ᠨᠢᠭᠡ᠎ᠳᠤ᠂ ᠳᠦᠷᠢᠮ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ 《ᠪᠠᠲᠤᠯᠠᠬᠤ ᠶᠣᠰᠣᠲᠠᠢ ᠵᠢ᠎ᠨᠢ ᠴᠥᠮ ᠪᠠᠲᠤᠯᠠᠬᠤ》 ᠵᠢ ᠦᠨᠡᠨ ᠬᠦ᠌ ᠪᠠᠳᠤᠯᠠᠪᠠ᠃ 《ᠤᠯᠠᠭ᠋ᠠᠨᠴᠠᠪ ᠬᠣᠲᠠ ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠲᠥᠷᠥᠯ ᠬᠤᠪᠢᠶᠠᠨ ᠪᠠᠲᠤᠯᠠᠬᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠵᠢᠭᠦᠯᠬᠦ ᠠᠷᠭ᠎ᠠ》 《ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠪᠠᠲᠤᠯᠠᠭ᠎ᠠ ᠵᠢᠨ ᠠᠵᠢᠯ᠎ᠢ ᠤᠯᠠᠮ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》 《ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠪᠠᠲᠤᠯᠠᠭ᠎ᠠ ᠵᠢᠨ ᠬᠣᠯᠪᠣᠭᠳᠠᠯ ᠪᠦᠬᠦᠢ ᠠᠵᠢᠯ᠎ᠢ ᠤᠯᠠᠮ ᠰᠠᠢ᠌ᠲᠤᠷ ᠬᠢᠬᠦ ᠲᠤᠬᠠᠢ ᠮᠡᠳᠡᠭᠳᠡᠯ》 《ᠤᠯᠠᠭ᠋ᠠᠨᠴᠠᠪ ᠬᠣᠲᠠ ᠵᠢᠨ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠪᠠᠲᠤᠯᠠᠭ᠎ᠠ ᠵᠢᠨ ᠠᠵᠢᠯ᠎ᠢ ᠤᠯᠠᠮ ᠴᠢᠨᠠᠬᠰᠢᠳᠠ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》 ᠵᠡᠷᠭᠡ ᠪᠢᠴᠢᠭ ᠮᠠᠲ᠋ᠧᠷᠢᠶᠠᠯ᠎ᠢ ᠦᠨᠳᠤᠰᠤᠯᠡᠨ᠂ ᠮᠠᠨ᠎ᠤ ᠬᠣᠲᠠ ᠵᠢᠨ ᠡᠯ᠎ᠡ ᠲᠥᠷᠥᠯ᠎ᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠂ ᠬᠦᠷᠢᠶ᠎ᠡ ᠬᠡᠪᠴᠢᠶ᠎ᠡ ᠪᠠ ᠬᠡᠷᠡᠭᠴᠡᠭᠡ ᠵᠢᠨ ᠭᠡᠷᠡᠴᠢᠯᠡᠬᠦ ᠮᠠᠲ᠋ᠧᠷᠢᠶᠠᠯ᠎ᠢ ᠤᠯᠠᠮ ᠲᠣᠳᠣᠷᠬᠠᠢ᠌ᠯᠠᠵᠤ᠂ ᠮᠠᠨ᠎ᠤ ᠬᠣᠲᠠ ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠵᠤ᠂ ᠪᠠᠲᠤᠯᠠᠭ᠎ᠠ ᠵᠢᠨ ᠨᠥᠬᠥᠴᠡᠯ᠎ᠳᠤ ᠨᠡᠢ᠌ᠴᠡᠭᠰᠡᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠪᠦᠬᠦᠨ᠎ᠢ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠬᠤ ᠵᠢ ᠦᠨᠡᠨ ᠬᠦ᠌ ᠪᠠᠲᠤᠯᠠᠪᠠ᠃ ᠣᠳᠣᠬᠠᠨ᠎ᠳᠤ᠂ ᠪᠥᠬᠥ ᠬᠣᠲᠠ᠎ᠳᠤ ᠨᠡᠶ᠋ᠢᠲᠡ 2090 ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠪᠠᠲᠤᠯᠠᠵᠤ ᠪᠠᠢ᠌ᠨ᠎ᠠ᠃
ᠬᠣᠶᠠᠷ᠎ᠲᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠠᠰᠤᠨ᠎ᠳᠤ ᠥᠯᠥ ᠬᠦᠷᠦᠭᠰᠡᠳ᠎ᠢ ᠬᠠᠯᠠᠮᠵᠢᠯᠠᠨ ᠬᠠᠢ᠌ᠷᠠᠯᠠᠵᠤ ᠬᠠᠮᠠᠭ᠋ᠠᠯᠠᠬᠤ ᠠᠵᠢᠯ᠎ᠢ ᠦᠨᠡᠨ ᠬᠦ᠌ ᠰᠠᠢ᠌ᠲᠤᠷ ᠬᠢᠪᠡ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠲᠤᠭᠤᠰᠢᠯᠠᠭᠤᠯᠤᠨ᠂ 《ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠶᠤᠰᠤᠭ᠋ᠠᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠦᠷᠦᠭᠦᠯᠡᠨ᠂ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠬᠣᠲᠠ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠤᠳᠤᠷᠢᠳᠬᠤ ᠳᠤᠭᠤᠢ᠌ᠯᠠᠩ᠎ᠢ ᠬᠣᠲᠠ ᠵᠢᠨ ᠱᠠᠲᠤᠨ᠎ᠤ 31 ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠦᠷᠢᠯᠳᠦᠭᠦᠨ ᠪᠣᠯᠭ᠋ᠠᠵᠤ᠂ ᠠᠯᠪᠠᠨ ᠭᠡᠷ᠎ᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠳᠤ ᠭᠠᠷᠭ᠋ᠠᠵᠤ᠂ ᠡᠳᠦᠷ ᠲᠤᠲᠤᠮ᠎ᠤᠨ ᠠᠵᠢᠯ᠎ᠢ ᠬᠠᠷᠢᠭᠤᠴᠠᠪᠠ᠃ ᠡᠭᠦᠨ᠎ᠤ ᠬᠠᠮᠳᠤ 11 ᠬᠣᠰᠢᠭᠤ ᠰᠢᠶᠠᠨ ᠬᠣᠲᠠ ᠲᠣᠭᠣᠷᠢᠭ᠎ᠲᠤ ᠰᠢᠶᠠᠨ᠎ᠤ ᠱᠠᠲᠤᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠬᠣᠲᠠ᠂ ᠰᠢᠶᠠᠨ ᠬᠣᠶᠠᠷ ᠱᠠᠲᠤᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠦᠬᠦᠨ᠎ᠢ ᠬᠠᠮᠤᠷᠬᠤ ᠵᠢ ᠪᠡᠶᠡᠯᠡᠭᠦᠯᠵᠡᠢ᠃
ᠭᠤᠷᠪᠠ᠎ᠳᠤ᠂ ᠦᠨᠳᠦᠰᠦᠨ ᠱᠠᠲᠤᠨ᠎ᠤ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠡᠩᠨᠡᠭᠡ ᠵᠢ ᠬᠡᠦᠬᠡᠳ᠎ᠤᠨ ᠬᠢᠨᠠᠨ ᠵᠢᠯᠣᠭᠣᠳᠤᠭᠴᠢ᠂ ᠬᠡᠦᠬᠡᠳ᠎ᠤᠨ ᠡᠷᠬᠢᠯᠡᠭᠴᠢ ᠵᠢᠨ ᠮᠡᠳᠡᠭᠡ ᠵᠠᠩᠭᠢ ᠵᠢ ᠴᠤᠭᠯᠠᠭᠤᠯᠬᠤ ᠠᠵᠢᠯ᠎ᠢ ᠪᠡᠶᠡᠯᠡᠭᠦᠯᠵᠦ᠂ ᠠᠵᠢᠯᠲᠠᠨ᠎ᠤ ᠦᠨᠡᠨ ᠨᠡᠷ᠎ᠡ ᠵᠢᠨ ᠳᠦᠷᠢᠮ᠎ᠤᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠭᠡᠷᠡᠭᠵᠢᠬᠦᠯᠪᠡ᠃ ᠪᠥᠬᠥ ᠬᠣᠲᠠ᠎ᠳᠤ 116 ᠬᠡᠦᠬᠡᠳ᠎ᠤᠨ ᠬᠢᠨᠠᠨ ᠵᠢᠯᠣᠭᠣᠳᠤᠭᠴᠢ᠂ 1612 ᠬᠡᠦᠬᠡᠳ᠎ᠤᠨ ᠡᠷᠬᠢᠯᠡᠭᠴᠢ᠎ᠲᠠᠢ ᠪᠠᠢ᠌ᠵᠤ᠂ ᠦᠨᠳᠦᠰᠦᠨ ᠱᠠᠲᠤᠨ᠎ᠤ ᠬᠡᠦᠬᠡᠳ᠎ᠤᠨ ᠠᠵᠢᠯ᠎ᠤᠨ ᠡᠩᠨᠡᠭᠡ ᠵᠢ ᠨᠡᠢ᠌ᠳᠡᠮ ᠬᠠᠮᠤᠷᠬᠤ ᠵᠢ ᠪᠡᠶᠡᠯᠡᠭᠦᠯᠵᠦ᠂ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠦᠢ᠍ᠯᠡᠴᠢᠯᠡᠭᠡᠨ᠎ᠤ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠪᠡ᠃
ᠲᠣᠰᠬᠣᠨ᠎ᠤ ᠬᠡᠦᠬᠡᠳ᠎ᠤᠨ ᠡᠷᠬᠢᠯᠡᠭᠴᠢ ᠵᠢ ᠤᠷᠢᠳ ᠵᠶ᠋ᠠᠷ ᠲᠤᠬᠢᠷᠠᠭᠤᠯᠬᠤ ᠵᠢ ᠪᠠᠷᠢᠮᠳᠠᠯᠠᠵᠤ᠂ ᠲᠣᠰᠬᠣᠨ᠎ᠤ (ᠰᠠᠭᠤᠭ᠋ᠠᠯᠢ ᠠᠷᠠᠳ᠎ᠤᠨ ᠵᠦᠪᠯᠡᠯ) ᠠᠷᠠᠳ᠎ᠤᠨ ᠵᠥᠪᠯᠡᠯ᠎ᠤᠨ ᠡᠮᠡᠭᠲᠡᠢ ᠭᠡᠰᠢᠭᠦᠨ᠎ᠢ ᠰᠢᠶᠠᠩ ᠪᠠᠯᠭ᠋ᠠᠰᠤ᠎ᠠᠴᠠ ᠲᠣᠮᠢᠯᠠᠬᠤ᠎ᠪᠠᠷ ᠤᠷᠢᠳ ᠵᠶ᠋ᠡᠷ ᠲᠣᠬᠢᠷᠠᠭᠤᠯᠬᠤ ᠵᠢᠨ ᠬᠠᠮᠲᠤ ᠰᠢᠨ᠎ᠡ᠎ᠪᠠᠷ ᠰᠣᠩᠭᠣᠭᠰᠠᠨ ᠬᠡᠦᠬᠡᠳ᠎ᠤᠨ ᠡᠷᠬᠢᠯᠡᠭᠴᠢ ᠵᠢᠨ ᠲᠣᠰᠬᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠡᠷᠬᠢᠯᠡᠭᠴᠢ ᠵᠢᠨ ᠡᠭᠦᠷᠭᠡᠯᠡᠬᠦ ᠬᠠᠷᠢᠴᠠᠯ᠎ᠢ 90%᠎ᠠᠴᠠ ᠳᠣᠣᠷ᠎ᠠ ᠪᠠᠢ᠌ᠯᠭ᠋ᠠᠬᠤ ᠦᠭᠡᠢ ᠪᠠᠢ᠌ᠬᠤ ᠵᠢ ᠪᠠᠲᠤᠯᠠᠬᠤ ᠵᠢᠨ ᠬᠠᠮᠲᠤ᠂ ᠲᠡᠳᠡᠨ᠎ᠢ ᠴᠠᠭ ᠲᠤᠬᠠᠢᠳᠤᠨᠢ ᠪᠦᠬᠦ ᠤᠯᠤᠰ᠎ᠤᠨ ᠬᠡᠦᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠣᠷᠣᠭᠤᠯᠵᠤ᠂ ᠦᠨᠳᠦᠰᠦᠨ ᠱᠠᠲᠤᠨ᠎ᠤ ᠬᠡᠦᠬᠡᠳ᠎ᠤᠨ ᠠᠵᠢᠯᠲᠠᠳ᠎ᠤᠨ ᠬᠥᠳᠡᠯᠦᠩᠭᠦᠢ ᠬᠠᠮᠢᠶᠠᠷᠤᠯᠲᠠ ᠵᠢ ᠪᠡᠶᠡᠯᠡᠬᠦᠯᠪᠡ᠃
ᠳᠥᠷᠪᠡ᠎ᠳᠤ᠂ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠲᠦᠪᠰᠢᠨ᠎ᠢ ᠴᠢᠡᠭᠭ᠋ᠠᠳᠬᠠᠪᠠ᠃ ᠬᠣᠲᠠ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ ᠵᠠᠰᠠᠭ᠎ᠤᠨ ᠣᠷᠳᠣᠨ᠎ᠠᠴᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡ ᠵᠢ ᠬᠤᠳᠠᠯᠳᠤᠨ ᠠᠪᠴᠤ ᠦᠭᠭᠦ᠎ᠪᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠨᠡᠢ᠌ᠭᠡᠮ᠎ᠤᠨ ᠠᠵᠢᠯᠲᠠᠨ ᠡᠷᠦᠬᠡ᠎ᠳᠤ ᠬᠦᠷᠴᠦ ᠰᠤᠷᠪᠤᠯᠵᠢᠯᠠᠬᠤ᠂ ᠤᠲᠠᠰᠤ ᠠᠪᠬᠤ᠂ ᠸᠢᠴᠠᠲ ᠵᠶ᠋ᠡᠷ ᠰᠤᠷᠪᠤᠯᠵᠢᠯᠠᠬᠤ ᠵᠡᠷᠭᠡ ᠠᠷᠭ᠎ᠠ᠎ᠪᠠᠷ ᠨᠡᠶ᠋ᠢᠲᠡ 3167 ᠡᠷᠦᠬᠡ ᠵᠢ ᠪᠠᠢ᠌ᠴᠠᠭ᠋ᠠᠨ ᠵᠢᠭᠰᠠᠭ᠋ᠠᠵᠤ᠂ ᠭᠡᠷ᠎ᠲᠤ᠎ᠪᠠᠨ ᠬᠣᠴᠣᠷᠤᠭᠰᠠᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠨᠢᠭᠡ ᠵᠢ ᠴᠦ᠍ ᠣᠷᠬᠢᠭᠳᠠᠭᠤᠯᠬᠤ ᠦᠭᠡᠢ᠂ ᠨᠢᠭᠡ ᠡᠷᠦᠬᠡ ᠵᠢ ᠴᠦ᠍ ᠣᠷᠬᠢᠭᠳᠠᠭᠤᠯᠬᠤ ᠦᠭᠡᠢ ᠪᠠᠢ᠌ᠬᠤ ᠵᠢ ᠪᠡᠶᠡᠯᠡᠬᠦᠯᠪᠡ᠃ ᠨᠡᠢ᠌ᠭᠡᠮ᠎ᠤᠨ ᠠᠵᠢᠯᠲᠠᠨ ᠡᠷᠦᠬᠡ᠎ᠳᠤ ᠣᠷᠣᠵᠤ ᠪᠠᠢ᠌ᠴᠠᠭ᠋ᠠᠨ ᠵᠢᠭᠰᠠᠭ᠋ᠠᠬᠤ ᠶᠠᠪᠤᠴᠠ᠎ᠳᠤ᠂ ᠰᠡᠳᠬᠢᠴᠡ ᠵᠢᠨ ᠠᠰᠠᠭᠤᠳᠠᠯ᠎ᠲᠠᠢ ᠬᠡᠦᠬᠡᠳ᠎ᠢ ᠤᠳᠠᠰᠤ᠎ᠪᠠᠷ ᠲᠣᠭᠲᠠᠮᠠᠯ ᠬᠤᠭᠤᠴᠠᠭ᠎ᠠ᠎ᠲᠠᠢ ᠰᠤᠷᠪᠤᠯᠵᠢᠯᠠᠵᠤ᠂ ᠬᠡᠦᠬᠡᠳ᠎ᠤᠨ ᠦᠨᠳᠦᠰᠦᠨ ᠪᠠᠢ᠌ᠳᠠᠯ᠎ᠢ ᠣᠢ᠌ᠯᠠᠭ᠋ᠠᠬᠤ ᠵᠢᠨ ᠬᠠᠮᠲᠤ ᠰᠡᠳᠬᠢᠴᠡ ᠵᠢᠨ ᠵᠢᠯᠣᠭᠣᠳᠤᠯᠭ᠎ᠠ ᠬᠠᠩᠭ᠋ᠠᠵᠤ᠂ ᠪᠡᠶ᠎ᠡ ᠰᠡᠳᠬᠢᠯ᠎ᠤᠨ ᠡᠷᠡᠭᠦᠯ ᠬᠦᠭᠵᠢᠯᠳᠡ ᠵᠢ᠎ᠨᠢ ᠠᠬᠢᠭᠤᠯᠤᠨ᠂ ᠠᠮᠤᠷ ᠲᠦᠪᠰᠢᠨ᠎ᠤ ᠠᠰᠠᠭᠤᠳᠠᠯ᠎ᠲᠠᠢ ᠪᠤᠶᠤ ᠳᠠᠯᠳᠠ ᠠᠶᠤᠯ᠎ᠤᠨ ᠠᠰᠠᠭᠤᠳᠠᠯ ᠣᠷᠣᠰᠢᠵᠤ ᠪᠠᠢ᠌ᠭ᠎ᠠ ᠬᠡᠦᠬᠡᠳ᠎ᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠠᠴᠠ ᠬᠣᠲᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠲᠥᠪ᠎ᠲᠤ ᠬᠠᠷᠢᠭᠤ ᠮᠡᠳᠡᠭᠦᠯᠵᠦ᠂ ᠬᠢᠮᠤᠷᠠᠯ᠎ᠠᠴᠠ ᠤᠷᠢᠳᠴᠢᠯᠠᠨ ᠰᠡᠷᠭᠡᠢ᠌ᠯᠡᠬᠦ᠂ ᠬᠢᠮᠤᠷᠠᠯ᠎ᠳᠤ ᠭᠠᠷ ᠲᠦᠷᠦᠭᠦ ᠠᠵᠢᠯᠯᠠᠭ᠎ᠠ ᠵᠢ ᠴᠠᠭ ᠲᠤᠬᠠᠢᠳᠤᠨᠢ ᠤᠷᠢᠳᠴᠢᠯᠠᠨ ᠬᠢᠵᠦ᠂ ᠬᠡᠦᠬᠡᠳ᠎ᠤᠨ ᠪᠡᠶ᠎ᠡ ᠵᠢᠨ ᠠᠮᠤᠷ ᠲᠦᠪᠰᠢᠨ᠎ᠢ ᠦᠨᠡᠨ ᠬᠦ᠌ ᠪᠠᠳᠤᠯᠠᠬᠰᠠᠨ ᠪᠠᠢ᠌ᠨ᠎ᠠ᠃
ᠲᠠᠪᠤ᠎ᠳᠤ᠂ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠠᠮᠤᠷ ᠲᠦᠪᠰᠢᠨ᠎ᠤ ᠰᠡᠷᠭᠡᠢ᠌ᠯᠡᠯᠲᠡ ᠵᠢ ᠰᠠᠢ᠌ᠳᠤᠷ ᠬᠢᠪᠡ᠃ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠶᠤᠯᠬᠦᠢ ᠦᠢ᠍ᠯᠡᠳᠪᠦᠷᠢᠯᠡᠯ ᠪᠣᠯᠣᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠴᠢᠩᠭ᠋ᠠᠳᠬᠠᠵᠤ᠂ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠣᠶᠠᠷ 《ᠵᠦᠭᠯᠡᠭᠦᠷ》᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠠᠮᠢᠳᠤᠷᠠᠯ ᠪᠠ ᠬᠢᠵᠢᠭ᠎ᠢ ᠰᠡᠷᠭᠡᠢ᠌ᠯᠡᠬᠦ ᠡᠳ᠋ ᠪᠣᠳᠠᠰ᠎ᠤᠨ ᠨᠥᠭᠡᠴᠡᠯᠡᠯᠲᠡ ᠵᠢ ᠦᠨᠡᠨ ᠬᠦ᠌ ᠴᠢᠩᠭ᠋ᠠᠳᠬᠠᠵᠤ᠂ ᠤᠰᠠᠳᠬᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠨ᠂ ᠠᠵᠢᠯᠲᠠᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠣᠯᠠᠨ ᠠᠷᠭ᠎ᠠ ᠬᠡᠮᠵᠢᠶ᠎ᠡ᠎ᠪᠠᠷ ᠠᠮᠤᠷ ᠲᠦᠪᠰᠢᠨ᠎ᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠳᠠᠯᠳᠠ ᠬᠡᠮ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠨᠢᠭᠲᠠ ᠪᠠᠢ᠌ᠭᠤᠯᠤᠨ ᠪᠡᠬᠢᠵᠢᠭᠦᠯᠵᠦ᠂ ᠬᠡᠦᠬᠡᠳ᠎ᠤᠨ ᠬᠦᠷᠲᠡᠮᠵᠢ ᠵᠢᠨ ᠲᠥᠷᠥᠭᠳᠡᠯ᠂ ᠵᠤᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠬᠦᠴᠦᠲᠡᠢ ᠴᠢᠩᠭ᠋ᠠᠷᠠᠭᠤᠯᠪᠠ᠃