ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠤᠷᠤᠨ ᠣᠷᠳᠣ ᠬᠤᠭᠤᠴᠠᠭ᠎ᠠ᠎ᠪᠠᠷ ᠲᠡᠨᠤᠬᠦᠴᠢᠯᠡᠨ ᠭᠤᠢ᠌ᠷᠠᠨᠴᠢᠯᠠᠵᠤ ᠪᠠᠢ᠌ᠭ᠎ᠠ ᠡᠷᠦᠬᠡ ᠠᠮᠠ ᠦᠭᠡᠢ ᠬᠥᠮᠥᠰ᠎ᠢ ᠡᠷᠦᠬᠡ ᠠᠮᠠ ᠤᠷᠤᠭᠤᠯᠵᠤ ᠲᠥᠪᠬᠢᠨᠡᠭᠦᠯᠬᠦ ᠠᠵᠢᠯ᠎ᠢ ᠰᠠᠢ᠌ᠲᠤᠷ ᠬᠢᠵᠤ ᠪᠠᠢ᠌ᠨ᠎ᠠ
ᠨᠡᠶᠢᠲᠡᠯᠡᠭᠰᠡᠨ ᠴᠠᠭ᠄ 2022-04-14

 

   ᠣᠢ᠌ᠷ᠎ᠠ᠎ᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠠᠮᠲᠤᠷᠠᠨ 《ᠣᠷᠳᠣ ᠬᠤᠭᠤᠴᠠᠭ᠎ᠠ᠎ᠪᠠᠷ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠡᠷᠦᠬᠡ ᠠᠮᠠ ᠦᠭᠡᠢ ᠬᠥᠮᠥᠰ᠎ᠢ ᠡᠷᠦᠬᠡ ᠠᠮᠠ ᠤᠷᠤᠭᠤᠯᠵᠤ ᠲᠥᠪᠬᠢᠨᠡᠭᠦᠯᠬᠦ ᠠᠵᠢᠯ᠎ᠢ ᠰᠠᠢ᠌ᠲᠤᠷ  ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ  ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠪᠠ ᠨᠠᠢ᠌ᠳᠠᠨ ᠲᠡᠵᠢᠭᠡᠯᠭᠡᠬᠦ ᠪᠠᠢ᠌ᠭᠤᠯᠤᠮᠵᠢ᠎ᠳᠤ ᠣᠷᠳᠣ ᠬᠤᠭᠤᠴᠠᠭ᠎ᠠ᠎ᠪᠠᠷ ᠰᠠᠭᠤᠬᠰᠠᠨ ᠲᠡᠨᠤᠬᠦᠯ ᠭᠤᠢ᠌ᠷᠠᠨᠴᠢᠯᠠᠭᠴᠢᠳ᠎ᠢ ᠡᠷᠦᠬᠡ ᠠᠮᠠ ᠤᠷᠤᠭᠤᠯᠵᠤ ᠲᠥᠪᠬᠢᠨᠡᠭᠦᠯᠬᠦ ᠠᠵᠢᠯ᠎ᠳᠤ ᠪᠣᠳᠠᠲᠠᠢ ᠱᠠᠭ᠋ᠠᠷᠳᠠᠯᠭ᠎ᠠ ᠳᠤᠷᠠᠳᠪᠠ᠃
   《ᠮᠡᠳᠡᠭᠳᠡᠯ》᠎ᠳᠤ ᠱᠠᠭ᠋ᠠᠷᠳᠠᠭᠰᠠᠨ᠎ᠨᠢ᠂ ᠡᠯ᠎ᠡ ᠭᠠᠵᠠᠷ᠎ᠤᠨ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠂ ᠨᠠᠢ᠌ᠳᠠᠨ ᠠᠰᠠᠷᠠᠭᠤᠯᠬᠤ ᠪᠤᠶᠤ ᠬᠤᠷᠰᠢᠭᠰᠠᠨ ᠡᠮᠨᠡᠯᠭᠡ ᠵᠢᠨ ᠠᠪᠤᠷᠠᠨ ᠵᠠᠰᠠᠬᠤ ᠪᠠᠢ᠌ᠭᠤᠯᠤᠮᠵᠢ᠎ᠨᠤᠭᠤᠳ 3 ᠰᠠᠷ᠎ᠠ ᠭᠠᠷᠤᠢ ᠰᠠᠭᠤᠬᠰᠠᠨ ᠪᠣᠯᠪᠠᠴᠤ ᠪᠡᠶ᠎ᠡ ᠵᠢᠨ ᠭᠠᠷᠤᠯ᠎ᠤᠨ ᠮᠡᠳᠡᠭᠡ ᠵᠠᠩᠭᠢ ᠵᠢ᠎ᠨᠢ ᠮᠥᠨ ᠬᠦ᠌ ᠪᠠᠢ᠌ᠴᠠᠭ᠋ᠠᠨ ᠲᠣᠳᠣᠯᠠᠬᠤ ᠵᠢᠨ ᠠᠷᠭ᠎ᠠ ᠦᠭᠡᠢ ᠲᠡᠨᠦᠭᠦᠯ ᠭᠤᠢ᠌ᠷᠠᠨᠴᠢᠳ᠎ᠲᠤ ᠡᠷᠦᠬᠡ ᠠᠮᠠ ᠵᠢᠨ ᠲᠠᠩᠰᠠ ᠵᠢ᠎ᠨᠢ ᠮᠡᠳᠡᠭᠦᠯᠵᠦ ᠥᠭᠬᠦ ᠵᠢᠨ ᠬᠠᠮᠲᠤ ᠬᠠᠷᠢᠶ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ᠎ᠪᠠᠨ ᠮᠡᠳᠡᠭᠦᠯᠵᠦ ᠬᠢᠨᠠᠭᠤᠯᠬᠤ ᠬᠡᠷᠡᠭᠲᠡᠢ᠃ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠡᠷᠦᠬᠡ ᠠᠮᠠ ᠦᠭᠡᠢ ᠬᠥᠮᠥᠰ ᠡᠷᠦᠬᠡ ᠠᠮᠠ᠎ᠪᠠᠨ ᠳᠠᠩᠰᠠᠯᠠᠭᠤᠯᠤᠭᠰᠠᠨ᠎ᠤ ᠳᠠᠷᠠᠭ᠎ᠠ᠂ ᠤᠤᠯ᠎ᠤᠨ ᠮᠡᠳᠡᠭᠦᠯᠦᠨ ᠬᠦᠷᠭᠡᠭᠰᠡᠨ  ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠲᠥᠷᠥᠯ ᠰᠠᠳᠤᠨ᠎ᠢ᠎ᠨᠢ ᠡᠷᠢᠬᠦ ᠠᠵᠢᠯ᠎ᠢ ᠦᠷᠭᠦᠯᠵᠢᠯᠡᠨ ᠥᠷᠨᠢᠭᠦᠯᠵᠦ᠂ ᠲᠥᠷᠥᠯ ᠰᠠᠳᠤᠨ᠎ᠢ᠎ᠨᠢ ᠡᠷᠢᠵᠤ ᠤᠯᠪᠠᠯ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ  ᠲᠤᠰᠬᠤ᠂ ᠨᠤᠲᠤᠭ᠎ᠲᠤ᠎ᠨᠢ ᠬᠦᠷᠬᠡᠬᠦ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠎ᠨᠤᠭᠤᠳ ᠪᠣᠳᠠᠲᠠᠢ ᠪᠠᠢ᠌ᠳᠠᠯ ᠵᠶ᠋ᠠᠨ ᠦᠨᠳᠦᠰᠦᠯᠡᠨ ᠣᠲᠣ ᠵᠢᠨ ᠪᠠᠢ᠌ᠭ᠎ᠠ ᠡᠷᠦᠬᠡ ᠠᠮᠠ ᠵᠢᠨ ᠲᠠᠩᠰᠠ᠎ᠪᠠᠨ ᠬᠦᠴᠦᠨ ᠦᠭᠡᠢ ᠪᠣᠯᠭ᠋ᠠᠵᠤ᠂ ᠣᠲᠣ ᠵᠢᠨ ᠰᠠᠭᠤᠭ᠎ᠠ ᠭᠠᠵᠠᠷ ᠵᠶ᠋ᠠᠨ ᠨᠡᠭᠦᠯᠭᠡᠬᠦ ᠨᠥᠬᠥᠴᠡᠯ᠎ᠳᠤ ᠨᠡᠢ᠌ᠴᠡᠪᠡᠯ ᠡᠷᠦᠬᠡ ᠠᠮᠠ ᠵᠢᠨ ᠲᠠᠩᠰᠠ᠎ᠪᠠᠨ ᠨᠡᠭᠦᠯᠭᠡᠬᠦ ᠵᠢ ᠭᠦᠢ᠍ᠴᠡᠳᠬᠡᠵᠦ ᠪᠣᠯᠣᠨ᠎ᠠ᠃
   《ᠮᠡᠳᠡᠭᠳᠡᠯ》᠎ᠳᠤ  ᠵᠢᠭ᠋ᠠᠬᠰᠠᠨ᠎ᠨᠢ᠂ ᠡᠯ᠎ᠡ ᠭᠠᠵᠠᠷ᠎ᠤᠨ᠎ᠬᠢᠨ ᠣᠷᠳᠣ ᠬᠤᠭᠤᠴᠠᠭ᠎ᠠ᠎ᠪᠠᠷ  ᠲᠡᠨᠤᠬᠦᠴᠢᠯᠡᠨ ᠭᠤᠢ᠌ᠷᠠᠨᠴᠢᠯᠠᠵᠤ ᠪᠠᠢ᠌ᠭ᠎ᠠ ᠡᠷᠦᠬᠡ ᠠᠮᠠ ᠦᠭᠡᠢ ᠬᠥᠮᠥᠰ᠎ᠢ ᠡᠷᠦᠬᠡ ᠠᠮᠠ ᠤᠷᠤᠭᠤᠯᠵᠤ ᠲᠥᠪᠬᠢᠨᠡᠭᠦᠯᠬᠦ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠎ᠨᠤᠭᠤᠳ ᠬᠣᠯᠪᠣᠭ᠎ᠠ ᠠᠪᠴᠤ ᠵᠣᠬᠢᠴᠠᠭᠤᠯᠬᠤ ᠲᠣᠭᠲᠠᠴᠠ ᠪᠠᠢ᠌ᠭᠤᠯᠵᠤ᠂ ᠠᠵᠢᠯ ᠬᠤᠪᠢᠶᠠᠨ ᠬᠠᠷᠢᠭᠤᠴᠠᠵᠤ᠂ ᠬᠠᠷᠢᠭᠤᠴᠠᠯᠭ᠎ᠠ ᠵᠢ ᠲᠣᠳᠣᠷᠬᠠᠢ᠌ᠯᠠᠨ᠂ ᠠᠵᠢᠯ᠎ᠤᠨ ᠳᠤᠮᠳᠠ ᠲᠣᠬᠢᠶᠠᠯᠳᠤᠭᠰᠠᠨ ᠡᠯ᠎ᠡ ᠵᠦᠢ᠍ᠯ᠎ᠤᠨ ᠠᠰᠠᠭᠤᠳᠠᠯ᠎ᠢ ᠴᠠᠭ ᠲᠤᠬᠠᠢ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ᠃
   2022 ᠣᠨ᠎ᠠᠴᠠ ᠨᠠᠭ᠋ᠠᠰᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠳ ᠡᠷᠦᠬᠡ ᠠᠮᠠ ᠵᠢᠨ ᠲᠠᠩᠰᠠ ᠦᠭᠡᠢ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ 28 ᠬᠥᠮᠥᠨ᠎ᠢ ᠡᠷᠦᠬᠡ ᠠᠮᠠ ᠣᠷᠣᠭᠤᠯᠵᠤ ᠳᠥᠪᠬᠢᠨᠡᠭᠦᠯᠦᠨ᠂ ᠲᠡᠳᠡᠨ᠎ᠤ ᠨᠡᠢ᠌ᠭᠡᠮ᠎ᠳᠤ ᠳᠠᠬᠢᠨ ᠣᠷᠣᠬᠤ ᠵᠢ ᠠᠬᠢᠭᠤᠯᠵᠤ᠂ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠎ᠢ ᠡᠬᠢ ᠰᠤᠷᠪᠤᠯᠵᠢ᠎ᠠᠴᠠ᠎ᠨᠢ ᠬᠢᠵᠠᠭ᠋ᠠᠷᠯᠠᠨ ᠴᠥᠭᠡᠳᠬᠡᠵᠦ᠂ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ ᠪᠠᠲᠤᠯᠠᠭᠰᠠᠨ ᠪᠠᠢ᠌ᠨ᠎ᠠ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠠᠵᠢᠯ ᠣᠯᠭᠣᠬᠤ ᠠᠵᠢᠯ᠎ᠤᠨ ᠶᠠᠷᠢᠯᠴᠠᠬᠤ ᠬᠤᠷᠠᠯ ᠪᠤᠯᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠬᠦᠳᠡ ᠬᠤᠷᠠᠯ ᠬᠤᠷᠠᠯᠳᠤᠪᠠ
ᠮᠠᠨ᠎ᠤ ᠣᠷᠣᠨ ᠮᠡᠳᠡᠯᠭᠡ ᠵᠢᠨ ᠥᠮᠴᠢᠯᠡᠬᠦ ᠡᠷᠬᠡ ᠵᠢᠨ ᠪᠦᠬᠦ ᠬᠡᠯᠬᠢᠶ᠎ᠡ ᠵᠢ ᠬᠠᠮᠠᠭ᠋ᠠᠯᠠᠬᠤ ᠰᠢᠨ᠎ᠡ ᠪᠠᠢ᠌ᠷᠢᠰᠢᠯ᠎ᠢ ᠪᠠᠶ᠋ᠢᠭᠤᠯᠬᠤ ᠵᠢ ᠤᠯᠠᠨ ᠴᠡᠭ᠎ᠠᠴᠠ ᠠᠬᠢᠭᠤᠯᠵᠤ ᠪᠠᠢ᠌ᠨ᠎ᠠ
ᠵᠡᠮᠳᠡᠭᠴᠦᠳ᠎ᠤᠨ ᠬᠤᠯᠪᠤᠭ᠎ᠠ ᠪᠣᠯᠣᠨ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠦᠪᠳᠡᠯᠴᠡᠬᠡᠷ ᠲᠤᠬᠳᠠᠪᠠ
ᠠᠷᠪᠠᠨ ᠲᠦᠮᠡᠨ ᠣᠶᠤᠲᠠᠨ᠎ᠢ ᠬᠥᠬᠡᠬᠣᠲᠠ᠎ᠳᠤ ᠦᠯᠡᠳᠡᠭᠡᠬᠦ ᠢᠨᠵᠧᠨᠧᠷᠢᠩ᠎ᠤᠨ ᠠᠵᠢᠯᠲᠠᠨ ᠡᠯᠰᠡᠬᠦ ᠰᠢᠷᠢᠰ ᠴᠤᠭᠯᠠᠭ᠋ᠠᠨ ᠪᠤᠯᠤᠨ 《ᠭᠤᠤᠯᠳᠤ ᠪᠤᠷᠤ ᠵᠢ ᠦᠨᠳᠤᠰᠤᠯᠡᠬᠦᠯᠬᠦ ᠲᠥᠯᠥᠪᠯᠡᠭᠡ》 ᠵᠢ ᠡᠬᠢᠯᠡᠬᠦᠯᠪᠡ ᠪᠤᠤ ᠭᠠᠡᠭ ᠴᠢ ᠪᠠᠲᠤ ᠣᠷᠣᠯᠴᠠᠵᠠᠢ
ᠮᠠᠨ᠎ᠤ ᠣᠷᠣᠨ 47.7 ᠳ᠋ᠦᠩᠰᠢᠭᠤᠷ ᠲᠥᠭᠥᠷᠢᠭ᠎ᠤᠨ ᠵᠢᠵᠢᠭ ᠪᠢᠴᠢᠯ ᠠᠵᠤ ᠠᠬᠤᠢ᠌ᠯᠠᠯ᠎ᠤᠨ ᠦᠯᠡᠳᠡᠬᠡᠵᠤ ᠪᠤᠴᠠᠭ᠋ᠠᠬᠤ ᠭᠠᠢ᠌ᠯᠢ ᠵᠢᠨ ᠮᠥᠩᠭᠥ ᠵᠢ ᠠᠢ᠌ᠮᠠᠭ ᠬᠣᠲᠠ ᠬᠣᠰᠢᠭᠤ ᠰᠢᠶᠠᠨ᠎ᠳᠤ ᠪᠠᠭᠤᠯᠭ᠋ᠠᠪᠠ
 
            