ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ 《3.0 ᠲᠥᠰᠥᠯ》᠎ᠢ ᠡᠮᠬᠢ ᠵᠢᠷᠤᠮ᠎ᠲᠠᠢ ᠨᠠᠢ᠌ᠳᠠᠪᠤᠷᠢᠵᠢᠭᠤᠯᠪᠠ
ᠨᠡᠶᠢᠲᠡᠯᠡᠭᠰᠡᠨ ᠴᠠᠭ᠄ 2022-05-10

   5 ᠳ᠋ᠤᠭ᠋ᠠᠷ ᠰᠠᠷ᠎ᠠ ᠵᠢᠨ 8᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ᠎ᠨᠢ᠂ ᠥᠪᠥᠷ ᠮᠣᠩᠭᠣᠯ᠎ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ 3.0 ᠲᠥᠰᠥᠯ᠎ᠢ ᠡᠮᠬᠢ ᠵᠢᠷᠤᠮ᠎ᠲᠠᠢ᠎ᠪᠠᠷ ᠬᠡᠷᠡᠭᠵᠢᠭᠦᠯᠵᠦ᠂ ᠲᠣᠪᠣᠢ᠌ᠮ᠎ᠠ ᠠᠰᠠᠭᠤᠳᠠᠯ᠎ᠢ ᠡᠮᠬᠢ ᠵᠢᠷᠤᠮ᠎ᠲᠠᠢ᠎ᠪᠠᠷ ᠴᠡᠭᠴᠡᠯᠡᠨ ᠰᠠᠢ᠌ᠵᠢᠷᠠᠭᠤᠯᠵᠤ  ᠨᠠᠢ᠌ᠳᠠᠪᠤᠷᠢᠵᠢᠭᠤᠯᠵᠤ ᠪᠠᠢ᠌ᠭ᠎ᠠ ᠶᠤᠮ ᠪᠠᠢ᠌ᠨ᠎ᠠ᠃
   ᠲᠠᠨᠢᠯᠴᠠᠭᠤᠯᠤᠭᠰᠠᠨ ᠵᠶ᠋ᠠᠷ᠂ 2018 ᠣᠨ᠎ᠠᠴᠠ ᠨᠠᠭ᠋ᠠᠰᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠤᠷᠢᠳ ᠬᠣᠵᠢᠳ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠤᠨ 1.0᠂ 2.0᠎ᠢ ᠰᠢᠯᠢᠳᠡᠭᠵᠢᠭᠦᠯᠬᠦ ᠲᠥᠰᠥᠯ᠎ᠢ ᠨᠡᠢ᠌ᠲᠡᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠦᠷᠭᠦᠯᠵᠢᠯᠡᠨ ᠠᠬᠢᠭᠤᠯᠪᠠ᠃ ᠤᠯᠤᠰ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠤ ᠦᠨᠡᠯᠡᠯᠲᠡ ᠵᠢᠨ ᠦᠷ᠎ᠡ ᠳ᠋ᠦᠩ᠎ᠳᠤ ᠢᠯᠡᠷᠡᠭᠦᠯᠦᠭᠰᠡᠨ ᠵᠶ᠋ᠡᠷ᠂ ᠮᠠᠨ᠎ᠤ ᠣᠷᠣᠨ᠎ᠤ ᠬᠠᠮᠢᠶ᠎ᠠ ᠪᠦᠬᠦᠢ ᠭᠦᠢ᠍ᠴᠡᠳᠬᠡᠯ ᠲᠣᠭ᠎ᠠ ᠶᠡᠬᠡ᠎ᠪᠠᠷ ᠳᠡᠭᠡᠭᠰᠢᠯᠡᠵᠦ᠂ ᠭᠠᠢ᠌ᠯᠢ ᠲᠤᠰᠢᠶᠠᠬᠤ᠂ ᠴᠠᠬᠢᠯᠭ᠋ᠠᠨ ᠬᠦᠴᠦ ᠣᠯᠬᠤ ᠵᠡᠷᠭᠡ ᠪᠣᠳᠠᠲᠠᠢ ᠠᠷᠭ᠎ᠠ ᠬᠢᠳᠡᠯ᠎ᠨᠢ 《ᠳᠤᠮᠳᠠᠳᠤ ᠤᠯᠤᠰ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠤ ᠮᠡᠳᠡᠭᠦᠯᠦᠯᠲᠡ》 ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ ᠰᠣᠩᠭᠣᠭᠳᠠᠪᠠ᠃ ᠠᠵᠢᠯ᠎ᠤᠨ ᠦᠷ᠎ᠡ ᠪᠦᠲᠦᠭᠡᠯ ᠵᠶ᠋ᠡᠨ ᠪᠡᠬᠢᠵᠢᠭᠦᠯᠦᠨ ᠥᠷᠭᠡᠳᠬᠡᠬᠦ ᠵᠢᠨ ᠲᠥᠯᠥᠭᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠰᠠᠨᠠᠭ᠋ᠠᠴᠢᠯᠠᠭ᠎ᠠ᠎ᠠᠴᠠ᠎ᠪᠠᠨ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠬᠢᠷᠢ ᠨᠠᠷᠢᠨ ᠬᠢᠨᠠᠮᠠᠭ᠋ᠠᠢ᠎ᠪᠠᠷ ᠬᠢᠨᠠᠨ ᠦᠵᠡᠵᠦ᠂ ᠭᠦᠨᠵᠡᠭᠡᠢ ᠬᠠᠷᠢᠴᠠᠭᠤᠯᠤᠨ᠂ ᠪᠦᠬᠦ ᠲᠠᠯ᠎ᠠ ᠎ᠪᠠᠷ ᠪᠠᠷᠢᠮᠵᠢᠶ᠎ᠠ᠎ᠪᠠᠨ ᠳᠡᠭᠡᠭᠰᠢᠯᠡᠭᠦᠯᠵᠦ᠂ 《ᠨᠠᠩ ᠰᠢᠯᠢᠳᠡᠭ ᠡᠵᠡᠩᠨᠡᠯᠲᠡ ᠵᠢᠨ ᠣᠷᠴᠢᠨ ᠲᠣᠭᠣᠷᠢᠨ ᠵᠶ᠋ᠠᠷ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠦᠢ᠍ᠯᠡᠴᠢᠯᠡᠬᠦ ᠠᠵᠢᠯᠯᠠᠭ᠋ᠠᠨ᠎ᠤ ᠲᠥᠰᠥᠯ》 (3.0 ᠲᠥᠰᠥᠯ ᠭᠡᠵᠦ ᠲᠣᠪᠴᠢᠯᠠᠨ᠎ᠠ)᠎ᠢ ᠴᠠᠭ ᠲᠤᠬᠠᠢ᠎ᠳᠤ᠎ᠨᠢ ᠰᠤᠳᠤᠯᠤᠨ ᠲᠣᠭᠲᠠᠭ᠋ᠠᠵᠤ᠂ 181 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠣᠳᠣᠷᠬᠠᠢ᠌ᠯᠠᠨ᠂ ᠲᠣᠭ᠋ᠠᠴᠢᠯᠠᠭᠰᠠᠨ ᠵᠠᠰᠠᠭ᠎ᠤᠨ ᠣᠷᠳᠣᠨ᠎ᠤ ᠪᠠᠢ᠌ᠭᠤᠯᠤᠯᠲᠠ᠂ ᠠᠵᠤ ᠠᠬᠤᠢ᠌ᠯᠠᠯ᠎ᠤᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠦᠢ᠍ᠯᠡᠴᠢᠯᠡᠭᠡ᠂ ᠡᠷᠬᠡ ᠲᠡᠭᠰᠢ᠎ᠪᠠᠷ ᠥᠷᠢᠰᠦᠯᠳᠦᠬᠦ ᠣᠷᠴᠢᠨ ᠲᠣᠭᠣᠷᠢᠨ᠎ᠤ ᠪᠠᠢ᠌ᠭᠤᠯᠤᠯᠲᠠ ᠪᠠ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠣᠳᠠᠲᠠᠢ ᠲᠥᠷᠥᠭᠳᠡᠯ᠎ᠢ ᠨᠠᠩ ᠢᠯᠡᠭᠦᠦ ᠴᠢᠬᠤᠯᠠᠴᠢᠯᠠᠵᠤ᠂ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠎ᠳᠤ ᠨᠠᠩ ᠥᠨᠳᠥᠷ ᠪᠠᠷᠢᠮᠵᠢᠶ᠎ᠠ ᠪᠠ ᠨᠠᠩ ᠴᠢᠩᠭ᠎ᠠ ᠱᠠᠭ᠋ᠠᠷᠳᠠᠯᠭ᠎ᠠ ᠳᠤᠷᠠᠳᠪᠠ᠃ 《3.0 ᠲᠥᠰᠥᠯ》᠎ᠢ 2023 ᠣᠨ᠎ᠤ ᠡᠴᠦᠰ ᠪᠤᠯᠳᠠᠯ᠎ᠠ ᠪᠦᠬᠦᠨ᠎ᠢ ᠪᠡᠶᠡᠯᠡᠬᠦᠯᠬᠦ ᠪᠤᠯᠤᠨ᠎ᠠ᠃
    《3.0 ᠲᠥᠰᠥᠯ》᠎ᠢ ᠨᠠᠢ᠌ᠳᠠᠪᠤᠷᠢᠵᠢᠭᠤᠯᠬᠤ ᠶᠠᠪᠤᠴᠠ᠎ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢ 《ᠨᠢᠭᠡᠳᠦᠭᠡᠷ ᠬᠠᠷᠢᠭᠤᠴᠠᠯᠭ᠋ᠠᠲᠠᠨ᠎ᠤ ᠢᠨᠵᠧᠨᠧᠷᠢᠩ》 ᠪᠣᠯᠭ᠋ᠠᠨ ᠥᠨᠳᠥᠷ ᠲᠦᠪᠰᠢᠨ᠎ᠳᠤ ᠠᠬᠢᠭᠤᠯᠵᠤ᠂ ᠠᠯᠢ ᠤᠯᠠᠨ ᠢᠵᠢ ᠪᠦᠷᠢᠳᠦᠭᠰᠡᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠭᠵᠢᠯᠲᠡ ᠵᠢᠨ ᠣᠷᠴᠢᠨ ᠲᠣᠭᠣᠷᠢᠨ᠎ᠢ ᠳᠠᠰᠤᠷᠠᠯᠳᠠ ᠦᠭᠡᠢ ᠰᠠᠢ᠌ᠵᠢᠷᠠᠭᠤᠯᠵᠤ᠂ ᠠᠵᠤ ᠠᠬᠤᠢ᠌ᠯᠠᠯ ᠪᠣᠯᠣᠨ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ ᠤᠯᠠᠮ ᠴᠢᠨᠠᠭᠰᠢᠳᠠ  ᠨᠡᠮᠡᠭᠳᠡᠬᠦᠯᠬᠦ ᠪᠤᠯᠤᠨ᠎ᠠ᠃ ᠣᠲᠣ ᠪᠣᠯᠲᠠᠯ᠎ᠠ᠂ 181 ᠵᠦᠢ᠍ᠯ᠎ᠤᠨ ᠡᠭᠦᠷᠭᠡ ᠵᠢᠨ ᠳᠣᠲᠣᠷ᠎ᠠ ᠡᠯ᠎ᠡ ᠠᠢ᠌ᠮᠠᠭ ᠬᠣᠲᠠ ᠴᠥᠮ 6 ᠵᠦᠢ᠍ᠯ᠎ᠢ ᠪᠡᠶᠡᠯᠡᠭᠦᠯᠵᠦ᠂ 50%᠎ᠠᠴᠠ ᠳᠡᠭᠡᠭᠰᠢᠬᠢ ᠵᠢ ᠪᠡᠶᠡᠯᠡᠭᠦᠯᠦᠭᠰᠡᠨ᠎ᠨᠢ 42 ᠵᠦᠢ᠍ᠯ ᠪᠠᠢ᠌ᠵᠤ᠂ ᠪᠤᠭᠤᠲᠤ ᠬᠣᠲᠠ᠂ ᠣᠷᠳᠣᠰ ᠬᠣᠲᠠ᠂ ᠤᠯᠠᠭ᠋ᠠᠨᠬᠠᠳᠠ ᠬᠣᠲᠠ᠂ ᠬᠥᠬᠡᠬᠣᠲᠠ ᠶᠡᠷᠦᠩᠬᠡᠢ᠎ᠳᠤ᠎ᠪᠠᠨ ᠨᠡᠯᠢᠶᠡᠳ ᠰᠠᠢ᠌ᠨ ᠠᠬᠢᠴᠠ᠎ᠲᠠᠢ ᠪᠠᠢ᠌ᠨ᠎ᠠ᠃
    ᠡᠭᠦᠨ᠎ᠤ ᠬᠠᠮᠲᠤ᠂ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠶ᠎ᠪᠠᠷ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠠᠴᠠ ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠢ  ᠲᠦᠷᠤᠯ ᠵᠶ᠋ᠡᠷ ᠱᠠᠯᠠᠪᠳᠠᠭᠤᠯᠤᠨ ᠪᠠᠢ᠌ᠴᠠᠭ᠋ᠠᠬᠤ᠂ ᠡᠳᠦᠷ ᠲᠤᠲᠤᠮ᠎ᠤᠨ ᠲᠣᠬᠢᠷᠠᠭᠤᠯᠤᠯᠲᠠ ᠬᠢᠬᠦ᠂ ᠭᠤᠷᠪᠠᠳᠠᠭᠢ ᠡᠲᠡᠭᠡᠳ᠎ᠠᠴᠠ ᠦᠨᠡᠯᠡᠨ ᠵᠢᠱ᠌ᠢᠬᠦ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠲᠤᠬᠠᠢ ᠲᠦᠪᠡᠭᠲᠡᠢ ᠠᠰᠠᠭᠤᠳᠠᠯ ᠪᠠ ᠲᠦᠭᠵᠢᠷᠡᠯ ᠠᠰᠠᠭᠤᠳᠠᠯ᠎ᠢ ᠭᠦᠨᠵᠡᠭᠡᠢ ᠡᠷᠢᠵᠦ᠂ ᠨᠠᠷᠢᠨ ᠲᠠᠩᠰᠠ ᠵᠢᠭᠰᠠᠭ᠋ᠠᠵᠤ᠂ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠤᠨ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠨᠥᠯᠥᠭᠡᠯᠡᠵᠦ ᠪᠠᠢ᠌ᠭ᠎ᠠ ᠦᠯᠡᠮᠵᠢ ᠣᠯᠠᠨ ᠨᠡᠢ᠌ᠲᠡᠯᠢᠭ ᠠᠰᠠᠭᠤᠳᠠᠯ᠎ᠢ ᠦᠨᠡᠨ ᠪᠣᠳᠠᠲᠠᠢ᠎ᠪᠠᠷ ᠰᠢᠢ᠍ᠳᠪᠤᠷᠢᠯᠡᠪᠡ᠃ ᠵᠢᠱ᠌ᠢᠶᠡᠯᠡᠪᠡᠯ ᠪᠤᠭᠤᠲᠤ ᠬᠣᠲᠠ ᠵᠢᠨ ᠲᠦᠮᠡᠳ ᠪᠠᠷᠠᠭᠤᠨ ᠬᠣᠰᠢᠭᠤᠨ᠎ᠤ ᠵᠡᠭᠡᠯᠢ ᠭᠤᠳᠤᠮᠵᠢ ᠵᠢ ᠬᠠᠲᠠᠭᠤᠷᠠᠭᠤᠯᠬᠤ ᠢᠨᠵᠧᠨᠧᠷᠢᠩ᠎ᠤᠨ ᠲᠥᠷᠥᠯ ᠵᠦᠢ᠍ᠯ᠎ᠳᠤ ᠥᠪᠥᠷ ᠮᠣᠩᠭᠣᠯ᠎ᠤᠨ ᠭᠤᠸᠠᠩ᠎ᠲᠠᠢ ᠵᠠᠮ ᠬᠥᠭᠥᠷᠭᠡ ᠵᠢᠨ ᠺᠣᠮᠫᠠᠨᠢ ᠵᠢᠨ 242 ᠲᠦᠮᠡᠨ ᠲᠥᠭᠥᠷᠢᠭ᠎ᠤᠨ ᠢᠨᠵᠧᠨᠧᠷᠢᠩ᠎ᠤᠨ ᠵᠣᠭᠣᠰ᠎ᠢ ᠥᠷᠢᠲᠦᠵᠦ ᠤᠳᠠᠭ᠋ᠠᠰᠢᠷᠠᠭᠤᠯᠤᠭᠰᠠᠨ ᠠᠰᠠᠭᠤᠳᠠᠯ᠎ᠢ ᠦᠨᠤ ᠵᠢᠯ᠎ᠤᠨ 4  ᠳ᠋ᠤᠬᠡᠷ ᠰᠠᠷ᠎ᠠ ᠵᠢᠨ ᠡᠬᠢ᠎ᠪᠠᠷ ᠪᠦᠬᠦᠨ᠎ᠢ ᠲᠤᠰᠢᠶᠠᠬᠰᠠᠨ ᠪᠠᠢ᠌ᠨ᠎ᠠ᠃ ᠥᠪᠥᠷ ᠮᠣᠩᠭᠣᠯ᠎ᠤᠨ ᠭᠤᠸᠠᠩ ᠬᠤᠸ᠋ ᠭᠡᠷ ᠪᠠᠢ᠌ᠰᠢᠩ ᠭᠠᠵᠠᠷ ᠬᠥᠷᠥᠩᠭᠡ ᠵᠢᠨ ᠺᠣᠮᠫᠠᠨᠢ ᠵᠢᠨ ᠬᠥᠬᠡᠬᠣᠲᠠ ᠵᠢᠨ ᠱ᠌ᠢ ᠶᠠᠩ ᠴᠢᠶᠣᠤ ᠵᠢᠨ ᠡᠮᠦᠨ᠎ᠡ ᠵᠠᠮ᠎ᠤᠨ ᠵᠡᠭᠦᠨ ᠲᠠᠯ᠎ᠠ ᠵᠢᠨ ᠬᠡᠰᠡᠭ ᠵᠠᠮ᠎ᠢ ᠣᠷᠣᠯᠠᠨ ᠨᠤᠷᠠᠭ᠋ᠠᠭᠰᠠᠨ ᠠᠰᠠᠭᠤᠳᠠᠯ᠎ᠳᠤ᠂ ᠢᠦᠢ ᠴᠢᠤᠸᠠᠨ ᠲᠣᠭᠣᠷᠢᠭ᠎ᠤᠨ ᠵᠠᠰᠠᠭ᠎ᠤᠨ ᠣᠷᠳᠣᠨ ᠨᠢᠭᠡᠨᠲᠡ ᠭᠠᠵᠠᠷ ᠰᠢᠷᠣᠢ ᠵᠢ ᠰᠢᠯᠵᠢᠭᠦᠯᠦᠨ ᠬᠤᠳᠠᠯᠳᠤᠭᠰᠠᠨ ᠮᠥᠩᠭᠥ ᠵᠢ ᠲᠤᠯᠭ᠋ᠠᠨ ᠳᠥᠯᠥᠬᠦ ᠠᠷᠭ᠎ᠠ᠎ᠪᠠᠷ ᠠᠵᠤ ᠠᠬᠤᠢ᠌ᠯᠠᠯ᠎ᠤᠨ ᠣᠷᠣᠯᠠᠨ ᠨᠤᠷᠠᠭ᠋ᠠᠭᠰᠠᠨ ᠵᠠᠷᠤᠳᠠᠯ᠎ᠢ ᠪᠤᠴᠠᠭ᠋ᠠᠪᠠ᠃ ᠬᠥᠯᠥᠨ ᠪᠣᠶ᠋ᠢᠷ ᠬᠣᠲᠠ᠂ ᠲᠦᠩᠯᠢᠶᠣᠣ ᠬᠣᠲᠠ᠂ ᠪᠠᠶᠠᠨᠨᠠᠭᠤᠷ ᠬᠣᠲᠠ᠂ ᠠᠯᠠᠱ᠌ᠠ ᠠᠢ᠌ᠮᠠᠭ᠎ᠨᠢ ᠦᠢ᠍ᠯᠡᠴᠢᠯᠡᠭᠡᠨ᠎ᠤ ᠠᠵᠤ ᠠᠬᠤᠢ᠌ᠯᠠᠯ ᠪᠣᠯᠣᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠰᠦᠯᠵᠢᠶᠡᠨ ᠳᠡᠭᠡᠷ᠎ᠡ ᠭᠤᠶᠤᠴᠢᠯᠠᠯ ᠵᠶ᠋ᠠᠨ ᠲᠤᠰᠢᠶᠠᠵᠤ᠂ ᠮᠠᠲ᠋ᠧᠷᠢᠶᠠᠯ ᠵᠶ᠋ᠠᠨ ᠳᠡᠭᠡᠭᠰᠢ ᠳᠠᠮᠵᠢᠭᠤᠯᠵᠤ᠂ ᠲᠤᠬᠠᠢ᠌ᠯᠠᠭᠰᠠᠨ ᠠᠵᠢᠯ ᠵᠶ᠋ᠠᠨ ᠭᠦᠢ᠍ᠴᠡᠳᠬᠡᠨ᠂ ᠰᠦᠯᠵᠢᠶᠡᠨ ᠳᠡᠭᠡᠷ᠎ᠡ ᠭᠦᠢ᠍ᠴᠡᠳᠬᠡᠬᠦ ᠵᠦᠢ᠍ᠯ᠎ᠤᠨ ᠬᠠᠷᠢᠴᠠᠯ᠎ᠢ ᠦᠨᠡᠨ ᠬᠦ᠌ ᠲᠡᠭᠡᠭᠰᠢᠯᠡᠬᠦᠯᠪᠡ᠃ ᠣᠷᠳᠣᠰ ᠬᠤᠳᠠ ᠵᠢᠨ ᠦᠦᠰᠢᠨ ᠬᠣᠰᠢᠭᠤᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠰᠠᠨᠠᠭ᠋ᠠᠴᠢᠯᠠᠭ᠎ᠠ᠎ᠠᠴᠠ᠎ᠪᠠᠨ ᠤᠯᠠᠭ᠋ᠠᠨᠬᠠᠳᠠ ᠬᠤᠳᠠ ᠵᠢᠨ ᠯᠦᠩ ᠽᠦ᠍ ᠵᠢᠨ ᠤᠰᠤ ᠠᠷᠪᠢᠯᠠᠬᠤ ᠤᠰᠤᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ᠎ᠲᠠᠢ ᠵᠣᠯᠭ᠋ᠠᠭᠤᠯᠵᠤ᠂ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠲᠦᠷᠦᠯ ᠵᠦᠢ᠍ᠯ᠎ᠤᠨ ᠦᠯᠡᠳᠡᠭᠳᠡᠯ ᠵᠣᠭᠣᠰ᠎ᠢ ᠥᠭᠴᠦ ᠳᠠᠭᠤᠰᠬᠠᠪᠠ᠃ ᠬᠢᠩᠭ᠋ᠠᠨ ᠠᠢ᠌ᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠥᠷᠢᠲᠦᠵᠦ ᠪᠠᠢ᠌ᠭ᠎ᠠ 43 ᠠᠵᠤ ᠠᠬᠤᠢ᠌ᠯᠠᠯ᠎ᠤᠨ 3000 ᠭᠠᠷᠤᠢ ᠲᠦᠮᠡᠨ ᠲᠥᠭᠥᠷᠢᠭ᠎ᠤᠨ ᠦᠨᠳᠦᠰᠦᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠵᠣᠭᠣᠰ᠎ᠢ ᠪᠦᠬᠦᠨ᠎ᠢ ᠲᠥᠯᠥᠵᠦ ᠳᠠᠭᠤᠰᠬᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠳ ᠢᠨᠵᠧᠨᠧᠷᠢᠩ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠲᠦᠷᠭᠡᠳᠬᠡᠵᠦ᠂ ᠢᠨᠵᠧᠨᠧᠷᠢᠩ᠎ᠤᠨ ᠬᠢᠨᠠᠨ ᠵᠥᠪᠰᠢᠶᠡᠷᠡᠬᠦ ᠰᠢᠰᠲ᠋ᠧᠮ ᠬᠢᠭᠡᠳ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ᠂ ᠭᠠᠯ ᠤᠨᠲᠠᠷᠠᠭ᠋ᠠᠬᠤ ᠬᠢᠨᠠᠨ ᠰᠢᠯᠭ᠋ᠠᠬᠤ ᠲᠠᠪᠴᠠᠩ ᠵᠡᠷᠭᠡ ᠵᠢ ᠨᠢᠭᠡᠳᠦᠯᠲᠡᠢ ᠣᠷᠣᠭᠤᠯᠬᠤ ᠵᠢ ᠠᠬᠢᠭᠤᠯᠤᠨ᠂ ᠠᠵᠤ ᠠᠬᠤᠢ᠌ᠯᠠᠯ᠎ᠤᠨ ᠠᠵᠢᠯ ᠶᠠᠪᠤᠳᠠᠯ ᠭᠦᠢ᠍ᠴᠡᠳᠬᠡᠬᠦ᠎ᠳᠤ ᠲᠥᠬᠥᠮ ᠦᠵᠡᠬᠦᠯᠬᠦ ᠪᠤᠯᠤᠨ᠎ᠠ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠴᠢ ᠪᠠᠲᠤ ᠳᠡᠳ᠋ ᠲᠡᠷᠢᠭᠦᠯᠡᠭᠴᠢ ᠬᠥᠬᠡᠬᠣᠲᠠ ᠵᠢᠨ ᠨᠠᠰᠤᠵᠢᠯ᠎ᠤᠨ ᠪᠠᠢ᠌ᠭᠤᠯᠤᠮᠵᠢ᠎ᠳᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠠᠶᠤᠯ ᠦᠬᠡᠢ ᠦᠢ᠍ᠯᠡᠳᠪᠤᠷᠢᠯᠡᠯ ᠵᠡᠷᠭᠡ ᠠᠵᠢᠯ᠎ᠢ ᠪᠠᠢ᠌ᠴᠠᠭ᠋ᠠᠪᠠ
ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠵᠢᠨ ᠠᠵᠢᠯᠯᠠᠭ᠎ᠠ᠎ᠠᠴᠠ 10.8 ᠲᠦᠮᠡᠨ ᠬᠥᠮᠥᠨ ᠤᠳᠠᠭ᠎ᠠ ᠠᠰᠢᠭ ᠭᠥᠷᠳᠡᠪᠡ
《ᠠᠷᠪᠠᠨ ᠳᠥᠷᠪᠡᠳᠦᠭᠡᠷ ᠲᠠᠪᠤᠨ ᠵᠢᠯ》 ᠎ᠤᠨ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠲᠥᠯᠦᠪᠵᠢᠭᠦᠯᠭᠡ᠎ᠳᠤ 9 ᠵᠦᠢ᠍ᠯ᠎ᠤᠨ ᠭᠣᠣᠯ ᠡᠭᠦᠷᠭᠡ 5 ᠵᠦᠢ᠍ᠯ᠎ᠤᠨ ᠭᠣᠣᠯᠳᠠᠯᠭ᠎ᠠ᠎ᠲᠠᠢ ᠢᠨᠵᠧᠨᠧᠷᠢᠩ᠎ᠢ ᠲᠣᠭᠲᠠᠭ᠋ᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢᠨ ᠤᠳᠤᠷᠢᠳᠬᠤ ᠳᠤᠭᠤᠢ᠌ᠯᠠᠩ ᠪᠦᠬᠦᠳᠡ ᠬᠤᠷᠠᠯ ᠬᠤᠷᠠᠯᠳᠤᠭᠤᠯᠵᠤ ᠴᠢ ᠪᠠᠲᠤ ᠣᠷᠣᠯᠴᠠᠪᠠ
ᠴᠢ ᠪᠠᠳᠤ ᠬᠥᠬᠡᠬᠣᠲᠠ ᠪᠠ ᠤᠯᠠᠭ᠋ᠠᠨᠴᠠᠪ ᠬᠣᠲᠠ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ ᠠᠵᠢᠯ ᠣᠯᠭᠣᠯᠲᠠ ᠵᠢ ᠲᠤᠬᠳᠠᠪᠤᠷᠢᠵᠢᠭᠤᠯᠬᠤ ᠵᠢ ᠣᠳᠣᠬᠠᠨ᠎ᠤ ᠠᠵᠢᠯ᠎ᠤᠨ ᠭᠣᠣᠯᠳᠠᠯᠭ᠎ᠠ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ
 
            