠎ᠤᠨ ᠣᠷᠳᠣᠨ᠎ᠤ ᠬᠡᠷᠡᠭᠴᠡᠭᠡ᠂ ᠠᠷᠠᠳ ᠣᠯᠠᠨ᠎ᠤ ᠬᠦᠰᠡᠯ᠂ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠴᠢᠲᠠᠪᠬᠢ ᠵᠢᠨ ᠤᠶᠠᠯᠳᠤᠯ᠎ᠳᠤ ᠳᠠᠪᠠᠭᠤᠯᠢᠭ ᠦᠢ᠍ᠯᠡᠳᠦᠯ ᠵᠶ᠋ᠡᠨ ᠪᠠᠳᠠᠷᠠᠭᠤᠯᠪᠠᠯ ᠰᠠᠶᠢ ᠰᠠᠨᠠᠯ ᠳᠤᠷᠠᠳᠤᠯᠭ᠎ᠠ ᠵᠢᠨ ᠥᠪᠡᠷᠮᠢᠴᠡ ᠦᠨ᠎ᠡ ᠥᠷᠲᠡᠭ᠎ᠢ ᠢᠯᠡᠷᠡᠭᠦᠯᠵᠦ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠤᠨ ᠢᠷᠠᠭᠤ ᠠᠯᠳᠠᠷᠲᠤ ᠡᠭᠦᠷᠭᠡ ᠵᠢ ᠪᠡᠶᠡᠯᠡᠭᠦᠯᠵᠦ ᠴᠢᠳᠠᠨ᠎ᠠ》 ᠭᠡᠵᠤ ᠴᠢᠬᠤᠯᠠᠴᠢᠯᠠᠭᠰᠠᠨ ᠶᠤᠮ᠃ ᠰᠢᠨ᠎ᠡ ᠴᠠᠭ ᠦᠶ᠎ᠡ ᠵᠢᠨ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠳᠤ᠎ᠬᠢ ᠰᠠᠨᠠᠯ ᠳᠤᠷᠠᠳᠤᠯᠭ᠎ᠠ ᠵᠢᠨ ᠠᠵᠢᠯ᠎ᠤᠨ ᠰᠢᠨᠵᠢ ᠴᠢᠨᠠᠷ᠂ ᠪᠠᠢ᠌ᠷᠢ ᠰᠠᠭᠤᠷᠢ ᠪᠠ ᠦᠢ᠍ᠯᠡᠳᠦᠯ᠎ᠢ ᠭᠦᠨᠵᠡᠭᠡᠢ ᠡᠵᠡᠮᠰᠢᠵᠦ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠠᠬᠢᠭᠤᠯᠬᠤ ᠳᠡᠭᠡᠳᠦ ᠬᠡᠮᠵᠢᠶᠡᠨ᠎ᠠᠴᠠ ᠰᠠᠨᠠᠯ ᠵᠥᠪᠯᠡᠯᠭᠡ ᠵᠢ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠰᠠᠨᠠᠯ ᠲᠤᠷᠠᠳᠤᠯᠭ᠎ᠠ ᠵᠢ ᠰᠢᠢ᠍ᠳᠪᠦᠷᠢᠯᠡᠬᠦ ᠶᠠᠪᠤᠴᠠ ᠵᠢ ᠦᠨᠡᠨ ᠬᠦ᠌ ᠭᠦᠨᠵᠡᠭᠡᠢ ᠵᠥᠪᠳᠡᠯᠴᠡᠨ ᠨᠡᠪᠲᠡᠷᠡᠯᠴᠡᠬᠦ᠂ ᠣᠢ᠌ᠯᠠᠭ᠋ᠠᠯᠴᠠᠨ ᠮᠡᠳᠡᠷᠡᠬᠦ ᠵᠢ ᠨᠡᠮᠡᠭᠳᠡᠭᠦᠯᠬᠦ᠂ ᠬᠠᠮᠲᠤ ᠵᠢᠨ ᠲᠠᠨᠢᠯᠲᠠ ᠵᠢ ᠥᠷᠭᠡᠨ ᠵᠶ᠋ᠡᠷ ᠨᠢᠭᠲᠠᠷᠠᠭᠤᠯᠬᠤ᠂ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠶᠠᠪᠤᠴᠠ ᠪᠣᠯᠭ᠋ᠠᠵᠤ᠂ ᠭᠡᠰᠢᠭᠦᠳ᠎ᠤᠨ 《ᠦᠵᠡᠯ ᠰᠠᠨᠠᠭ᠎ᠠ》 ᠵᠢ ᠤᠯᠠᠮ ᠰᠠᠢ᠌ᠨ ᠪᠣᠯᠭ᠋ᠠᠵᠤ᠂ ᠰᠠᠨᠠᠯ ᠵᠥᠪᠯᠡᠯᠭᠡ ᠵᠢ ᠰᠢᠢ᠍ᠳᠪᠦᠷᠢᠯᠡᠬᠦ᠎ᠪᠠᠷ ᠳᠠᠮᠵᠢᠭᠤᠯᠤᠨ ᠨᠠᠮ ᠵᠠᠰᠠᠭ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠡᠩ ᠰᠠᠢ᠌ᠨ ᠦᠷ᠎ᠡ ᠪᠦᠲᠦᠮᠵᠢ ᠭᠠᠷᠭ᠋ᠠᠬᠤ ᠭᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠯᠢ ᠰᠢᠸ᠋ ᠯᠢᠩ ᠄ 《ᠲᠣᠰ ᠤᠳᠠᠭ᠋ᠠᠨ᠎ᠤ ᠬᠤᠷᠠᠯ᠎ᠤᠨ ᠬᠡᠪ ᠪᠠᠷᠢᠮᠵᠢᠶ᠎ᠠ ᠥᠨᠳᠥᠷ᠂ ᠲᠣᠬᠢᠷᠠᠭᠤᠯᠤᠯᠲᠠ ᠨᠠᠷᠢᠨ ᠨᠢᠭᠲᠠ ᠪᠠᠢ᠌ᠬᠤ᠎ᠨᠢ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠵᠢ ᠬᠠᠷᠠᠭᠤᠯᠵᠤ ᠪᠠᠢ᠌ᠬᠤ ᠪᠥᠭᠡᠳ ᠪᠠᠰᠠ ᠰᠢᠨ᠎ᠡ ᠴᠠᠭ ᠦᠶ᠎ᠡ ᠵᠢᠨ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠳᠠᠭ᠋ᠠᠭ᠋ᠠᠨ ᠭᠦᠢ᠍ᠴᠡᠳᠬᠡᠬᠦ ᠠᠵᠢᠯ᠎ᠢ ᠰᠠᠢ᠌ᠲᠤᠷ ᠬᠢᠬᠦ ᠨᠡᠢ᠌ᠳᠡᠮ᠎ᠤᠨ ᠬᠠᠮᠲᠤ ᠵᠢᠨ ᠲᠠᠨᠢᠯᠲᠠ ᠵᠢ ᠪᠣᠶ ᠪᠣᠯᠭ᠋ᠠᠪᠠ᠃ ᠳᠠᠷᠠᠭ᠋ᠠᠴᠢ ᠵᠢᠨ ᠠᠯᠬᠤᠮ᠎ᠳᠤ᠂ ᠳᠤᠷᠠᠳᠬᠤ᠂ ᠰᠢᠢ᠍ᠳᠪᠦᠷᠢᠯᠡᠬᠦ ᠬᠣᠶᠠᠷ ᠲᠠᠯ᠎ᠠ ᠵᠢᠨ᠎ᠬᠢᠨ ᠦᠷᠭᠦᠯᠵᠢᠯᠡᠨ ᠬᠣᠣᠰ ᠴᠢᠭᠯᠡᠯ ᠵᠶ᠋ᠡᠷ ᠬᠦᠴᠦᠯᠡᠬᠦ ᠵᠢ ᠪᠠᠷᠢᠮᠲᠠᠯᠠᠵᠤ᠂ ᠤᠢ᠌ᠯᠠᠭ᠋ᠠᠯᠴᠠᠨ ᠵᠥᠪᠳᠡᠯᠴᠡᠬᠦ ᠪᠠ ᠬᠠᠷᠢᠯᠴᠠᠨ ᠬᠠᠮᠵᠢᠯᠴᠠᠬᠤ ᠵᠢ ᠴᠢᠩᠭ᠋ᠠᠳᠬᠠᠵᠤ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠭᠰᠡᠨ ᠠᠵᠢᠯ᠎ᠤᠨ ᠰᠢᠯᠢᠳᠡᠭ ᠦᠷ᠎ᠡ ᠪᠦᠲᠦᠮᠵᠢ᠎ᠪᠠᠷ ᠡᠯ᠎ᠡ ᠲᠠᠯ᠎ᠠ ᠵᠢᠨ ᠠᠵᠢᠯ᠎ᠳᠤ ᠬᠦᠴᠦ ᠨᠡᠮᠡᠷᠢᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠵᠢ ᠬᠦᠰᠡᠵᠦ ᠪᠠᠢ᠌ᠨ᠎ᠠ》 ᠭᠡᠵᠦ ᠳ᠋ᠦᠩᠨᠠᠵᠠᠢ᠃