ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ ᠪᠦᠬᠦ ᠣᠷᠣᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ᠎ᠤ ᠪᠠᠢ᠌ᠷᠢᠰᠢᠯ᠎ᠢ ᠢᠳᠡᠪᠬᠢᠲᠡᠢ ᠪᠠᠢ᠌ᠭᠤᠯᠪᠠ
ᠨᠡᠶᠢᠲᠡᠯᠡᠭᠰᠡᠨ ᠴᠠᠭ᠄ 2022-04-25

    ᠣᠢ᠌ᠷ᠎ᠠ ᠵᠢᠨ ᠵᠢᠯ ᠮᠠᠨ᠎ᠤ ᠣᠷᠣᠨ ᠠᠭᠤᠯᠠ ᠤᠰᠤ᠂ ᠣᠶ ᠰᠢᠭᠤᠢ᠂ ᠲᠠᠷᠢᠶᠠᠨ ᠭᠠᠵᠠᠷ᠂ ᠨᠠᠭᠤᠷ ᠪᠡᠯᠴᠢᠭᠡᠷ᠂ ᠡᠯᠡᠰᠦ ᠮᠠᠡᠭᠬ᠎ᠠ ᠵᠢ ᠲᠤᠬᠳᠠᠪᠤᠷᠢᠵᠢᠭᠤᠯᠬᠤ ᠪᠠ ᠵᠠᠰᠠᠵᠤ ᠰᠡᠷᠭᠦᠭᠡᠬᠦ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠥᠪᠥᠷ ᠮᠣᠩᠭᠣᠯ᠎ᠤᠨ ᠣᠨᠴᠠᠯᠢᠭ᠎ᠢ ᠲᠣᠪᠤᠢ᠌ᠯᠭ᠋ᠠᠨ᠂ ᠨᠤᠲᠤᠭ ᠪᠡᠯᠴᠢᠭᠡᠷ ᠪᠠ ᠣᠶ ᠰᠢᠭᠤᠢ ᠵᠢ ᠬᠠᠮᠠᠭ᠋ᠠᠯᠠᠬᠤ ᠵᠢ ᠲᠡᠷᠢᠭᠦᠨ ᠴᠢᠬᠤᠯᠠ ᠡᠭᠦᠷᠭᠡ᠎ᠪᠠᠨ ᠪᠣᠯᠭ᠋ᠠᠵᠤ᠂ ᠶᠡᠬᠡ ᠲᠠᠯ᠎ᠠ ᠨᠤᠲᠤᠭ᠂ ᠶᠡᠬᠡ ᠣᠶ ᠰᠢᠭᠤᠢ᠂ ᠶᠡᠬᠡ ᠭᠣᠣᠯ ᠮᠥᠷᠡᠨ ᠨᠠᠭᠤᠷ ᠴᠥᠭᠥᠷᠥᠮ᠂ ᠶᠡᠬᠡ ᠴᠢᠭᠢᠭᠯᠢᠭ ᠭᠠᠵᠠᠷ᠎ᠢ ᠰᠠᠢ᠌ᠲᠤᠷ ᠬᠠᠮᠠᠭ᠋ᠠᠯᠠᠵᠤ᠂ ᠥᠪᠥᠷ ᠮᠣᠩᠭᠣᠯ᠎ᠤᠨ ᠪᠣᠬᠢᠷᠳᠤᠯ ᠦᠭᠡᠢ ᠰᠠᠭᠤᠷᠢ ᠪᠠ ᠠᠮᠢ ᠠᠬᠤᠢ ᠵᠢᠨ ᠦᠨ᠎ᠡ ᠥᠷᠲᠡᠭ᠎ᠢ ᠬᠠᠷᠠᠭᠤᠯᠪᠠ᠃
    ᠮᠠᠨ᠎ᠤ ᠣᠷᠣᠨ 《ᠭᠤᠷᠪᠠᠨ ᠣᠷᠣᠨ ᠭᠤᠷᠪᠠᠨ ᠱᠤᠭᠤᠮ》᠎ᠢ ᠵᠣᠬᠢᠰᠲᠠᠢ ᠵᠠᠭ᠋ᠠᠭᠯᠠᠨ ᠲᠣᠭᠲᠠᠭ᠋ᠠᠵᠤ᠂ ᠨᠤᠲᠤᠭ ᠪᠡᠯᠴᠢᠭᠡᠷ᠂ ᠣᠶ ᠰᠢᠭᠤᠢ᠂ ᠭᠣᠣᠯ ᠮᠥᠷᠡᠨ᠂ ᠨᠠᠭᠤᠷ ᠴᠥᠭᠥᠷᠥᠮ᠂ ᠨᠤᠭᠤ ᠭᠠᠵᠠᠷ᠂ ᠡᠯᠡᠰᠦ ᠮᠠᠩᠬ᠎ᠠ᠂ ᠴᠦᠯᠡᠷᠬᠡᠭ ᠭᠠᠵᠠᠷ᠎ᠢ ᠨᠢᠭᠡ ᠴᠣᠭᠴᠠᠵᠢᠭᠤᠯᠤᠭᠰᠠᠨ ᠪᠥᠬᠥ ᠣᠷᠣᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ᠎ᠤ ᠪᠠᠢ᠌ᠷᠢᠰᠢᠯ᠎ᠢ ᠪᠠᠢ᠌ᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ 59.69 ᠲᠦᠮᠡᠨ ᠲᠡᠭᠰᠢ ᠳᠥᠷᠪᠡᠯᠵᠢᠨ ᠺᠢᠯᠣᠮᠧᠲᠷ ᠠᠩᠬ᠎ᠠ ᠠᠯᠬᠤᠮ ᠵᠠᠭ᠋ᠠᠭᠯᠠᠨ ᠲᠣᠭᠲᠠᠭ᠋ᠠᠪᠠ᠃ ᠵᠢᠷᠭᠤᠭ᠋ᠠᠨ ᠶᠡᠬᠡ ᠲᠠᠯ᠎ᠠ ᠨᠤᠲᠤᠭ᠎ᠤᠨ ᠮᠠᠯᠵᠢᠬᠤ ᠣᠷᠣᠨ ᠪᠠ ᠳᠥᠷᠪᠡᠨ ᠶᠡᠬᠡ ᠮᠠᠯᠵᠢᠬᠤ ᠲᠠᠷᠢᠶᠠᠯᠠᠬᠤ ᠣᠷᠣᠨ᠎ᠢ ᠪᠦᠲᠦᠭᠡᠨ ᠪᠠᠢ᠌ᠭᠤᠯᠵᠤ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ 6.22 ᠲᠦᠮᠡᠨ ᠲᠡᠭᠰᠢ ᠳᠥᠷᠪᠡᠯᠵᠢᠨ ᠺᠢᠯᠣᠮᠧᠲᠷ ᠠᠩᠬ᠎ᠠ ᠠᠯᠬᠤᠮ ᠵᠠᠭ᠋ᠠᠭᠯᠠᠨ ᠲᠣᠭᠲᠠᠭ᠋ᠠᠪᠠ᠃ ᠬᠥᠬᠡᠬᠣᠲᠠ᠂ ᠪᠤᠭᠤᠲᠤ᠂ ᠣᠷᠳᠣᠰ᠂ ᠤᠯᠠᠭ᠋ᠠᠨᠴᠠᠪ ᠵᠶ᠋ᠡᠷ ᠭᠤᠤᠯ ᠪᠤᠯᠭ᠋ᠠᠵᠤ᠂ ᠤᠯᠠᠭ᠋ᠠᠨᠬᠠᠳᠠ᠂ ᠲᠦᠩᠯᠢᠶᠣᠣ᠎ᠪᠠᠷ ᠲᠡᠳ᠋ᠯᠡᠬᠦᠯᠵᠤ᠂᠂ ᠠᠢ᠌ᠮᠠᠭ ᠬᠤᠳᠠ᠂ ᠬᠣᠰᠢᠭᠤ ᠰᠢᠶᠠᠨ ᠎ᠤ ᠭᠣᠣᠯ ᠬᠣᠲᠠ ᠪᠠᠯᠭ᠋ᠠᠰᠤ᠎ᠪᠠᠷ ᠵᠠᠩᠭᠢᠯᠠᠭ᠎ᠠ ᠪᠣᠯᠭ᠋ᠠᠭᠰᠠᠨ ᠬᠣᠲᠠ ᠪᠠᠯᠭ᠋ᠠᠰᠤ ᠵᠢᠨ ᠣᠷᠣᠨ ᠵᠠᠢ ᠵᠢᠨ  ᠰᠢᠰᠲᠸᠮ᠎ᠢ ᠪᠠᠢ᠌ᠭᠤᠯᠵᠤ᠂ ᠬᠣᠲᠠ ᠪᠠᠯᠭ᠋ᠠᠰᠤ ᠵᠢᠨ ᠨᠡᠭᠡᠭᠡᠨ ᠬᠥᠭᠵᠢᠭᠦᠯᠬᠦ ᠬᠢᠯᠢ ᠵᠢᠨ ᠵᠠᠭ᠋ᠠᠭ ᠎ᠢ 0%38 ᠲᠦᠮᠡᠨ ᠲᠡᠭᠰᠢ ᠳᠥᠷᠪᠡᠯᠵᠢᠨ ᠺᠢᠯᠤᠮᠸᠲᠷ ᠠᠩᠬ᠎ᠠ ᠠᠯᠬᠤᠮ ᠬᠤᠪᠢᠶᠠᠷᠢᠯᠠᠨ ᠲᠤᠬᠳᠠᠭ᠋ᠠᠪᠠ᠃ ᠬᠥᠭᠵᠢᠯᠲᠡ ᠬᠢᠭᠡᠳ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠠᠵᠤ ᠦᠢ᠍ᠯᠡᠰ᠎ᠤᠨ ᠪᠠᠢ᠌ᠷᠢᠰᠢᠯ ᠪᠠ ᠠᠮᠢ ᠠᠬᠤᠢ ᠵᠢᠨ ᠰᠡᠷᠭᠦᠭᠡᠯᠲᠡ ᠵᠢ ᠵᠣᠬᠢᠴᠠᠭᠤᠯᠤᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠪᠤᠯᠤᠨ ᠡᠯ᠎ᠡ ᠲᠥᠷᠥᠯ᠎ᠤᠨ ᠲᠤᠰᠬᠠᠢ ᠵᠦᠢ᠍ᠯ᠎ᠤᠨ ᠲᠥᠯᠦᠪᠵᠢᠭᠦᠯᠭᠡ᠎ᠳᠤ ᠲᠣᠭᠲᠠᠭ᠋ᠠᠭᠰᠠᠨ ᠴᠢᠬᠤᠯᠠ ᠶᠡᠬᠡ ᠲᠥᠷᠥᠯ ᠵᠦᠢ᠍ᠯ᠎ᠢ ᠲᠥᠯᠦᠪᠵᠢᠭᠦᠯᠭᠡ ᠵᠢᠨ ᠨᠠᠷᠢᠨ ᠬᠠᠭᠤᠳᠠᠰᠤᠨ᠎ᠳᠤ ᠵᠢᠭᠰᠠᠭ᠋ᠠᠨ ᠣᠷᠣᠭᠤᠯᠵᠤ᠂ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠠᠳᠤᠯᠠᠪᠠ᠃ ᠣᠷᠣᠨ ᠬᠤᠪᠢᠶᠠᠵᠤ ᠂ ᠲᠥᠷᠥᠯ ᠬᠤᠪᠢᠶᠠᠬᠤ ᠴᠢᠳᠠᠮᠵᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ 《ᠭᠤᠷᠪᠠᠨ ᠣᠷᠣᠨ ᠭᠤᠷᠪᠠᠨ ᠱᠤᠭᠤᠮ》᠎ᠤᠨ ᠬᠠᠮᠢᠶᠠᠷᠤᠨ ᠡᠵᠡᠮᠳᠡᠬᠦ ᠵᠠᠷᠴᠢᠮ᠎ᠢ ᠲᠣᠳᠣᠷᠬᠠᠢ᠌ᠯᠠᠬᠤ᠎ᠪᠠᠷ ᠳᠠᠮᠵᠢᠭᠤᠯᠤᠨ᠂ ᠬᠣᠲᠠ ᠪᠠᠯᠭ᠋ᠠᠰᠤ ᠵᠢᠨ ᠡᠮᠬᠢ ᠵᠢᠷᠤᠮ ᠦᠭᠡᠢ᠎ᠪᠠᠷ ᠥᠷᠭᠡᠳᠬᠦ ᠵᠢ ᠬᠣᠷᠢᠭᠯᠠᠵᠤ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢ ᠴᠢᠩᠳᠠᠯᠠᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠢ᠌ᠯᠡᠨ ᠬᠤᠷᠢᠬᠯᠠᠪᠠ᠃ ᠠᠮᠢ ᠠᠬᠤᠢ ᠵᠢᠨ ᠣᠷᠴᠢᠨ ᠨᠥᠬᠥᠴᠡᠯ᠎ᠤᠨ ᠮᠠᠭᠤᠳᠠᠯ᠎ᠤᠨ ᠪᠦᠰᠡ᠂ ᠴᠡᠭ ᠪᠠᠢ᠌ᠷᠢ᠂ ᠣᠷᠣᠨ ᠬᠡᠰᠡᠭ᠎ᠢ ᠵᠠᠰᠠᠨ ᠰᠡᠷᠭᠦᠭᠡᠬᠦ ᠬᠦᠷᠢᠶ᠎ᠡ ᠬᠡᠪᠴᠢᠶ᠎ᠡ ᠵᠢ ᠲᠣᠳᠣᠷᠬᠠᠢ ᠪᠣᠯᠭ᠋ᠠᠵᠤ᠂ ᠠᠭᠤᠯᠠ ᠤᠰᠤ᠂ ᠤᠢ ᠰᠢᠭᠤᠢ᠂ ᠲᠠᠷᠢᠶᠠᠨ ᠭᠠᠵᠠᠷ᠂ ᠨᠠᠭᠤᠷ ᠴᠥᠭᠥᠷᠥᠮ᠂ ᠡᠪᠡᠰᠦ ᠡᠯᠡᠰᠦ ᠵᠢ ᠰᠢᠰᠲ᠋ᠧᠮ᠎ᠲᠠᠢ᠎ᠪᠠᠷ ᠵᠠᠰᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠬᠦᠯᠪᠡ᠃ ᠠᠭᠤᠷᠬᠠᠢ ᠵᠢᠨ ᠠᠮᠢ ᠠᠬᠤᠢ ᠵᠢ ᠬᠠᠮᠠᠭ᠋ᠠᠯᠠᠵᠤ ᠰᠡᠷᠭᠦᠭᠡᠨ ᠵᠠᠰᠠᠬᠤ ᠵᠢ ᠠᠬᠢᠭᠤᠯᠵᠤ᠂ ᠪᠠᠢ᠌ᠭ᠋ᠠᠯᠢ ᠵᠢ ᠬᠦᠨᠳᠦᠳᠬᠡᠬᠦ᠂ ᠪᠠᠢ᠌ᠭ᠋ᠠᠯᠢ᠎ᠳᠤ ᠵᠣᠬᠢᠴᠠᠬᠤ᠂ ᠪᠠᠢ᠌ᠭ᠋ᠠᠯᠢ ᠵᠢ ᠬᠠᠮᠠᠭ᠋ᠠᠯᠠᠬᠤ ᠠᠮᠢ ᠠᠬᠤᠢ ᠵᠢᠨ ᠪᠣᠯᠪᠠᠰᠤᠨ᠎ᠤ ᠬᠠᠮᠠᠭ᠋ᠠᠯᠠᠯᠲᠠ ᠵᠢᠨ ᠰᠢᠨ᠎ᠡ ᠪᠠᠢ᠌ᠷᠢᠰᠢᠯ᠎ᠢ ᠢᠳᠡᠪᠬᠢᠲᠡᠢ ᠪᠠᠢ᠌ᠭᠤᠯᠤᠬᠰᠠᠨ ᠪᠠᠢ᠌ᠨ᠎ᠠ᠃




 


 

ᠢᠷᠡᠯᠲᠡ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠪ᠎ᠤᠨ ᠡᠳ᠋᠎ᠤᠨ ᠵᠠᠰᠠᠭ ᠠᠮᠤ ᠪᠤᠳᠠᠭ᠎ᠠ ᠳᠠᠷᠢᠬᠤ ᠲᠠᠷᠢᠶᠠᠴᠢᠳ᠎ᠲᠤ 11.4681 ᠳ᠋ᠦᠩᠰᠢᠭᠤᠷ ᠲᠥᠭᠥᠷᠢᠭ ᠨᠥᠬᠥᠪᠦᠷᠢ ᠪᠠᠭᠤᠯᠭ᠋ᠠᠪᠠ
ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢ ᠪᠠᠢ᠌ᠴᠠᠭ᠋ᠠᠬᠤ᠎ᠳᠤ᠎ᠪᠠᠨ ᠬᠤᠸᠠᠡᠭ ᡁᠢ ᠴᠢᠶᠠᠡᠭ ᠴᠢᠬᠤᠯᠠᠴᠢᠯᠠᠭᠰᠠᠨ᠎ᠨᠢ ᠰᠠᠭᠤᠷᠢ ᠱᠤᠭᠤᠮ᠎ᠤᠨ ᠰᠡᠳᠬᠢᠬᠦᠢ ᠪᠠ ᠲᠦᠭᠰᠢᠭᠦᠷᠢ ᠵᠢᠨ ᠤᠬᠠᠮᠰᠠᠷ᠎ᠢ ᠪᠠᠲᠤ ᠪᠡᠬᠢ ᠪᠣᠶ ᠪᠣᠯᠭ᠋ᠠᠵᠤ ᠭᠠᠵᠠᠷ ᠬᠥᠳᠡᠯᠦᠯᠲᠡ ᠵᠢᠨ ᠭᠠᠮᠰᠢᠭ᠎ᠤᠨ ᠳᠠᠯᠳᠠ ᠬᠡᠮ᠎ᠢ ᠣᠨᠣᠪᠴᠢᠲᠠᠶ ᠪᠥᠭᠡᠳ ᠪᠦᠲᠦᠮᠵᠢᠲᠡᠶ ᠰᠡᠷᠭᠡᠢ᠌ᠯᠡᠨ ᠠᠷᠢᠯᠭ᠋ᠠᠬᠤ ᠬᠡᠷᠡᠭᠲᠡᠢ
ᠴᠢ ᠪᠠᠲᠤ ᠬᠥᠬᠡᠬᠣᠲᠠ᠎ᠳᠤ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠎ᠠ᠎ᠳᠤ᠎ᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ
ᠥᠪᠥᠷ ᠮᠣᠩᠭᠣᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ 《3.0 ᠲᠥᠰᠥᠯ》᠎ᠢ ᠡᠮᠬᠢ ᠵᠢᠷᠤᠮ᠎ᠲᠠᠢ ᠨᠠᠢ᠌ᠳᠠᠪᠤᠷᠢᠵᠢᠭᠤᠯᠪᠠ
ᠴᠢ ᠪᠠᠲᠤ ᠬᠥᠬᠡᠬᠣᠲᠠ᠎ᠳᠤ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠎ᠠ᠎ᠳᠤ᠎ᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ
 
            