ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠴᠢ ᠪᠠᠲᠤ ᠬᠥᠬᠡᠬᠣᠲᠠ᠎ᠳᠤ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠎ᠠ᠎ᠳᠤ᠎ᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ
ᠨᠡᠶᠢᠲᠡᠯᠡᠭᠰᠡᠨ ᠴᠠᠭ᠄ 2022-05-09


   5 ᠳ᠋ᠤᠭ᠋ᠠᠷ ᠰᠠᠷ᠎ᠠ ᠵᠢᠨ 6᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠬᠥᠬᠡᠬᠣᠲᠠ ᠵᠢᠨ ᠵᠢᠨ ᠾᠧ ᠨᠠᠰᠤᠳᠠᠢ᠌ᠴᠤᠳ᠎ᠤᠨ ᠠᠮᠤᠭᠤᠯᠠᠡᠭ ᠬᠦᠷᠢᠶᠡᠯᠡᠩ ᠪᠠ ᠮᠧᠶ ᠲᠦᠩ ᠵᠠᠬ᠎ᠠ ᠳᠡᠯᠭᠡᠭᠦᠷ᠎ᠲᠤ ᠭᠦᠨᠵᠡᠭᠡᠢ᠌ᠷᠡᠵᠦ᠂ ᠨᠠᠰᠤᠵᠢᠯ᠎ᠤᠨ ᠪᠠᠢ᠌ᠭᠤᠯᠤᠮᠵᠢ᠂ ᠬᠦᠢ᠍ᠲᠡᠨ ᠢᠳᠡᠭᠡᠨ ᠪᠠ ᠭᠠᠳᠠᠭ᠋ᠠᠳᠤ᠎ᠠᠴᠠ ᠣᠷᠣᠭᠤᠯᠤᠭᠰᠠᠨ ᠵᠢᠮᠢᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ᠃
    ᠴᠢ ᠪᠠᠲᠤ ᠴᠢᠬᠤᠯᠠᠴᠢᠯᠠᠭᠰᠠᠨ᠎ᠨᠢ᠂ ᠣᠳᠣᠬᠠᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠢᠵᠢᠭ᠎ᠤᠨ ᠪᠠᠢ᠌ᠳᠠᠯ ᠮᠥᠨ ᠬᠦ᠌ ᠬᠡᠴᠡᠬᠦᠤ ᠪᠠᠢ᠌ᠵᠤ᠂ ᠸᠢᠷᠦ᠋ᠰ ᠪᠠᠰᠠ ᠲᠠᠰᠤᠷᠠᠯᠲᠠ ᠦᠭᠡᠢ ᠬᠤᠪᠢᠷᠠᠵᠤ᠂ ᠰᠡᠷᠭᠡᠢ᠌ᠯᠡᠨ ᠡᠵᠡᠮᠳᠡᠬᠦ ᠪᠠᠢ᠌ᠳᠠᠯ ᠮᠥᠨ ᠬᠦ᠌ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠢ᠌ᠨ᠎ᠠ᠃ 5 ᠳ᠋ᠤᠭ᠋ᠠᠷ ᠰᠠᠷ᠎ᠠ ᠵᠢᠨ 5᠎ᠤ ᠡᠳᠦᠷ᠂ ᠰᠢ ᠵᠢᠨ ᠫᠢᠩ ᠶᠡᠷᠦᠩᠬᠡᠢ ᠱᠦᠵᠢ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶ᠎ᠠ ᠵᠢ ᠲᠤᠰᠬᠠᠢ᠌ᠯᠠᠨ ᠡᠷᠭᠢᠯᠡᠨ ᠬᠤᠷᠠᠯᠳᠤᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠭᠣᠣᠯᠳᠠᠯᠭ᠎ᠠ᠎ᠲᠠᠢ ᠠᠵᠢᠯ᠎ᠢ ᠱᠠᠯᠠᠪᠳᠠᠨ ᠪᠣᠳᠠᠲᠠᠢ ᠠᠳᠬᠤᠬᠤ ᠲᠤᠬᠠᠢ ᠰᠤᠳᠤᠯᠤᠨ ᠪᠠᠢ᠌ᠷᠢᠯᠠᠭᠤᠯᠪᠠ᠃ ᠣᠯᠠᠨ ᠵᠶ᠋ᠠᠷ ᠵᠶ᠋ᠠᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ  ᠲᠤᠭᠤᠰᠢᠯᠠᠭᠤᠯᠵᠤ᠂ 《ᠬᠥᠳᠡᠯᠦᠩᠭᠦᠢ᠎ᠪᠠᠷ ᠲᠡᠭ ᠪᠣᠯᠭ᠋ᠠᠬᠤ》 ᠶᠡᠷᠦᠩᠬᠡᠢ ᠴᠢᠭᠯᠡᠯᠲᠡ ᠵᠢ ᠢᠮᠠᠭᠲᠠ ᠪᠠᠷᠢᠮᠲᠠᠯᠠᠨ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠤᠯᠠᠮ ᠨᠠᠷᠢᠨ ᠨᠢᠮᠪᠠᠢ ᠨᠠᠢ᠌ᠳᠠᠪᠤᠷᠢᠵᠢᠭᠤᠯᠵᠤ᠂ ᠭᠠᠳᠠᠨ᠎ᠠ᠎ᠠᠴᠠ  ᠬᠠᠯᠳᠠᠪᠤᠷᠢᠯᠠᠨ ᠤᠷᠤᠵᠤ ᠢᠷᠡᠬᠦ ᠪᠠ ᠳᠣᠲᠣᠭ᠋ᠠᠳᠤ᠎ᠳᠤ᠎ᠪᠠᠨ ᠲᠠᠬᠢᠨ ᠲᠡᠯᠬᠡᠷᠡᠬᠦ᠎ᠠᠴᠠ ᠰᠡᠷᠬᠡᠢ᠌ᠯᠡᠬᠦ ᠬᠤᠷᠢᠭ᠎ᠢ ᠡᠷᠡᠰ ᠪᠠᠲᠤ ᠪᠠᠶ᠋ᠢᠭᠤᠯᠬᠤ ᠬᠡᠷᠡᠭᠲᠡᠢ᠃
    ᠴᠢ ᠪᠠᠲᠤ ᠱᠠᠭ᠋ᠠᠷᠳᠠᠬᠰᠠᠨ᠎ᠨᠢ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠨᠡᠩ ᠰᠣᠨᠣᠷ ᠰᠡᠷᠡᠮᠵᠢ᠎ᠲᠠᠢ᠂ ᠠᠷᠭ᠎ᠠ ᠬᠡᠮᠵᠢᠶ᠎ᠡ ᠵᠢᠨ ᠲᠠᠯ᠎ᠠ᠎ᠪᠠᠷ ᠨᠡᠩ ᠣᠨᠣᠪᠴᠢᠲᠠᠢ ᠪᠠᠢ᠌ᠵᠤ᠂ ᠱᠠᠭ᠋ᠠᠷᠳᠠᠯᠭ᠎ᠠ ᠵᠢᠨ ᠲᠠᠯ᠎ᠠ᠎ᠪᠠᠷ ᠨᠡᠩ ᠴᠢᠩᠭ᠎ᠠ ᠪᠠᠢ᠌ᠵᠤ᠂ ᠮᠢᠨᠴᠤᠬᠦᠷᠡᠬᠦ ᠪᠤᠳᠤᠯ᠂ ᠬᠠᠯᠠᠰᠢᠷᠠᠬᠤ ᠪᠤᠳᠤᠯ᠂  ᠭᠤᠷᠢᠳᠠᠬᠤ ᠪᠤᠳᠤᠯ᠂ ᠰᠤᠯᠠᠷᠠᠬᠤ ᠪᠤᠳᠤᠯ᠎ᠢ ᠡᠷᠡᠰ ᠬᠣᠷᠢᠭᠯᠠᠬᠤ ᠬᠡᠷᠡᠭᠲᠡᠢ᠃ ᠨᠠᠰᠤᠵᠢᠯ᠎ᠤᠨ ᠪᠠᠢ᠌ᠭᠤᠯᠤᠮᠵᠢ ᠵᠢᠨ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠴᠢᠩᠭ᠎ᠠ ᠰᠠᠢ᠌ᠲᠤᠷ ᠬᠢᠵᠦ᠂ ᠪᠥᠭᠡᠮ ᠬᠦᠴᠢᠯ᠎ᠤᠨ  ᠪᠠᠢ᠌ᠴᠠᠭ᠋ᠠᠯᠳᠠ ᠵᠢ ᠴᠢᠩᠭ᠋ᠠᠳᠬᠠᠵᠤ᠂ ᠸᠠᠺᠼᠢᠨ᠎ᠤ ᠲᠠᠷᠢᠯᠭ᠎ᠠ ᠵᠢᠨ ᠨᠤᠷᠮ᠎ᠠ ᠵᠢ ᠳᠡᠭᠡᠭᠰᠢᠯᠡᠭᠦᠯᠵᠦ᠂  ᠡᠳᠤᠷ ᠲᠤᠳᠤᠮ᠎ᠤᠨ ᠡᠮ ᠡᠮᠨᠡᠯᠭᠡ ᠵᠢᠨ ᠡᠳ᠋ ᠪᠣᠳᠠᠰ᠎ᠤᠨ ᠬᠠᠩᠭ᠋ᠠᠯᠭ᠎ᠠ ᠵᠢ ᠪᠠᠲᠤᠯᠠᠵᠤ᠂ ᠰᠡᠳᠬᠢᠴᠡ ᠵᠢ ᠲᠠᠢ᠌ᠳᠬᠤᠷᠠᠭᠤᠯᠤᠨ ᠵᠢᠯᠤᠭᠣᠳᠬᠤ ᠠᠵᠢᠯ᠎ᠢ ᠢᠳᠡᠪᠬᠢᠲᠡᠢ ᠥᠷᠨᠢᠭᠦᠯᠬᠦ ᠬᠡᠷᠡᠭᠲᠡᠢ᠃ 《ᠭᠠᠳᠠᠭ᠋ᠠᠳᠤ᠎ᠠᠴᠠ ᠤᠷᠤᠵᠤ ᠢᠷᠡᠬᠦ ᠵᠢ ᠰᠡᠷᠭᠡᠢ᠌ᠯᠡᠬᠦ》 ᠵᠢ ᠲᠣᠪᠣᠢ᠌ᠮ᠎ᠠ ᠰᠠᠢ᠌ᠲᠤᠷ ᠠᠳᠬᠤᠵᠤ᠂ ᠬᠦᠢ᠍ᠲᠡᠨ ᠢᠳᠡᠭᠡᠨ ᠪᠠ ᠭᠠᠳᠠᠭ᠋ᠠᠳᠤ᠎ᠠᠴᠠ ᠣᠷᠣᠭᠤᠯᠤᠭᠰᠠᠨ ᠵᠢᠮᠢᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠡᠳ᠋ ᠪᠠᠷᠠᠭ᠎ᠠ ᠵᠢ ᠰᠢᠯᠭ᠋ᠠᠨ ᠪᠠᠢ᠌ᠴᠠᠭ᠋ᠠᠭᠰᠠᠨ ᠬᠢᠵᠢᠭ ᠪᠠᠢ᠌ᠴᠠᠭ᠋ᠠᠭᠰᠠᠨ ᠬᠡᠷᠡᠴᠢ᠂ ᠪᠥᠭᠡᠮ ᠬᠦᠴᠢᠯ᠎ᠤᠨ ᠪᠠᠢ᠌ᠴᠠᠭ᠋ᠠᠯᠳᠠ ᠵᠢᠨ ᠮᠡᠳᠡᠭᠦᠯᠦᠯᠲᠡ ᠪᠠ ᠰᠡᠷᠭᠡᠢ᠌ᠯᠡᠬᠦ ᠴᠢᠨᠠᠷᠲᠠᠢ ᠠᠷᠢᠭᠤᠳᠬᠠᠭᠰᠠᠨ ᠭᠡᠷᠡᠴᠢ ᠵᠢ ᠴᠢᠩᠭ᠎ᠠ ᠪᠠᠢ᠌ᠴᠠᠭ᠋ᠠᠨ ᠰᠢᠯᠭ᠋ᠠᠵᠤ᠂ ᠦᠨᠡᠨ ᠨᠡᠷ᠎ᠡ᠎ᠪᠠᠷ ᠳᠠᠩᠰᠠᠯᠠᠬᠤ᠂ ᠪᠣᠷᠣᠯᠠᠭᠤᠯᠬᠤ ᠡᠬᠡ ᠲᠠᠩᠰᠠ᠂ ᠭᠡᠷᠡᠴᠢ ᠪᠠᠷᠢᠮᠲᠠ ᠠᠪᠬᠤ ᠵᠡᠷᠭᠡ ᠳᠦᠷᠢᠮ᠎ᠢ ᠨᠠᠢ᠌ᠳᠠᠪᠤᠷᠢᠵᠢᠭᠤᠯᠤᠨ᠂ ᠬᠥᠮᠥᠨ᠂ ᠪᠣᠳᠠᠰ᠂ ᠣᠷᠴᠢᠨ ᠲᠣᠭᠣᠷᠢᠨ᠎ᠢ  ᠵᠡᠷᠬᠡ᠎ᠪᠠᠷ ᠰᠡᠷᠭᠡᠢ᠌ᠯᠡᠵᠦ ᠵᠡᠷᠬᠡ᠎ᠪᠠᠷ ᠡᠵᠡᠮᠳᠡᠬᠦ ᠵᠢ ᠪᠠᠷᠢᠮᠲᠠᠯᠠᠵᠤ᠂ ᠪᠥᠬᠥ ᠬᠡᠯᠬᠢᠶᠡᠵᠢᠯ ᠵᠶ᠋ᠡᠷ᠂ ᠪᠥᠬᠥ ᠲᠠᠯ᠎ᠠ᠎ᠪᠠᠷ ᠬᠢᠨᠠᠨ ᠬᠠᠮᠢᠶᠠᠷᠬᠤ ᠵᠢ ᠪᠡᠶᠡᠯᠡᠭᠦᠯᠵᠦ᠂ ᠬᠢᠵᠢᠭ᠎ᠤᠨ ᠪᠠᠢ᠌ᠳᠠᠯ᠎ᠤᠨ ᠭᠠᠳᠠᠨ᠎ᠠ᠎ᠠᠴᠠ ᠣᠷᠣᠵᠤ ᠢᠷᠡᠬᠦ ᠪᠠ ᠬᠠᠯᠳᠠᠪᠤᠷᠢᠯᠠᠬᠤ ᠠᠷᠭ᠎ᠠ ᠵᠠᠮ᠎ᠢ ᠦᠨᠡᠨ ᠬᠦ᠌ ᠲᠠᠰᠤᠯᠬᠤ ᠬᠡᠷᠡᠭᠲᠡᠢ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠰᠠᠢ᠌ᠲᠤᠷ ᠬᠢᠬᠦ ᠵᠢᠨ ᠬᠠᠮᠲᠤ᠂ ᠡᠯ᠎ᠡ ᠲᠦᠷᠦᠯ᠎ᠤᠨ ᠨᠠᠰᠤᠵᠢᠯ᠎ᠤᠨ ᠪᠠᠢ᠌ᠭᠤᠯᠤᠮᠵᠢ ᠪᠣᠯᠣᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠴᠤ ᠦᠢ᠍ᠯᠡᠳᠪᠦᠷᠢᠯᠡᠯ ᠡᠵᠡᠩᠨᠡᠯᠲᠡ ᠵᠢᠨ ᠶᠠᠪᠤᠴᠠ᠎ᠳᠤ ᠲᠤᠯᠭ᠋ᠠᠷᠠᠭᠰᠠᠨ ᠬᠦᠴᠢᠷᠳᠡᠯ᠎ᠲᠠᠢ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ᠃




 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ 《3.0 ᠲᠥᠰᠥᠯ》᠎ᠢ ᠡᠮᠬᠢ ᠵᠢᠷᠤᠮ᠎ᠲᠠᠢ ᠨᠠᠢ᠌ᠳᠠᠪᠤᠷᠢᠵᠢᠭᠤᠯᠪᠠ
ᠴᠢ ᠪᠠᠲᠤ ᠳᠡᠳ᠋ ᠲᠡᠷᠢᠭᠦᠯᠡᠭᠴᠢ ᠬᠥᠬᠡᠬᠣᠲᠠ ᠵᠢᠨ ᠨᠠᠰᠤᠵᠢᠯ᠎ᠤᠨ ᠪᠠᠢ᠌ᠭᠤᠯᠤᠮᠵᠢ᠎ᠳᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠠᠶᠤᠯ ᠦᠬᠡᠢ ᠦᠢ᠍ᠯᠡᠳᠪᠤᠷᠢᠯᠡᠯ ᠵᠡᠷᠭᠡ ᠠᠵᠢᠯ᠎ᠢ ᠪᠠᠢ᠌ᠴᠠᠭ᠋ᠠᠪᠠ
ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠵᠢᠨ ᠠᠵᠢᠯᠯᠠᠭ᠎ᠠ᠎ᠠᠴᠠ 10.8 ᠲᠦᠮᠡᠨ ᠬᠥᠮᠥᠨ ᠤᠳᠠᠭ᠎ᠠ ᠠᠰᠢᠭ ᠭᠥᠷᠳᠡᠪᠡ
《ᠠᠷᠪᠠᠨ ᠳᠥᠷᠪᠡᠳᠦᠭᠡᠷ ᠲᠠᠪᠤᠨ ᠵᠢᠯ》 ᠎ᠤᠨ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠲᠥᠯᠦᠪᠵᠢᠭᠦᠯᠭᠡ᠎ᠳᠤ 9 ᠵᠦᠢ᠍ᠯ᠎ᠤᠨ ᠭᠣᠣᠯ ᠡᠭᠦᠷᠭᠡ 5 ᠵᠦᠢ᠍ᠯ᠎ᠤᠨ ᠭᠣᠣᠯᠳᠠᠯᠭ᠎ᠠ᠎ᠲᠠᠢ ᠢᠨᠵᠧᠨᠧᠷᠢᠩ᠎ᠢ ᠲᠣᠭᠲᠠᠭ᠋ᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢᠨ ᠤᠳᠤᠷᠢᠳᠬᠤ ᠳᠤᠭᠤᠢ᠌ᠯᠠᠩ ᠪᠦᠬᠦᠳᠡ ᠬᠤᠷᠠᠯ ᠬᠤᠷᠠᠯᠳᠤᠭᠤᠯᠵᠤ ᠴᠢ ᠪᠠᠲᠤ ᠣᠷᠣᠯᠴᠠᠪᠠ
 
            