ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠳ᠋ᠦᠩ ᠯᠧᠢ ᠬᠣᠲᠠ ᠵᠢᠨ ᠲᠣᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠨᠡᠶᠢᠲᠡᠯᠡᠭᠰᠡᠨ ᠴᠠᠭ᠄ 2022-04-12


   4 ᠳ᠋ᠤᠬᠡᠷ ᠰᠠᠷ᠎ᠠ ᠵᠢᠨ 8 ᠎ᠤ ᠦᠳᠡ ᠵᠢᠨ ᠬᠣᠢ᠌ᠨ᠎ᠠ᠂ ᠬᠥᠯᠥᠨ ᠪᠤᠢ᠍ᠢ᠍ᠷ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠳ᠋ᠦᠩ ᠯᠧᠢ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠼᠦᠢ ᠵᠢᠶᠦ᠋ᠨ ᠹᠥ᠋ᠩ ᠨᠠᠷ ᠬᠥᠯᠥᠨ ᠪᠤᠢ᠍ᠢ᠍ᠷ᠎ᠤᠨ ᠪᠠᠩᠬᠢ ᠵᠢᠨ ᠦᠢ᠍ᠯᠡᠰ᠎ᠤᠨ ᠨᠡᠢ᠌ᠭᠡᠮᠯᠢᠭ᠂ ᠬᠥᠯᠥᠨ ᠪᠤᠢ᠍ᠢ᠍ᠷ᠎ᠤᠨ ᠳᠠᠭ᠋ᠠᠳᠬᠠᠯ᠎ᠤᠨ ᠠᠵᠢᠯ ᠲᠦᠷᠦᠯ᠎ᠤᠨ ᠨᠡᠢ᠌ᠭᠡᠮᠯᠢᠭ᠂ ᠬᠥᠯᠥᠨ ᠪᠤᠢ᠍ᠢ᠍ᠷ᠎ᠤᠨ ᠬᠠᠢ᠌ᠷ᠎ᠠ ᠬᠠᠯᠠᠮᠵᠢ ᠵᠢᠨ ᠡᠮᠨᠡᠯᠭᠡ ᠵᠢᠨ ᠬᠣᠷᠢᠶ᠎ᠠ᠂ ᠬᠥᠯᠥᠨ ᠪᠤᠢ᠍ᠢ᠍ᠷ᠎ᠤᠨ ᠭᠠᠯ ᠤᠨᠲᠠᠷᠠᠭ᠋ᠠᠬᠤ ᠠᠵᠢᠯ ᠲᠦᠷᠦᠯ᠎ᠤᠨ ᠨᠡᠢ᠌ᠭᠡᠮᠯᠢᠭ ᠵᠡᠷᠭᠡ 4 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠬᠦᠷᠴᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠵᠠᠢ᠃ ᠶᠠᠷᠢᠯᠴᠠᠬᠤ ᠬᠤᠷᠠᠯ ᠬᠤᠷᠠᠯᠳᠤᠭᠤᠯᠬᠤ᠂ ᠬᠠᠷᠢᠭᠤ ᠮᠡᠳᠡᠭᠦᠯᠦᠯᠲᠡ ᠵᠢ ᠰᠣᠨᠣᠰᠬᠤ᠂ ᠲᠤᠬᠠᠢ ᠵᠢᠨ ᠭᠠᠵᠠᠷ᠎ᠲᠤ᠎ᠨᠢ ᠨᠠᠮ᠎ᠤᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠠᠰᠤᠭ᠎ᠢ ᠪᠠᠢ᠌ᠴᠠᠭ᠋ᠠᠨ ᠦᠵᠡᠬᠦ ᠵᠡᠷᠭᠡ ᠬᠡᠯᠪᠡᠷᠢ᠎ᠪᠠᠷ ᠨᠠᠮ᠎ᠤᠨ ᠡᠭᠦᠷ᠎ᠤᠨ ᠤᠳᠤᠷᠢᠳᠬᠤ ᠪᠠᠭ᠎ᠤᠨ ᠪᠠᠢ᠌ᠭᠤᠯᠤᠯᠲᠠ ᠵᠢᠨ ᠪᠠᠢ᠌ᠳᠠᠯ᠂ ᠨᠠᠮ᠎ᠤᠨ ᠡᠭᠦᠷ᠎ᠤᠨ ᠠᠵᠢᠯᠯᠠᠭ᠎ᠠ ᠵᠢ ᠥᠷᠨᠢᠭᠦᠯᠦᠭᠰᠡᠨ ᠪᠠᠢ᠌ᠳᠠᠯ᠂ 《ᠨᠠᠢ᠍ᠮᠠ ᠵᠢ ᠪᠦᠷᠢᠳᠦᠭᠦᠯᠦᠭᠰᠡᠨ》 ᠪᠠᠷᠢᠮᠵᠢᠶᠠᠵᠢᠭᠤᠯᠤᠭᠰᠠᠨ ᠨᠠᠮ᠎ᠤᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠠᠰᠤᠭ᠎ᠤᠨ ᠪᠠᠢ᠌ᠭᠤᠯᠤᠯᠲᠠ ᠵᠢᠨ ᠪᠠᠢ᠌ᠳᠠᠯ᠎ᠢ ᠭᠣᠣᠯᠳᠠᠯᠭ᠎ᠠ᠎ᠲᠠᠢ ᠣᠢ᠌ᠯᠠᠭ᠋ᠠᠪᠠ᠃

W020220411375862209097.jpg


   ᠼᠤᠤ ᠳ᠋ᠦᠩ ᠯᠧᠢ ᠨᠥᠬᠥᠷ ᠬᠣᠲᠠ ᠵᠢᠨ ᠲᠤᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠭᠦᠢ᠍ᠴᠡᠳ ᠨᠤᠲᠠᠯᠠᠬᠤ ᠵᠢᠨ ᠬᠠᠮᠲᠤ ᠴᠢᠬᠤᠯᠠᠴᠢᠯᠠᠭᠰᠠᠨ᠎ᠨᠢ᠄ ᠨᠢᠭᠡ᠎ᠳᠤ᠂ ᠨᠠᠮ᠎ᠤᠨ ᠪᠠᠢ᠌ᠭᠤᠯᠤᠯᠲᠠ ᠵᠢᠨ ᠵᠢᠯᠣᠭᠣᠳᠤᠯᠭ᠎ᠠ ᠵᠢ  ᠴᠢᠡᠭᠭ᠋ᠠᠳᠬᠠᠬᠤ ᠬᠡᠷᠡᠭᠳᠡᠢ᠃ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠨᠠᠮ᠎ᠤᠨ ᠪᠠᠢ᠌ᠭᠤᠯᠤᠯᠲᠠ᠎ᠪᠠᠷ ᠭᠠᠷᠳᠠᠴᠠ ᠪᠣᠯᠭ᠋ᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠷᠡᠭᠦᠯ ᠪᠥᠭᠡᠳ ᠡᠮᠬᠢ ᠳᠢᠭᠯᠢᠮ᠎ᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠬᠡᠷᠡᠭᠲᠡᠢ᠃ ᠬᠣᠶᠠᠷ᠎ᠲᠤ᠂ ᠨᠠᠮ᠎ᠤᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ᠎ᠤᠨ ᠬᠣᠣᠰ ᠠᠬᠢᠭᠤᠯᠤᠯᠲᠠ ᠵᠢ ᠴᠢᠡᠭᠭ᠎ᠠ ᠠᠳᠬᠤᠬᠤ ᠬᠡᠷᠡᠭᠳᠡᠢ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ ᠪᠣᠯᠣᠨ ᠲᠤᠬᠠᠢ᠌ᠯᠠᠭᠰᠠᠨ ᠠᠵᠢᠯ᠎ᠢ ᠣᠷᠭ᠋ᠠᠨᠢᠭ ᠵᠶ᠋ᠠᠷ ᠤᠶᠠᠯᠳᠤᠭᠤᠯᠵᠤ᠂ ᠲᠤᠬᠠᠢ᠌ᠯᠠᠭᠰᠠᠨ ᠠᠵᠢᠯ᠎ᠤᠨ ᠲᠣᠭᠣᠷᠢᠨ᠎ᠳᠤ ᠨᠠᠮ᠎ᠤᠨ ᠪᠠᠢ᠌ᠭᠤᠯᠤᠯᠲᠠ ᠵᠢ ᠠᠳᠬᠤᠵᠤ᠂ ᠨᠠᠮ᠎ᠤᠨ ᠪᠠᠢ᠌ᠭᠤᠯᠤᠯᠲᠠ᠎ᠪᠠᠷ ᠲᠤᠬᠠᠢ᠌ᠯᠠᠭᠰᠠᠨ ᠠᠵᠢᠯ ᠵᠶ᠋ᠠᠨ ᠠᠬᠢᠭᠤᠯᠬᠤ ᠵᠢ ᠰᠠᠢ᠌ᠲᠤᠷ ᠠᠳᠬᠤᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ᠎ᠤᠨ ᠬᠥᠭᠵᠢᠯᠲᠡ ᠵᠢ ᠨᠠᠮ᠎ᠤᠨ ᠪᠠᠢ᠌ᠭᠤᠯᠤᠯᠲᠠ᠎ᠲᠠᠢ ᠪᠦᠬᠦ ᠲᠠᠯ᠎ᠠ᠎ᠪᠠᠷ ᠤᠶᠠᠯᠳᠤᠭᠤᠯᠵᠤ᠂ ᠬᠠᠷᠢᠯᠴᠠᠨ ᠠᠬᠢᠭᠤᠯᠵᠤ  ᠬᠠᠮᠳᠤ᠎ᠪᠠᠷ ᠤᠷᠤᠭᠰᠢᠯᠠᠬᠤ ᠵᠢ ᠪᠡᠶᠡᠯᠡᠭᠦᠯᠬᠦ ᠬᠡᠷᠡᠭᠲᠡᠢ᠃ ᠭᠤᠷᠪᠠ᠎ᠳᠤ᠂ ᠬᠠᠮᠤᠭ᠎ᠤᠨ ᠬᠦᠴᠦᠷᠬᠡᠭ ᠨᠠᠮ᠎ᠤᠨ ᠡᠭᠦᠷ ᠪᠠᠢ᠌ᠭᠤᠯᠬᠤ ᠬᠡᠷᠡᠭᠳᠡᠢ᠃ ᠰᠡᠳᠬᠢᠴᠡ ᠵᠢᠨ ᠰᠢᠨ᠎ᠡ ᠵᠢ ᠡᠭᠦᠳᠴᠦ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ᠂ 《ᠨᠠᠮ᠎ᠤᠨ ᠭᠡᠰᠢᠭᠦᠨ᠎ᠤ ᠬᠣᠰᠢᠭᠤᠴᠢ ᠠᠵᠢᠯ᠎ᠤᠨ ᠪᠠᠢ᠌ᠷᠢ》 《ᠨᠠᠮ᠎ᠤᠨ ᠭᠡᠰᠢᠭᠦᠨ᠎ᠤ ᠢᠯᠡ ᠠᠮᠠᠯᠠᠯᠲᠠ》 《ᠨᠠᠮ᠎ᠤᠨ ᠭᠡᠰᠢᠭᠦᠨ᠎ᠤ ᠵᠢᠱ᠌ᠢᠶ᠎ᠡ ᠦᠵᠡᠭᠦᠯᠬᠦ ᠴᠡᠭ》 ᠵᠡᠷᠭᠡ ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠲᠦᠷᠦᠯ ᠲᠡᠮᠳᠡᠭ᠎ᠢ ᠡᠭᠦᠳᠴᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠠᠢ᠍ᠢ᠍ᠴᠢᠨ ᠪᠡᠬᠢᠯᠡᠯᠲᠡ ᠵᠢᠨ ᠦᠢ᠍ᠯᠡᠳᠦᠯ ᠪᠣᠯᠣᠨ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃








 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ᠄ 《ᠲᠠᠪᠤ ᠵᠢ ᠴᠢᠩᠭ᠋ᠠᠳᠬᠠᠬᠤ》᠎ᠪᠠᠷ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠦᠷᠭᠦᠯᠵᠢᠯᠡᠨ ᠴᠢᠡᠭᠭ᠋ᠠᠳᠬᠠᠵᠤ ᠪᠠᠢ᠌ᠨ᠎ᠠ
ᠮᠠᠨ᠎ᠤ ᠤᠷᠤᠨ ᠣᠷᠳᠣ ᠬᠤᠭᠤᠴᠠᠭ᠎ᠠ᠎ᠪᠠᠷ ᠲᠡᠨᠤᠬᠦᠴᠢᠯᠡᠨ ᠭᠤᠢ᠌ᠷᠠᠨᠴᠢᠯᠠᠵᠤ ᠪᠠᠢ᠌ᠭ᠎ᠠ ᠡᠷᠦᠬᠡ ᠠᠮᠠ ᠦᠭᠡᠢ ᠬᠥᠮᠥᠰ᠎ᠢ ᠡᠷᠦᠬᠡ ᠠᠮᠠ ᠤᠷᠤᠭᠤᠯᠵᠤ ᠲᠥᠪᠬᠢᠨᠡᠭᠦᠯᠬᠦ ᠠᠵᠢᠯ᠎ᠢ ᠰᠠᠢ᠌ᠲᠤᠷ ᠬᠢᠵᠤ ᠪᠠᠢ᠌ᠨ᠎ᠠ
ᠪᠦᠬᠦ ᠣᠷᠣᠨ᠎ᠤ ᠠᠵᠢᠯ ᠣᠯᠭᠣᠬᠤ ᠠᠵᠢᠯ᠎ᠤᠨ ᠶᠠᠷᠢᠯᠴᠠᠬᠤ ᠬᠤᠷᠠᠯ ᠪᠤᠯᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠬᠦᠳᠡ ᠬᠤᠷᠠᠯ ᠬᠤᠷᠠᠯᠳᠤᠪᠠ
ᠮᠠᠨ᠎ᠤ ᠣᠷᠣᠨ ᠮᠡᠳᠡᠯᠭᠡ ᠵᠢᠨ ᠥᠮᠴᠢᠯᠡᠬᠦ ᠡᠷᠬᠡ ᠵᠢᠨ ᠪᠦᠬᠦ ᠬᠡᠯᠬᠢᠶ᠎ᠡ ᠵᠢ ᠬᠠᠮᠠᠭ᠋ᠠᠯᠠᠬᠤ ᠰᠢᠨ᠎ᠡ ᠪᠠᠢ᠌ᠷᠢᠰᠢᠯ᠎ᠢ ᠪᠠᠶ᠋ᠢᠭᠤᠯᠬᠤ ᠵᠢ ᠤᠯᠠᠨ ᠴᠡᠭ᠎ᠠᠴᠠ ᠠᠬᠢᠭᠤᠯᠵᠤ ᠪᠠᠢ᠌ᠨ᠎ᠠ
ᠵᠡᠮᠳᠡᠭᠴᠦᠳ᠎ᠤᠨ ᠬᠤᠯᠪᠤᠭ᠎ᠠ ᠪᠣᠯᠣᠨ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠦᠪᠳᠡᠯᠴᠡᠬᠡᠷ ᠲᠤᠬᠳᠠᠪᠠ
 
            