ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠮᠥᠩᠭᠥ ᠵᠢ ᠵᠣᠬᠢᠶᠠᠨ ᠪᠠᠢ᠌ᠭᠤᠯᠤᠨ ᠮᠡᠳᠡᠭᠦᠯᠬᠦ ᠲᠤᠬᠠᠢ ᠮᠡᠳᠡᠭᠳᠡᠯ》᠎ᠢ ᠲᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2022-04-19

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ 《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠵᠢᠨ ᠮᠥᠩᠭᠥ ᠵᠢ ᠵᠣᠬᠢᠶᠠᠨ ᠪᠠᠢ᠌ᠭᠤᠯᠤᠨ ᠮᠡᠳᠡᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠬᠣᠰᠢᠭᠤ ᠰᠢᠶᠠᠨ᠎ᠤ ᠱᠠᠲᠤᠨ᠎ᠤ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠤᠰᠬᠠᠢ ᠵᠦᠢ᠍ᠯ᠎ᠤᠨ ᠨᠥᠬᠥᠪᠦᠷᠢ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠨ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠵᠤ᠂ ᠲᠥᠷᠥᠯ ᠵᠦᠢ᠍ᠯ᠎ᠢ  ᠨᠠᠢ᠌ᠳᠠᠪᠤᠷᠢᠵᠢᠭᠤᠯᠬᠤ ᠵᠢ  ᠪᠠᠳᠤᠯᠠᠵᠤ ᠪᠠᠢ᠌ᠨ᠎ᠠ᠃
    《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠮᠥᠩᠭᠥ ᠵᠢ ᠵᠣᠬᠢᠶᠠᠨ ᠪᠠᠢ᠌ᠭᠤᠯᠤᠨ ᠮᠡᠳᠡᠭᠦᠯᠬᠦ ᠲᠤᠬᠠᠢ ᠮᠡᠳᠡᠭᠳᠡᠯ》᠎ᠳᠤ᠂ ᠲᠥᠷᠥᠯ ᠵᠦᠢ᠍ᠯ᠎ᠤᠨ ᠪᠡᠯᠡ ᠮᠥᠩᠭᠥ ᠵᠢ ᠪᠥᠬᠥ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ  ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢ ᠬᠠᠷᠠᠬᠠᠨ ᠪᠠᠢ᠌ᠭᠤᠯᠤᠭ᠋ᠠᠳᠤᠢ ᠬᠣᠰᠢᠭᠤ ᠰᠢᠶᠠᠨ᠎ᠤ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢ ᠪᠦᠲᠦᠭᠡᠨ ᠪᠠᠶ᠋ᠢᠭᠤᠯᠬᠤ (ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠵᠠᠰᠠᠵᠤ ᠴᠢᠮᠡᠭᠯᠡᠬᠦ᠂ ᠵᠠᠰᠠᠵᠤ ᠰᠡᠯᠪᠢᠬᠦ ᠪᠠᠭᠲᠠᠨ᠎ᠠ)᠎ᠳᠤ ᠬᠡᠷᠡᠭᠯᠡᠨ᠎ᠡ ᠭᠡᠵᠦ ᠲᠣᠳᠣᠷᠬᠠᠢ ᠲᠣᠭᠲᠠᠭ᠋ᠠᠵᠠᠢ᠃
   《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠮᠥᠩᠭᠥ ᠵᠢ ᠵᠣᠬᠢᠶᠠᠨ ᠪᠠᠢ᠌ᠭᠤᠯᠤᠨ ᠮᠡᠳᠡᠭᠦᠯᠬᠦ ᠲᠤᠬᠠᠢ ᠮᠡᠳᠡᠭᠳᠡᠯ》᠎ᠳᠤ ᠲᠣᠳᠣᠷᠬᠠᠢ ᠲᠣᠭᠲᠠᠭ᠋ᠠᠭᠰᠠᠨ᠎ᠨᠢ᠂ ᠬᠣᠰᠢᠭᠤ ᠰᠢᠶᠠᠨ᠎ᠳᠤ ᠰᠢᠨ᠎ᠡ᠎ᠪᠠᠷ ᠪᠠᠶ᠋ᠢᠭᠤᠯᠬᠤ ᠠᠷᠭ᠎ᠠ ᠮᠠᠶᠢᠭ ᠵᠶ᠋ᠠᠷ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢ ᠪᠠᠢ᠌ᠭᠤᠯᠤᠭᠰᠠᠨ ᠦᠭᠡᠢ ᠪᠥᠭᠡᠳ ᠲᠥᠯᠥᠪᠵᠢᠭᠦᠯᠦᠭᠰᠡᠨ ᠣᠷᠣ᠎ᠨᠢ 40᠎ᠠᠴᠠ ᠳᠤᠲᠠᠭᠤ ᠦᠭᠡᠢ ᠪᠠᠢ᠌ᠪᠠᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠠᠴᠠ 300 ᠲᠦᠮᠡᠨ ᠲᠥᠭᠥᠷᠢᠭ᠎ᠤᠨ ᠲᠣᠭᠲᠠᠭᠰᠠᠨ ᠲᠣᠭ᠋ᠠᠨ᠎ᠤ ᠨᠥᠬᠥᠪᠦᠷᠢ ᠣᠯᠭᠣᠨ᠎ᠠ᠃ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢ ᠪᠠᠢ᠌ᠭᠤᠯᠤᠭ᠎ᠠ ᠦᠬᠡᠢ ᠬᠣᠰᠢᠭᠤ ᠰᠢᠶᠠᠨ᠎ᠨᠤᠭᠤᠳ ᠰᠤᠯᠠ ᠪᠠᠢ᠌ᠭ᠎ᠠ ᠨᠡᠢ᠌ᠭᠡᠮ᠎ᠤᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ ᠥᠭᠡᠷᠡᠴᠢᠯᠡᠬᠦ ᠠᠷᠭ᠎ᠠ᠎ᠪᠠᠷ ᠨᠠᠰᠤᠨ᠎ᠳᠤ ᠥᠯᠥ ᠬᠥᠷᠥᠭᠰᠡᠳ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠪᠠᠶ᠋ᠢᠭᠤᠯᠬᠤ ᠮᠥᠷᠲᠡᠭᠡᠨ ᠠᠳᠠᠭ᠎ᠲᠤ᠎ᠪᠠᠨ 20 ᠤᠷᠤ᠎ᠪᠠᠷ ᠲᠦᠯᠦᠪᠯᠡᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠲᠣᠭᠲᠠᠭᠰᠠᠨ ᠲᠣᠭ᠋ᠠᠨ᠎ᠤ ᠪᠡᠯᠨ ᠮᠦᠡᠭᠭᠦ 150 ᠲᠦᠮᠡᠨ ᠲᠥᠭᠥᠷᠢᠭ ᠲᠤᠰᠠᠯᠠᠨ᠎ᠠ᠃
   《2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ ᠮᠥᠩᠭᠥ ᠵᠢ ᠵᠣᠬᠢᠶᠠᠨ ᠪᠠᠢ᠌ᠭᠤᠯᠤᠨ ᠮᠡᠳᠡᠭᠦᠯᠬᠦ ᠲᠤᠬᠠᠢ ᠮᠡᠳᠡᠭᠳᠡᠯ》᠎ᠳᠤ ᠮᠡᠳᠡᠭᠦᠯᠬᠦ ᠬᠡᠪᠴᠢᠶ᠎ᠡ᠂ ᠨᠥᠬᠥᠪᠦᠷᠢ ᠵᠢᠨ ᠪᠠᠷᠢᠮᠵᠢᠶ᠎ᠠ ᠪᠤᠯᠤᠨ ᠬᠤᠪᠢᠶᠠᠷᠢᠯᠠᠬᠤ ᠵᠠᠷᠴᠢᠮ᠂ ᠮᠡᠳᠡᠭᠦᠯᠬᠦ ᠮᠠᠲ᠋ᠧᠷᠢᠶᠠᠯ ᠪᠠ ᠲᠠᠰ ᠳᠠᠷᠠᠭ᠋ᠠᠯᠠᠯ ᠵᠡᠷᠭᠡ ᠭᠤᠷᠪᠠᠨ ᠲᠠᠯ᠎ᠠ᠎ᠠᠴᠠ ᠵᠢᠷᠤᠮᠵᠢᠭᠤᠯᠤᠨ᠂ ᠡᠯ᠎ᠡ ᠭᠠᠵᠠᠷ᠎ᠢ ᠵᠣᠬᠢᠶᠠᠨ ᠪᠠᠢ᠌ᠭᠤᠯᠤᠨ ᠲᠥᠷᠥᠯ ᠵᠦᠢ᠍ᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ᠂ ᠬᠢᠨᠠᠨ ᠵᠥᠪᠰᠢᠶᠡᠷᠡᠬᠦ ᠭᠠᠷᠳᠠᠮ᠎ᠢ ᠴᠢᠩᠭ᠎ᠠ ᠬᠡᠷᠡᠭᠵᠢᠭᠦᠯᠦᠨ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠬᠤ ᠪᠤᠯᠤᠨ᠎ᠠ᠃






 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠭᠢᠷᠢᠨ ᠮᠤᠵᠢ ᠵᠢ ᠲᠤᠰᠠᠯᠠᠬᠰᠠᠨ ᠡᠮᠴᠢᠯᠡᠭᠡᠨ᠎ᠤ ᠠᠩᠭᠢ ᠵᠢᠨ᠎ᠬᠢᠨ ᠢᠯᠠᠯᠲᠠ᠎ᠲᠠᠢ᠎ᠪᠠᠷ ᠪᠤᠴᠠᠵᠤ ᠢᠷᠡᠭᠰᠡᠨ᠎ᠢ ᠤᠭᠲᠤᠬᠤ ᠶᠣᠰᠣᠯᠠᠯ ᠲᠦᠩᠯᠢᠶᠣᠣ ᠬᠣᠲᠠ᠎ᠳᠤ ᠶᠠᠪᠤᠭᠳᠠᠪᠠ ᠪᠦᠦ ᠰᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠮᠠᠨ᠎ᠤ ᠲᠢᠡᠭᠭᠢᠮ ᠬᠥᠯᠥᠨ ᠪᠣᠶ᠋ᠢᠷ ᠬᠣᠲᠠ ᠵᠢᠨ ᠵᠠᠰᠠᠭ᠎ᠤᠨ ᠣᠷᠳᠣᠨ᠎ᠤ᠎ᠬᠢᠨ᠎ᠲᠠᠢ ᠠᠵᠢᠯ᠎ᠤᠨ ᠬᠤᠷᠠᠯ ᠬᠤᠷᠠᠯᠳᠤᠭᠤᠯᠪᠠ
ᠮᠠᠨ᠎ᠤ ᠣᠷᠣᠨ ᠪᠦᠬᠦ ᠣᠷᠣᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ᠎ᠤ ᠪᠠᠢ᠌ᠷᠢᠰᠢᠯ᠎ᠢ ᠢᠳᠡᠪᠬᠢᠲᠡᠢ ᠪᠠᠢ᠌ᠭᠤᠯᠪᠠ
ᠲᠥᠪ᠎ᠤᠨ ᠡᠳ᠋᠎ᠤᠨ ᠵᠠᠰᠠᠭ ᠠᠮᠤ ᠪᠤᠳᠠᠭ᠎ᠠ ᠳᠠᠷᠢᠬᠤ ᠲᠠᠷᠢᠶᠠᠴᠢᠳ᠎ᠲᠤ 11.4681 ᠳ᠋ᠦᠩᠰᠢᠭᠤᠷ ᠲᠥᠭᠥᠷᠢᠭ ᠨᠥᠬᠥᠪᠦᠷᠢ ᠪᠠᠭᠤᠯᠭ᠋ᠠᠪᠠ
ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢ ᠪᠠᠢ᠌ᠴᠠᠭ᠋ᠠᠬᠤ᠎ᠳᠤ᠎ᠪᠠᠨ ᠬᠤᠸᠠᠡᠭ ᡁᠢ ᠴᠢᠶᠠᠡᠭ ᠴᠢᠬᠤᠯᠠᠴᠢᠯᠠᠭᠰᠠᠨ᠎ᠨᠢ ᠰᠠᠭᠤᠷᠢ ᠱᠤᠭᠤᠮ᠎ᠤᠨ ᠰᠡᠳᠬᠢᠬᠦᠢ ᠪᠠ ᠲᠦᠭᠰᠢᠭᠦᠷᠢ ᠵᠢᠨ ᠤᠬᠠᠮᠰᠠᠷ᠎ᠢ ᠪᠠᠲᠤ ᠪᠡᠬᠢ ᠪᠣᠶ ᠪᠣᠯᠭ᠋ᠠᠵᠤ ᠭᠠᠵᠠᠷ ᠬᠥᠳᠡᠯᠦᠯᠲᠡ ᠵᠢᠨ ᠭᠠᠮᠰᠢᠭ᠎ᠤᠨ ᠳᠠᠯᠳᠠ ᠬᠡᠮ᠎ᠢ ᠣᠨᠣᠪᠴᠢᠲᠠᠶ ᠪᠥᠭᠡᠳ ᠪᠦᠲᠦᠮᠵᠢᠲᠡᠶ ᠰᠡᠷᠭᠡᠢ᠌ᠯᠡᠨ ᠠᠷᠢᠯᠭ᠋ᠠᠬᠤ ᠬᠡᠷᠡᠭᠲᠡᠢ
 
            