5 ᠳ᠋ᠤᠭ᠋ᠠᠷ ᠰᠠᠷ᠎ᠠ ᠵᠢᠨ 5᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢ ᠪᠠᠢ᠌ᠴᠠᠭ᠋ᠠᠬᠤ᠎ᠳᠤ᠎ᠪᠠᠨ ᠴᠢᠬᠤᠯᠠᠴᠢᠯᠠᠬᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠡᠯ᠎ᠡ ᠵᠦᠢ᠍ᠯ᠎ᠤᠨ ᠡᠭᠦᠷᠭᠡ ᠠᠷᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠤᠷᠤᠭᠰᠢᠲᠠᠢ ᠬᠤᠷᠠᠯᠳᠤᠬᠤ ᠵᠢ ᠪᠠᠲᠤᠯᠠᠬᠤ ᠬᠡᠷᠡᠭᠲᠡᠢ᠃
ᠬᠤᠸᠠᠩ ᡁᠢ ᠴᠢᠶᠠᠩ ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠥᠷᠲᠡᠭᠡ᠂ ᠭᠠᠵᠠᠷ ᠬᠥᠳᠡᠯᠦᠯᠲᠡ ᠵᠢᠨ ᠭᠠᠮᠰᠢᠭ᠎ᠢ ᠰᠡᠷᠭᠡᠢ᠌ᠯᠡᠬᠦ ᠲᠥᠪ᠂ ᠭᠠᠵᠠᠷ ᠬᠥᠳᠡᠯᠦᠯᠲᠡ ᠵᠢᠨ ᠪᠠᠴᠢᠮ᠎ᠢ ᠠᠷᠭ᠋ᠠᠴᠠᠭ᠋ᠠᠬᠤ ᠵᠢᠯᠤᠭᠣᠳᠬᠤ ᠲᠥᠪ᠎ᠢ ᠪᠠᠢ᠌ᠴᠠᠭ᠋ᠠᠬᠤ᠎ᠳᠤ᠎ᠪᠠᠨ ᠪᠥᠬᠥ ᠣᠷᠣᠨ᠎ᠤ ᠭᠠᠵᠠᠷ ᠬᠥᠳᠡᠯᠦᠯᠲᠡ ᠵᠢᠨ ᠪᠠᠢ᠌ᠳᠠᠯ ᠪᠠ ᠭᠠᠵᠠᠷ ᠬᠥᠳᠡᠯᠦᠯᠲᠡ ᠵᠢᠨ ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠵᠠᠰᠠᠬᠤ᠂ ᠭᠠᠵᠠᠷ ᠬᠥᠳᠡᠯᠦᠯᠲᠡ ᠵᠢᠨ ᠣᠷᠣᠨ ᠪᠦᠰᠡ ᠵᠢ ᠦᠨᠡᠯᠡᠨ ᠵᠢᠱ᠌ᠢᠬᠦ᠂ ᠭᠠᠵᠠᠷ ᠬᠥᠳᠡᠯᠦᠯᠲᠡ ᠵᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠭᠠᠵᠠᠷ ᠬᠥᠳᠡᠯᠦᠯᠲᠡ ᠵᠢᠨ ᠥᠷᠲᠡᠭᠡ ᠲᠣᠣᠷ᠎ᠤᠨ ᠪᠠᠢ᠌ᠭᠤᠯᠤᠯᠲᠠ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠭᠰᠠᠨ ᠪᠥᠭᠡᠳ ᠪᠥᠬᠥ ᠣᠷᠣᠨ᠎ᠤ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠠᠵᠢᠯ᠎ᠤᠨ ᠲᠤᠰᠬᠠᠢ ᠰᠡᠳᠦᠪᠲᠦ ᠬᠤᠷᠠᠯ᠎ᠢ ᠡᠷᠭᠢᠯᠡᠨ ᠬᠤᠷᠠᠯᠳᠤᠭᠤᠯᠪᠠ᠃
ᠬᠤᠸᠠᠩ ᡁᠢ ᠴᠢᠶᠠᠩ ᠵᠢᠭ᠋ᠠᠬᠰᠠᠨ᠎ᠨᠢ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠠᠵᠢᠯ᠎ᠢ ᠰᠠᠢ᠌ᠲᠤᠷ ᠠᠳᠬᠤᠬᠤ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭ᠋ᠠᠮ ᠰᠡᠳᠬᠢᠯᠭᠡ᠎ᠪᠠᠨ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠬᠢᠬᠦ ᠵᠢ ᠪᠠᠲᠤᠯᠠᠵᠤ᠂ ᠭᠠᠵᠠᠷ ᠬᠥᠳᠡᠯᠦᠯᠲᠡ ᠵᠢᠨ ᠭᠠᠮᠰᠢᠭ᠎ᠢ ᠬᠢᠨᠠᠨ ᠬᠡᠮᠵᠢᠵᠦ ᠤᠷᠢᠳᠴᠢᠯᠠᠨ ᠵᠢᠱ᠌ᠢᠵᠦ ᠰᠡᠷᠡᠮᠵᠢᠯᠡᠭᠦᠯᠬᠦ᠂ ᠭᠠᠵᠠᠷ ᠬᠥᠳᠡᠯᠦᠯᠲᠡ ᠵᠢᠨ ᠭᠠᠢ ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠨ ᠵᠠᠰᠠᠬᠤ᠂ ᠭᠠᠵᠠᠷ ᠬᠥᠳᠡᠯᠦᠯᠲᠡ ᠵᠢᠨ ᠪᠠᠴᠢᠮ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠠᠲᠤᠯᠠᠭ᠎ᠠ ᠵᠢᠨ 《ᠭᠤᠷᠪᠠᠨ ᠶᠡᠬᠡ ᠴᠢᠳᠠᠪᠤᠷᠢ》 ᠵᠢ ᠦᠨᠡᠨ ᠬᠦ᠌ ᠳᠡᠭᠡᠭᠰᠢᠯᠡᠭᠦᠯᠵᠦ᠂ ᠭᠠᠵᠠᠷ ᠬᠥᠳᠡᠯᠦᠯᠲᠡ ᠵᠢᠨ ᠭᠠᠢ ᠭᠠᠮᠰᠢᠭ᠎ᠤᠨ ᠲᠦᠭᠰᠢᠭᠦᠷᠢ ᠵᠢᠨ ᠭᠡᠮ ᠰᠤᠭᠤᠭ᠎ᠢ ᠨᠡᠩ ᠣᠨᠣᠪᠴᠢᠲᠠᠶ᠂ ᠨᠡᠩ ᠪᠦᠲᠦᠮᠵᠢᠲᠡᠶ ᠰᠡᠷᠭᠡᠢ᠌ᠯᠡᠨ ᠠᠷᠢᠯᠭ᠋ᠠᠬᠤ ᠬᠡᠷᠡᠭᠲᠡᠢ᠃ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ᠂ ᠪᠠᠴᠢᠮ᠎ᠢ ᠠᠷᠭ᠋ᠠᠴᠠᠭ᠋ᠠᠬᠤ ᠵᠢᠨ ᠬᠣᠯᠪᠤᠭ᠋ᠠᠯᠠᠨ ᠬᠥᠳᠡᠯᠦᠯᠴᠡᠬᠦ᠂ ᠤᠬᠠᠭᠤᠯᠭ᠎ᠠ ᠬᠥᠮᠦᠵᠢᠯ᠎ᠢ ᠪᠣᠳᠠᠲᠠᠢ᠌ᠵᠢᠭᠤᠯᠬᠤ ᠵᠢ ᠪᠠᠲᠤᠯᠠᠵᠤ᠂ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠠᠵᠢᠯ᠎ᠤᠨ ᠪᠦᠬᠦᠯᠢ ᠴᠣᠭᠴᠠ ᠵᠢᠨ ᠬᠠᠮ ᠬᠦᠴᠦᠨ᠎ᠢ ᠪᠦᠷᠢᠯᠳᠦᠭᠦᠯᠬᠦ ᠬᠡᠷᠡᠭᠲᠡᠢ᠃