ᠴᠢ ᠪᠠᠳᠤ ᠶᠠᠷᠢᠶ᠎ᠠ ᠲᠠᠯᠪᠢᠪᠠ
4 ᠳ᠋ᠤᠬᠡᠷ ᠰᠠᠷ᠎ᠠ ᠵᠢᠨ 12᠎ᠤᠨ ᠡᠳᠦᠷ᠂ ᠪᠥᠬᠥ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠶᠠᠷᠢᠯᠴᠠᠬᠤ ᠬᠤᠷᠠᠯ ᠪᠤᠯᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠥᠬᠥᠳᠡ ᠬᠤᠷᠠᠯ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠤᠳᠠᠭ᠋ᠠᠰᠢᠷᠠᠭᠤᠯᠤᠨ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ ᠵᠢᠭ᠋ᠠᠬᠰᠠᠨ᠎ᠨᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠠᠵᠢᠯ ᠣᠯᠭᠣᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠤᠳᠠᠭ᠋ᠠᠰᠢᠷᠠᠭᠤᠯᠤᠨ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢ ᠵᠢᠨ ᠫᠢᠩ ᠶᠡᠷᠦᠩᠬᠡᠢ ᠱᠦᠵᠢ ᠤᠯᠠᠨᠳᠠ ᠴᠢᠬᠤᠯᠠ ᠵᠢᠭ᠋ᠠᠪᠤᠷᠢ ᠴᠣᠬᠣᠯᠠᠪᠤᠷᠢ ᠭᠠᠷᠭ᠋ᠠᠪᠠ᠃ ᠣᠳᠣᠬᠠᠨ᠎ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠨᠦᠯᠦᠬᠡ᠎ᠪᠠᠷ ᠪᠥᠬᠥ ᠣᠷᠣᠨ᠎ᠤ ᠠᠵᠢᠯ ᠣᠯᠭᠣᠯᠲᠠ ᠵᠢᠨ ᠪᠠᠢ᠌ᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠢ᠌ᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠪᠠ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠬᠤ ᠵᠢ ᠲᠡᠷᠢᠭᠦᠨ ᠴᠢᠬᠤᠯᠠ ᠶᠠᠪᠤᠳᠠᠯ ᠪᠣᠯᠭ᠋ᠠᠵᠤ᠂ ᠲᠦᠷᠦ ᠵᠢᠨ ᠪᠣᠳᠣᠯᠭ᠎ᠠ ᠵᠢ ᠤᠯᠠᠨ ᠠᠷᠭ᠎ᠠ᠎ᠪᠠᠷ ᠤᠨᠢᠨ ᠳᠡᠭᠡᠷ᠎ᠡ᠎ᠨᠢ ᠬᠡᠷᠡᠭᠵᠢᠭᠦᠯᠵᠦ᠂ ᠨᠡᠩ ᠶᠡᠬᠡ ᠡᠷᠴᠢᠮ᠂ ᠨᠡᠩ ᠪᠣᠳᠠᠲᠠᠢ ᠠᠷᠭ᠎ᠠ᠎ᠪᠠᠷ ᠠᠵᠢᠯ ᠣᠯᠭᠣᠯᠲᠠ ᠵᠢᠨ ᠦᠨᠳᠦᠰᠦᠨ ᠪᠠᠢ᠌ᠳᠠᠯ᠎ᠢ ᠪᠦᠬᠦ ᠬᠦᠴᠦᠨ ᠵᠶ᠋ᠡᠷ ᠵᠶ᠋ᠡᠨ ᠲᠣᠭᠲᠠᠪᠤᠷᠢᠵᠢᠭᠤᠯᠬᠤ ᠬᠡᠷᠡᠭᠲᠡᠢ᠃
ᠬᠤᠷᠠᠯ᠎ᠠᠴᠠ ᠱᠠᠭ᠋ᠠᠷᠳᠠᠬᠰᠠᠨ᠎ᠨᠢ᠂ ᠡᠯ᠎ᠡ ᠭᠠᠵᠠᠷ᠎ᠤᠨ᠎ᠬᠢᠨ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠪᠠᠲᠤᠯᠠᠬᠤ ᠬᠡᠷᠡᠭᠲᠡᠢ᠃ ᠳᠡᠭᠡᠳᠦ ᠰᠤᠷᠭ᠋ᠠᠭᠤᠯᠢ ᠲᠡᠭᠦᠰᠦᠭᠰᠡᠨ ᠰᠤᠷᠤᠭᠴᠢᠳ᠎ᠤᠨ ᠠᠵᠢᠯ ᠣᠯᠭᠣᠯᠲᠠ ᠵᠢ ᠰᠠᠢ᠌ᠲᠤᠷ ᠠᠳᠬᠤᠵᠤ᠂ ᠠᠯᠪᠠᠳᠠᠨᠢ ᠰᠢᠯᠭ᠋ᠠᠨ ᠡᠯᠰᠡᠬᠦ᠂ ᠠᠵᠢᠯ ᠦᠢ᠍ᠯᠡᠰ᠎ᠤᠨ ᠨᠢᠭᠡᠴᠢ ᠵᠢᠨ ᠤᠷᠢᠨ ᠬᠡᠷᠡᠭᠯᠡᠬᠦ ᠪᠠ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠡᠯᠰᠡᠨ ᠬᠡᠷᠡᠭᠯᠡᠬᠦ ᠬᠡᠪᠴᠢᠶ᠎ᠡ ᠵᠢ ᠦᠷᠭᠦᠯᠵᠢᠯᠡᠨ ᠲᠣᠭᠲᠠᠪᠤᠷᠢᠵᠢᠭᠤᠯᠵᠤ᠂ ᠳᠠᠳᠤᠯᠭ᠎ᠠ ᠵᠢᠨ ᠠᠵᠢᠯ᠎ᠤᠨ ᠪᠠᠢ᠌ᠷᠢ ᠵᠢᠨ ᠵᠣᠭᠣᠰ ᠴᠤᠭᠯᠠᠭᠤᠯᠬᠤ ᠡᠷᠴᠢᠮ᠎ᠢ ᠴᠢᠩᠭ᠋ᠠᠷᠠᠭᠤᠯᠵᠤ᠂ ᠨᠢᠭᠡ ᠪᠦᠯᠦᠭ ᠵᠢᠷᠤᠮᠵᠢᠭᠰᠠᠨ ᠬᠠᠮᠢᠶᠠᠷᠤᠯᠲᠠ᠎ᠲᠠᠢ ᠡᠳᠦᠷ᠎ᠤᠨ ᠬᠦᠴᠦᠨ᠎ᠤ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠢ᠌ᠭᠤᠯᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠰᠢᠯᠵᠢᠭᠦᠯᠦᠨ ᠠᠵᠢᠯ ᠣᠯᠭᠣᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠬᠥᠳᠡᠯᠮᠦᠷᠢ ᠬᠦᠴᠦᠨ᠎ᠢ ᠭᠠᠳᠠᠭᠰᠢ ᠭᠠᠷᠭ᠋ᠠᠬᠤ ᠵᠢ ᠵᠣᠬᠢᠶᠠᠨ ᠪᠠᠶ᠋ᠢᠭᠤᠯᠬᠤ᠂ ᠠᠵᠤ ᠦᠢ᠍ᠯᠡᠰ᠎ᠤᠨ ᠲᠥᠷᠥᠯ ᠵᠦᠢ᠍ᠯ ᠵᠶ᠋ᠡᠷ ᠳᠠᠢ᠌ᠴᠢᠯᠠᠬᠤ᠂ ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠬᠤ᠎ᠪᠠᠷ ᠳᠠᠢ᠌ᠴᠢᠯᠠᠬᠤ ᠵᠡᠷᠭᠡ ᠠᠷᠭ᠎ᠠ ᠵᠠᠮ᠎ᠢ ᠥᠷᠭᠡᠳᠬᠡᠨ᠎ᠡ᠃ ᠪᠤᠰᠤᠳ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠠᠵᠢᠯ᠎ᠢ ᠰᠠᠢ᠌ᠲᠤᠷ ᠬᠢᠵᠦ᠂ ᠠᠵᠢᠯ ᠠᠯᠳᠠᠬᠰᠠᠳ᠂ ᠠᠵᠢᠯ᠎ᠲᠠᠢ ᠬᠦᠮᠦᠨ ᠨᠢᠬᠡ ᠴᠦ᠍ ᠦᠬᠡᠢ ᠭᠡᠷ ᠪᠦᠯᠢ᠎ᠳᠤ ᠦᠵᠡᠬᠦᠯᠬᠦ ᠠᠵᠢᠯ ᠣᠯᠭᠣᠯᠲᠠ ᠵᠢᠨ ᠲᠤᠰᠠᠯᠠᠮᠵᠢ ᠵᠢ ᠴᠢᠩᠭ᠋ᠠᠳᠬᠠᠨ᠎ᠠ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠠᠳᠠᠯ ᠦᠢ᠍ᠯᠡᠰ ᠴᠣᠭᠴᠠᠯᠠᠬᠤ ᠠᠵᠢᠯ ᠣᠯᠭᠣᠯᠲᠠ ᠵᠢᠨ ᠳᠡᠮᠵᠢᠯᠭᠡ ᠵᠢ ᠨᠡᠮᠡᠭᠳᠡᠭᠦᠯᠵᠦ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠭᠦᠯᠵᠦ᠂ ᠨᠡᠩ ᠰᠢᠯᠢᠳᠡᠭ ᠦᠢ᠍ᠯᠡᠴᠢᠯᠡᠭᠡ᠎ᠪᠠᠷ ᠠᠵᠢᠯ ᠣᠯᠭᠣᠯᠲᠠ ᠵᠢᠨ ᠠᠷᠭ᠎ᠠ ᠵᠠᠮ᠎ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠴᠠᠯᠢᠩ ᠥᠷᠢᠲᠦᠬᠦ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠭᠣᠣᠯᠳᠠᠯᠭ᠎ᠠ᠎ᠲᠠᠢ ᠭᠣᠭᠴᠣᠭ᠎ᠠ᠎ᠳᠤ ᠴᠢᠭᠯᠡᠭᠦᠯᠦᠨ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠩᠬᠠᠷᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠮᠵᠢᠯᠴᠠᠨ ᠬᠢᠨᠠᠨ ᠬᠠᠮᠢᠶᠠᠷᠴᠤ᠂ ᠰᠡᠷᠭᠡᠢ᠌ᠯᠡᠨ ᠡᠵᠡᠮᠳᠡᠬᠦ ᠵᠢ ᠡᠬᠢ ᠡᠭᠦᠰᠦᠯ᠎ᠠᠴᠠ᠎ᠨᠢ ᠰᠠᠢ᠌ᠲᠤᠷ ᠠᠳᠬᠤᠵᠤ᠂ ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠬᠥᠳᠡᠯᠦᠯᠴᠡᠬᠦ᠂ ᠴᠤᠭᠭ᠋ᠠᠷ ᠠᠳᠬᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠬᠤ ᠬᠡᠷᠡᠭᠲᠡᠢ᠃