4 ᠳ᠋ᠤᠬᠡᠷ ᠰᠠᠷ᠎ᠠ ᠵᠢᠨ 16᠎ᠤ ᠡᠳᠦᠷ᠂ ᠬᠥᠬᠡᠬᠣᠲᠠ ᠵᠢᠨ ᠵᠠᠰᠠᠭ᠎ᠤᠨ ᠣᠷᠳᠣᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠬᠠᠮᠲᠤᠷᠠᠨ ᠡᠷᠭᠢᠯᠡᠭᠰᠡᠨ 《ᠠᠷᠪᠠᠨ ᠲᠦᠮᠡᠨ ᠣᠶᠤᠲᠠᠨ᠎ᠢ ᠬᠥᠬᠡᠬᠣᠲᠠ᠎ᠳᠤ ᠦᠯᠡᠳᠡᠭᠡᠬᠦ ᠢᠨᠵᠧᠨᠧᠷᠢᠩ》᠎ᠤᠨ ᠠᠵᠢᠯᠲᠠᠨ ᠡᠯᠰᠡᠬᠦ ᠰᠢᠷᠢᠰ ᠠᠵᠢᠯᠯᠠᠭ᠎ᠠ ᠪᠤᠯᠤᠨ 《ᠭᠤᠤᠯ᠎ᠳᠤ ᠪᠤᠷᠤ ᠵᠢ ᠲᠥᠯᠥᠪᠯᠡᠭᠡ》 ᠵᠢ ᠡᠬᠢᠯᠡᠬᠦᠯᠵᠤ᠂ ᠠᠵᠢᠯᠳᠠᠨ ᠡᠯᠰᠡᠬᠦ 1200 ᠭᠠᠷᠤᠢ ᠨᠢᠬᠡᠴᠢ 2.24 ᠲᠦᠮᠡᠨ ᠠᠵᠢᠯ᠎ᠤᠨ ᠪᠠᠢ᠌ᠷᠢ ᠬᠠᠩᠭ᠋ᠠᠵᠤ᠂ ᠰᠦᠯᠵᠢᠶᠡᠨ ᠳᠡᠭᠡᠷ᠎ᠡ ᠴᠠᠭ ᠲᠤᠬᠠᠢᠳᠤᠨᠢ ᠠᠵᠢᠯᠲᠠᠨ ᠡᠯᠰᠡᠵᠦ ᠡᠬᠢᠯᠡᠪᠡ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠪᠤᠤ ᠭᠠᠡᠭ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠡᠷᠭᠡ ᠬᠥᠬᠡᠬᠣᠲᠠ᠎ᠳᠤ ᠰᠠᠭᠤᠭ᠎ᠠ 7 ᠳᠡᠭᠡᠳᠦ ᠰᠤᠷᠭ᠋ᠠᠭᠤᠯᠢ ᠵᠢᠨ ᠪᠠᠢ᠌ᠭᠤᠯᠤᠭᠰᠠᠨ 《ᠬᠥᠬᠡᠬᠣᠲᠠ ᠵᠢᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠠᠵᠢᠯ᠎ᠤᠨ ᠥᠷᠲᠡᠭᠡ》᠎ᠳᠤ ᠫᠠᠢ᠌ᠰᠠ ᠣᠯᠭᠣᠪᠠ᠃
ᠡᠬᠢᠯᠡᠯᠲᠡ ᠵᠢᠨ ᠶᠣᠰᠣᠯᠠᠯ᠎ᠤᠨ ᠲᠤᠬᠠᠢ ᠵᠢᠨ ᠲᠠᠯᠠᠪᠤᠷ᠎ᠲᠤ 6 ᠲᠣᠭᠣᠷᠢᠭ ᠭᠠᠷᠭ᠋ᠠᠵᠤ᠂ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢᠨ ᠬᠥᠳᠡᠯᠦᠩᠭᠦᠢ ᠪᠠᠢ᠌ᠳᠠᠯ ᠪᠤᠯᠤᠨ ᠣᠢ᠌ᠷ᠎ᠠ ᠵᠢᠨ ᠵᠢᠯ᠎ᠤᠳ᠎ᠲᠤ ᠬᠥᠬᠡᠬᠣᠲᠠ ᠵᠢᠨ ᠣᠶᠤᠲᠠᠳ᠎ᠤᠨ ᠰᠢᠨ᠎ᠡ ᠵᠢ ᠡᠭᠦᠳᠬᠦ ᠪᠠ ᠠᠳᠠᠯ ᠦᠢ᠍ᠯᠡᠰ ᠴᠣᠭᠴᠠᠯᠠᠬᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠡᠷᠭᠡ ᠲᠠᠯ᠎ᠠ᠎ᠪᠠᠷ ᠣᠯᠣᠭᠰᠠᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠠ ᠳᠠᠪᠠᠭᠤᠯᠢᠭ ᠲᠥᠷᠥᠯ ᠵᠦᠢ᠍ᠯ᠎ᠢ ᠳᠡᠯᠭᠡᠨ ᠦᠵᠡᠭᠦᠯᠵᠡᠢ᠃ ᠰᠦᠯᠵᠢᠶᠡᠨ ᠳᠡᠭᠡᠷ᠎ᠡ ᠬᠠᠷᠢᠯᠴᠠᠬᠤ᠂ ᠲᠤᠰᠬᠠᠢ ᠰᠡᠳᠦᠪᠲᠦ ᠣᠨᠴᠠᠯᠢᠭᠲᠤ ᠰᠢᠭᠤᠳ ᠨᠡᠪᠲᠡᠷᠡᠭᠦᠯᠭᠡ ᠵᠢ ᠥᠷᠨᠢᠭᠦᠯᠵᠦ᠂ ᠲᠤᠬᠠᠢ ᠵᠢᠨ ᠲᠠᠯᠠᠪᠤᠷ᠎ᠲᠤ ᠤᠲᠠᠰᠤ ᠵᠠᠯᠭ᠋ᠠᠵᠤ᠂ ᠡᠯ᠎ᠡ ᠲᠦᠷᠦᠯ᠎ᠤᠨ ᠠᠵᠢᠯ ᠣᠯᠭᠣᠯᠲᠠ ᠠᠳᠠᠯ ᠦᠢ᠍ᠯᠡᠰ ᠴᠣᠭᠴᠠᠯᠠᠬᠤ ᠠᠰᠠᠭᠤᠳᠠᠯ᠎ᠢ ᠴᠠᠭ ᠲᠤᠬᠠᠢᠳᠤᠨᠢ ᠬᠠᠷᠢᠭᠤᠯᠵᠤ᠂ ᠠᠵᠢᠯ ᠡᠷᠢᠭᠰᠡᠳ ᠪᠠ ᠠᠵᠤ ᠠᠬᠤᠢ᠌ᠯᠠᠯ᠎ᠳᠤ ᠰᠦᠯᠵᠢᠶᠡᠨ ᠳᠡᠭᠡᠷ᠎ᠡ ᠨᠡᠪᠲᠡᠷᠡᠯᠴᠡᠬᠦ 《ᠡᠭᠦᠯᠡᠨ ᠬᠥᠭᠥᠷᠭᠡ》 ᠵᠢ ᠪᠠᠢ᠌ᠭᠤᠯᠵᠤ ᠥᠭᠭᠦᠨ᠎ᠡ᠃
《ᠠᠷᠪᠠᠨ ᠲᠦᠮᠡᠨ ᠣᠶᠤᠲᠠᠨ᠎ᠢ ᠬᠥᠬᠡᠬᠣᠲᠠ᠎ᠳᠤ ᠦᠯᠡᠳᠡᠭᠡᠬᠦ ᠢᠨᠵᠧᠨᠧᠷᠢᠩ》᠎ᠤᠨ ᠠᠵᠢᠯᠲᠠᠨ ᠡᠯᠰᠡᠬᠦ ᠰᠢᠷᠢᠰ ᠴᠤᠭᠯᠠᠭ᠋ᠠᠨ ᠪᠤᠯᠤᠨ 《ᠭᠤᠤᠯ᠎ᠳᠤ ᠪᠤᠷᠤ ᠵᠢ ᠲᠥᠯᠥᠪᠯᠡᠭᠡ》 ᠵᠢ ᠡᠬᠢᠯᠡᠭᠦᠯᠦᠭᠰᠡᠨ᠎ᠤ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠣᠷᠣᠨ᠎ᠤ ᠲᠥᠪ ᠣᠷᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠴᠢᠳᠠᠪᠤᠷᠢᠲᠠᠨ ᠴᠤᠭᠯᠠᠷᠠᠭᠰᠠᠨ ᠳᠠᠪᠠᠭᠤᠯᠢᠭ᠎ᠢ ᠭᠦᠢ᠍ᠴᠡᠳ ᠠᠰᠢᠭᠯᠠᠨ᠂ ᠣᠷᠣᠨ᠎ᠤ ᠲᠥᠪ᠎ᠤᠨ ᠠᠵᠤ ᠦᠢ᠍ᠯᠡᠰ᠎ᠤᠨ ᠬᠥᠭᠵᠢᠯᠲᠡ ᠪᠠ ᠬᠥᠮᠥᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠪᠥᠬᠥ ᠵᠢᠯ᠎ᠳᠤ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠡᠯ᠎ᠡ ᠲᠥᠷᠥᠯ᠎ᠤᠨ ᠲᠤᠰᠬᠠᠢ ᠲᠥᠷᠥᠯ᠎ᠤᠨ ᠠᠵᠢᠯᠲᠠᠨ ᠡᠯᠰᠡᠬᠦ ᠴᠤᠭᠯᠠᠭ᠋ᠠᠨ᠂ ᠬᠣᠣᠰ ᠵᠥᠪᠳᠡᠯᠴᠡᠭᠡᠷ᠎ᠤᠨ ᠬᠤᠷᠠᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠵᠢᠨ ᠬᠠᠮᠲᠤ ᠵᠢᠯ᠎ᠤᠨ ᠡᠴᠦᠰ ᠪᠣᠯᠲᠠᠯ᠎ᠠ ᠦᠷᠭᠦᠯᠵᠢᠯᠡᠭᠦᠯᠵᠦ᠂ ᠡᠯ᠎ᠡ ᠲᠥᠷᠥᠯ᠎ᠤᠨ ᠬᠥᠮᠥᠨ ᠬᠡᠷᠡᠭᠯᠡᠬᠦ ᠨᠢᠬᠡᠴᠢ ᠪᠠ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠬᠠᠩᠭ᠋ᠠᠯᠭ᠎ᠠ ᠬᠡᠷᠡᠭᠴᠡᠭᠡ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠬᠤ ᠲᠠᠪᠴᠠᠩ ᠪᠠᠢ᠌ᠭᠤᠯᠵᠤ ᠥᠭᠭᠦᠨ᠎ᠡ᠃ ᠪᠠᠰᠠ 《ᠠᠵᠢᠯ᠎ᠤᠨ ᠲᠠᠯᠠᠪᠤᠷ᠎ᠲᠤ ᠵᠠᠮᠴᠢᠯᠠᠬᠤ》 《ᠤᠷᠤᠨ᠎ᠤ ᠲᠦᠪ᠎ᠲᠠᠢ ᠵᠶ᠋ᠡᠨ ᠰᠡᠳᠬᠢᠯ ᠵᠶ᠋ᠡᠨ ᠬᠤᠯᠪᠤᠬᠤ》 《ᠲᠦᠮᠡᠨ ᠠᠵᠢᠯ᠎ᠤᠨ ᠪᠠᠢ᠌ᠷᠢ ᠠᠵᠢᠯᠲᠠᠨ ᠡᠯᠰᠡᠬᠦ》 《ᠠᠩᠬᠠᠨ᠎ᠤ ᠡᠭᠦᠳᠦᠯᠲᠡ᠎ᠪᠠᠷ ᠠᠶᠠᠯᠠᠯ᠎ᠳᠤ ᠲᠤᠰᠠᠯᠠᠬᠤ》 《ᠮᠡᠷᠭᠡᠳ᠎ᠢ ᠲᠠᠲᠠᠵᠤ ᠣᠶᠤᠨ᠎ᠢ ᠴᠤᠭᠯᠠᠭᠤᠯᠬᠤ》 《ᠤᠷ᠎ᠠ ᠴᠢᠳᠠᠪᠤᠷᠢ ᠵᠢ ᠳᠡᠭᠡᠭᠰᠢᠯᠡᠭᠦᠯᠬᠦ》 《ᠦᠨᠳᠦᠰᠦᠨ ᠱᠠᠲᠤᠨ᠎ᠳᠤ ᠦᠰᠦᠨ ᠪᠣᠢ᠌ᠵᠢᠬᠤ》 《ᠦᠢ᠍ᠯᠡᠴᠢᠯᠡᠭᠡ᠎ᠪᠠᠷ ᠰᠢᠯᠢᠳᠡᠭ᠎ᠢ ᠡᠭᠦᠳᠬᠦ》 ᠨᠠᠢ᠍ᠮᠠᠨ ᠶᠡᠬᠡ ᠠᠵᠢᠯᠯᠠᠭ᠎ᠠ ᠵᠢ ᠭᠣᠣᠯᠳᠠᠯᠭ᠎ᠠ᠎ᠲᠠᠢ ᠥᠷᠨᠢᠭᠦᠯᠵᠦ᠂ 3 ᠵᠢᠯ᠎ᠳᠤ 10 ᠲᠦᠮᠡᠨ ᠣᠶᠤᠲᠠᠨ᠎ᠢ ᠬᠥᠬᠡᠬᠣᠲᠠ᠎ᠳᠤ ᠦᠯᠡᠳᠡᠵᠤ᠂ ᠬᠥᠬᠡᠬᠣᠲᠠ᠎ᠳᠤ ᠠᠳᠠᠯ ᠦᠢ᠍ᠯᠡᠰ ᠪᠤᠰᠬᠠᠬᠤ ᠵᠢ ᠠᠬᠢᠭᠤᠯᠬᠤ᠎ᠪᠠᠷ ᠪᠤᠢ᠃