ᠴᠢ ᠪᠠᠳᠤ ᠭᠡᠷ᠎ᠡ ᠲᠣᠭᠲᠠᠬᠤ ᠶᠤᠰᠤᠯᠠᠯ᠎ᠳᠤ ᠤᠷᠤᠯᠴᠠᠪᠠ
4 ᠳ᠋ᠤᠬᠡᠷ ᠰᠠᠷ᠎ᠠ ᠵᠢᠨ 13᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠤᠭ᠎ᠠ ᠬᠢᠭᠡᠳ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ᠎ᠲᠤ ᠭᠠᠷᠤᠨ ᠥᠰᠥᠭ ᠵᠢᠷᠤᠬᠤ ᠶᠣᠰᠣᠯᠠᠯ ᠪᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢᠨ ᠰᠤᠳᠤᠯᠭ᠋ᠠᠨ᠎ᠤ ᠲᠦᠪ᠎ᠤᠨ ᠫᠠᠢ᠌ᠰᠡ ᠰᠡᠬᠦᠬᠦ ᠶᠤᠰᠤᠯᠠᠯ ᠦᠪᠤᠷ ᠮᠤᠡᠭᠭᠤᠯ᠎ᠤᠨ ᠶᠡᠬᠡ ᠰᠤᠷᠭ᠋ᠠᠭᠤᠯᠢ᠎ᠳᠤ ᠶᠠᠪᠤᠬᠳᠠᠯ᠎ᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠴᠢ ᠪᠠᠲᠤ ᠬᠤᠷᠠᠯ᠎ᠳᠤ ᠣᠷᠣᠯᠴᠠᠭᠰᠠᠨ ᠪᠥᠭᠡᠳ ᠭᠡᠷ᠎ᠡ ᠲᠤᠬᠳᠠᠬᠤ᠎ᠳᠤ ᠪᠠᠢ᠌ᠯᠴᠠᠪᠠ᠃
ᠲᠤᠬᠠᠢ ᠵᠢᠨ ᠲᠠᠯᠠᠪᠠᠢ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ ᠪᠣᠯᠣᠨ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠤᠬᠳᠠᠪᠠ᠃ ᠬᠤᠶᠠᠷ ᠲᠠᠯ᠎ᠠ᠎ᠪᠠᠷ ᠵᠶ᠋ᠡᠨ ᠵᠡᠮᠳᠡᠭᠴᠦᠳ᠎ᠤᠨ ᠰᠠᠭᠤᠷᠢ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠲᠥᠯᠦᠪᠵᠢᠭᠦᠯᠭᠡ ᠪᠣᠯᠣᠨ ᠵᠢᠷᠤᠭ ᠲᠥᠯᠥᠪᠯᠡᠭᠡ᠂ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ᠂ ᠲᠤᠰᠬᠠᠢ ᠮᠡᠷᠭᠡᠵᠢᠯ᠎ᠤᠨ ᠲᠤᠰᠠᠯᠠᠬᠤ ᠪᠠᠭ᠋ᠠᠵᠢ ᠵᠢ ᠰᠤᠳᠤᠯᠤᠨ ᠨᠡᠭᠡᠭᠡᠬᠦ᠂ ᠨᠡᠢ᠌ᠭᠡᠮ᠎ᠤᠨ ᠦᠢ᠍ᠯᠡᠴᠢᠯᠡᠭᠡ᠂ ᠤᠯᠠᠨ ᠨᠡᠶ᠋ᠢᠲᠡ ᠵᠢᠨ ᠬᠠᠮᠢᠶᠠᠷᠤᠯᠲᠠ᠂ ᠰᠤᠷᠤᠭᠴᠢᠳ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ᠂ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ᠂ ᠵᠡᠮᠳᠡᠭ ᠰᠤᠷᠤᠭᠴᠢᠳ᠎ᠢ ᠲᠡᠳᠬᠦᠵᠦ ᠲᠤᠰᠠᠯᠠᠬᠤ ᠵᠡᠷᠭᠡ ᠲᠠᠯ᠎ᠠ ᠵᠢᠨ ᠲᠣᠭᠣᠷᠢᠨ᠎ᠳᠤ ᠪᠦᠬᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠦᠷᠨᠢᠬᠦᠯᠬᠦ ᠪᠤᠯᠤᠨ᠎ᠠ᠃ ᠡᠨᠡ ᠬᠦ᠌ ᠠᠵᠢᠯᠯᠠᠭ᠎ᠠ᠎ᠨᠢ ᠵᠡᠮᠳᠡᠭᠴᠦᠳ᠎ᠤᠨ ᠦᠢ᠍ᠯᠡᠰ᠎ᠤᠨ ᠣᠨᠣᠯ ᠪᠠ ᠦᠢ᠍ᠯᠡᠳᠦᠯᠭᠡ ᠵᠢᠨ ᠰᠤᠳᠤᠯᠭ᠋ᠠᠨ᠎ᠤ ᠲᠠᠯ᠎ᠠ᠎ᠪᠠᠷ ᠰᠢᠨ᠎ᠡ ᠦᠷ᠎ᠡ ᠪᠦᠲᠦᠭᠡᠯ᠂ ᠰᠢᠨ᠎ᠡ ᠲᠤᠷᠰᠢᠯᠭ᠎ᠠ ᠵᠢ ᠡᠭᠦᠳᠬᠦ᠎ᠪᠠᠷ ᠴᠢᠷᠮᠠᠢ᠌ᠵᠤ᠂ ᠵᠠᠰᠠᠭ᠂ ᠠᠵᠤ ᠦᠢ᠍ᠯᠡᠰ᠂ ᠰᠤᠷᠭ᠋ᠠᠭᠤᠯᠢ᠂ ᠰᠤᠳᠤᠯᠭ᠋ᠠᠨ᠂ ᠬᠡᠷᠡᠭᠯᠡᠭᠡᠨ᠎ᠤ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠰᠢᠨ᠎ᠡ ᠵᠠᠮ᠎ᠢ ᠴᠢᠷᠮᠠᠢ᠌ᠨ ᠨᠡᠭᠡᠭᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠬᠦ ᠪᠤᠯᠤᠨ᠎ᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠴᠢ ᠪᠠᠲᠤ ᠬᠣᠶᠠᠷ ᠲᠠᠯ᠎ᠠ᠎ᠪᠠᠷ ᠵᠶ᠋ᠡᠨ ᠭᠡᠷ᠎ᠡ ᠲᠣᠭᠲᠠᠨ ᠬᠠᠮᠲᠤᠷᠠᠨ ᠠᠵᠢᠯᠯᠠᠭᠰᠠᠨ᠎ᠳᠤ ᠪᠠᠶᠠᠷ ᠬᠦᠷᠭᠡᠵᠦ ᠪᠠᠢ᠌ᠬᠤ᠎ᠪᠠᠨ ᠢᠯᠡᠳᠬᠡᠬᠦ ᠵᠢᠨ ᠬᠠᠮᠳᠤ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢ ᠵᠡᠮᠳᠡᠭᠴᠦᠳ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠭᠦᠰᠬᠦ ᠰᠤᠷᠤᠭᠴᠢᠳ᠎ᠤᠨ ᠲᠤᠳᠤᠷᠠᠬᠢ ᠵᠡᠮᠳᠡᠭ ᠰᠤᠷᠤᠬ᠍ᠴᠢᠳ᠎ᠢ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠤᠨ ᠠᠵᠢᠯ ᠣᠯᠭᠣᠯᠲᠠ ᠵᠢᠨ ᠠᠵᠢᠯ᠎ᠢ ᠰᠠᠢ᠌ᠲᠤᠷ ᠬᠢᠵᠦ᠂ ᠬᠣᠶᠠᠷ ᠲᠠᠯ᠎ᠠ᠎ᠪᠠᠷ ᠵᠶ᠋ᠠᠨ ᠨᠢᠭᠲᠠ ᠬᠠᠮᠵᠢᠯᠴᠠᠵᠤ᠂ ᠵᠡᠮᠳᠡᠭᠴᠦᠳ᠎ᠤᠨ ᠤᠨᠤᠯ᠎ᠤᠨ ᠰᠤᠳᠤᠯᠭ᠋ᠠᠨ᠂ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ᠎ᠳᠤ ᠦᠢ᠍ᠯᠡᠴᠢᠯᠡᠬᠦ ᠵᠡᠷᠭᠡ ᠲᠠᠯ᠎ᠠ᠎ᠪᠠᠷ ᠬᠠᠮᠲᠤᠷᠠᠯᠴᠠᠭ᠋ᠠᠨ᠎ᠤ ᠬᠦᠷᠢᠶ᠎ᠡ ᠴᠠᠷᠠᠭ᠎ᠠ᠎ᠪᠠᠨ ᠴᠢᠨᠠᠭᠰᠢᠳᠠ ᠥᠷᠭᠡᠳᠬᠡᠵᠦ᠂ ᠨᠡᠩ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠵᠡᠮᠳᠡᠭᠴᠦᠳ᠎ᠤᠨ ᠨᠡᠩ ᠪᠠᠶᠠᠨ ᠴᠢᠨᠡᠭᠡᠯᠢᠭ᠂ ᠨᠡᠩ ᠨᠡᠷ᠎ᠡ ᠬᠦᠨᠳᠦ᠎ᠲᠠᠢ ᠰᠠᠢ᠌ᠨ ᠰᠠᠢ᠌ᠬᠠᠨ ᠠᠮᠢᠳᠤᠷᠠᠯ᠎ᠢ ᠡᠳ᠋ᠯᠡᠬᠦ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠨᠡᠮᠡᠷᠢᠯᠡᠬᠦ ᠬᠡᠷᠡᠭᠳᠡᠢ ᠭᠡᠵᠤ ᠱᠠᠭ᠋ᠠᠷᠳᠠᠪᠠ᠃