ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢᠨ ᠤᠳᠤᠷᠢᠳᠬᠤ ᠳᠤᠭᠤᠢ᠌ᠯᠠᠩ ᠪᠦᠬᠦᠳᠡ ᠬᠤᠷᠠᠯ ᠬᠤᠷᠠᠯᠳᠤᠭᠤᠯᠵᠤ ᠴᠢ ᠪᠠᠲᠤ ᠣᠷᠣᠯᠴᠠᠪᠠ
ᠨᠡᠶᠢᠲᠡᠯᠡᠭᠰᠡᠨ ᠴᠠᠭ᠄ 2022-05-23

    5 ᠳ᠋ᠤᠭ᠋ᠠᠷ ᠰᠠᠷ᠎ᠠ ᠵᠢᠨ 18᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ  ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢᠨ ᠤᠳᠤᠷᠢᠳᠬᠤ ᠳᠤᠭᠤᠢ᠌ᠯᠠᠩ᠎ᠤᠨ ᠪᠥᠬᠥᠳᠡ ᠬᠤᠷᠠᠯ ᠬᠤᠷᠠᠯᠳᠤᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠨᠡᠢ᠌ᠭᠡᠮ᠎ᠤᠨ  ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠴᠢ ᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
    ᠴᠢ ᠪᠠᠲᠤ ᠵᠢᠭ᠋ᠠᠬᠰᠠᠨ᠎ᠨᠢ᠂ ᠨᠡᠢ᠌ᠭᠡᠮ᠎ᠤᠨ ᠲᠤᠰᠠᠯᠠᠮᠵᠢ ᠪᠣᠯ  ᠦᠨᠳᠦᠰᠦᠨ ᠱᠤᠭᠤᠮ᠎ᠢ ᠲᠦᠰᠢᠭᠯᠡᠬᠦ᠂ ᠪᠠᠴᠢᠮ ᠬᠦᠴᠢᠷᠳᠡᠯ᠎ᠠᠴᠠ ᠠᠪᠤᠷᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠰᠠᠭᠤᠷᠢ ᠴᠢᠨᠠᠷᠲᠠᠢ ᠳᠦᠷᠢᠮ᠎ᠤᠨ ᠲᠣᠬᠢᠷᠠᠭᠤᠯᠤᠯᠲᠠ ᠮᠥᠨ᠂ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ 《ᠬᠠᠮᠤᠭ ᠡᠴᠦᠰ᠎ᠤᠨ ᠰᠡᠷᠭᠡᠢ᠌ᠯᠡᠯᠲᠡ ᠵᠢᠨ ᠱᠤᠭᠤᠮ》 ᠮᠥᠨ᠂ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ ᠪᠠ ᠢᠳᠡᠵᠦ ᠡᠮᠦᠰᠬᠦ᠎ᠲᠠᠢ ᠬᠣᠯᠪᠣᠭᠳᠠᠨ᠎ᠠ᠃ ᠬᠦᠴᠢᠷᠳᠡᠯᠲᠡᠢ ᠣᠯᠠᠨ ᠲᠦᠮᠡᠨ ᠬᠡᠷᠡᠭᠴᠡᠭᠡ ᠱᠠᠭ᠋ᠠᠷᠳᠠᠯᠭ᠎ᠠ᠎ᠲᠠᠢ ᠪᠠᠢ᠌ᠪᠠᠯ᠂ ᠵᠠᠰᠠᠭ᠎ᠤᠨ ᠣᠷᠳᠣᠨ ᠪᠣᠯᠣᠨ ᠰᠠᠯᠠᠭ᠎ᠠ ᠮᠥᠴᠢᠷ᠎ᠤᠨ᠎ᠬᠢᠨ ᠬᠠᠷᠢᠭᠤ ᠲᠤᠰᠬᠠᠯ ᠭᠠᠷᠭ᠋ᠠᠬᠤ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠨᠡᠢ᠌ᠭᠡᠮ᠎ᠤᠨ  ᠲᠤᠰᠠᠯᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠦᠴᠦᠨ ᠪᠦᠬᠦᠢ ᠠᠷᠭ᠎ᠠ ᠬᠡᠮᠵᠢᠶ᠎ᠡ ᠵᠢ ᠲᠦᠷᠭᠡᠳᠬᠡᠨ ᠠᠪᠴᠤ᠂ ᠪᠥᠬᠥ ᠲᠠᠯ᠎ᠠ ᠵᠢ ᠬᠠᠮᠤᠷᠤᠭᠰᠠᠨ᠂ ᠲᠠᠰ ᠬᠤᠪᠢᠶᠠᠨ ᠲᠥᠷᠥᠯ ᠬᠤᠪᠢᠶᠠᠭᠰᠠᠨ᠂ ᠶᠡᠷᠦᠩᠬᠡᠢ᠌ᠯᠡᠭᠰᠡᠨ ᠥᠨᠳᠥᠷ ᠦᠷ᠎ᠡ ᠪᠦᠲᠦᠮᠵᠢᠲᠡᠶ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠪᠠᠢ᠌ᠷᠢᠰᠢᠯ᠎ᠢ ᠲᠦᠷᠬᠡᠨ ᠪᠠᠢ᠌ᠭᠤᠯᠬᠤ ᠬᠡᠷᠡᠭᠳᠡᠢ᠃
    ᠴᠢ ᠪᠠᠲᠤ ᠴᠢᠬᠤᠯᠠᠴᠢᠯᠠᠭᠰᠠᠨ᠎ᠨᠢ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠦᠨᠳᠦᠰᠦᠨ ᠱᠤᠭᠤᠮ᠎ᠤᠨ ᠰᠡᠳᠬᠢᠬᠦᠢ ᠵᠢ ᠪᠠᠲᠤ ᠪᠤᠶ ᠪᠣᠯᠭ᠋ᠠᠵᠤ᠂ ᠨᠡᠢ᠌ᠭᠡᠮ᠎ᠤᠨ ᠲᠤᠰᠠᠯᠠᠮᠵᠢ ᠵᠢᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ  ᠰᠢᠪᠳᠤᠯᠤᠯᠳᠠ ᠵᠢᠨ ᠦᠨᠳᠦᠰᠦᠨ ᠵᠦᠢ᠍ᠯ ᠎ᠤᠨ ᠪᠠᠳᠤᠯᠠᠭ᠎ᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠨᠡᠢ᠌ᠭᠡᠮ᠎ᠤᠨ  ᠲᠤᠰᠠᠯᠠᠮᠵᠢ ᠵᠢᠨ ᠪᠠᠲᠤᠯᠠᠭ᠎ᠠ ᠵᠢᠨ ᠪᠠᠷᠢᠮᠵᠢᠶ᠎ᠠ᠎ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠪᠠ ᠴᠠᠭ ᠲᠤᠬᠠᠢ᠎ᠳᠤ᠎ᠨᠢ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠭᠦᠯᠵᠦ᠂  ᠲᠤᠰᠠᠯᠠᠮᠵᠢ ᠵᠢᠨ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠬᠦ ᠳᠡᠭᠡᠷ᠎ᠡ ᠬᠦᠴᠦ ᠲᠠᠯᠪᠢᠵᠤ᠂  ᠲᠤᠰᠠᠯᠠᠮᠵᠢ ᠵᠢᠨ ᠦᠢ᠍ᠯᠡᠴᠢᠯᠡᠭᠡ ᠵᠢᠨ ᠰᠢᠨ᠎ᠡ ᠵᠢ ᠡᠭᠦᠳᠬᠦ ᠲᠠᠯ᠎ᠠ᠎ᠪᠠᠷ ᠪᠣᠳᠠᠲᠠᠢ ᠠᠷᠭ᠎ᠠ ᠤᠬᠠᠭ᠋ᠠᠨ ᠭᠠᠷᠭ᠋ᠠᠵᠤ᠂ ᠳᠣᠲᠣᠨᠣ ᠦᠢ᠍ᠯᠡᠴᠢᠯᠡᠭᠡ ᠵᠢᠨ ᠲᠠᠯ᠎ᠠ᠎ᠪᠠᠷ ᠬᠦᠴᠦ ᠣᠷᠣᠭᠤᠯᠵᠤ᠂ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠲᠦᠪᠰᠢᠨ ᠪᠠ 《ᠬᠠᠢ᠌ᠷ᠎ᠠ ᠬᠠᠯᠠᠮᠵᠢ》᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠬᠣᠷᠢᠭ᠎ᠠ ᠱᠤᠭᠤᠮ᠎ᠢ ᠣᠨᠣᠪᠴᠢᠲᠠᠢ ᠪᠠᠲᠤᠯᠠᠵᠤ᠂ ᠰᠠᠢ᠌ᠲᠤᠷ ᠰᠠᠬᠢᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ᠃
 





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠴᠢ ᠪᠠᠳᠤ ᠬᠥᠬᠡᠬᠣᠲᠠ ᠪᠠ ᠤᠯᠠᠭ᠋ᠠᠨᠴᠠᠪ ᠬᠣᠲᠠ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ ᠠᠵᠢᠯ ᠣᠯᠭᠣᠯᠲᠠ ᠵᠢ ᠲᠤᠬᠳᠠᠪᠤᠷᠢᠵᠢᠭᠤᠯᠬᠤ ᠵᠢ ᠣᠳᠣᠬᠠᠨ᠎ᠤ ᠠᠵᠢᠯ᠎ᠤᠨ ᠭᠣᠣᠯᠳᠠᠯᠭ᠎ᠠ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ
ᠪᠦᠬᠦ ᠤᠯᠤᠰ᠎ᠤᠨ ᠴᠠᠭ ᠠᠭᠤᠷ᠎ᠤᠨ ᠴᠢᠨᠠᠷᠯᠢᠭ ᠬᠥᠭᠵᠢᠯᠲᠡ ᠵᠢᠨ ᠠᠵᠢᠯ᠎ᠤᠨ ᠲᠧᠯᠸᠢᠰ ᠤᠲᠠᠰᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠪᠤᠯᠤᠨ 2022 ᠣᠨ᠎ᠤ ᠪᠦᠬᠦ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠬᠦ ᠠᠵᠢᠯ᠎ᠤᠨ ᠸᠢᠳᠢᠤ᠋ ᠬᠤᠷᠠᠯ ᠬᠤᠷᠠᠯᠳᠤᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠡᠬᠢᠯᠡᠵᠤ᠂ ᠴᠢ ᠪᠠᠳᠤ ᠣᠷᠣᠯᠴᠠᠪᠠ
ᠪᠦᠬᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠣᠨ 《ᠠᠶᠤᠯᠭᠦᠢ ᠦᠢ᠍ᠯᠡᠳᠪᠦᠷᠢᠯᠡᠯ᠎ᠤᠨ ᠲᠦᠮᠡᠨ ᠭᠠᠵᠠᠷ᠎ᠤᠨ ᠠᠶᠠᠯᠠᠯ》᠎ᠤᠨ ᠠᠵᠢᠯᠯᠠᠭ᠎ᠠ ᠡᠬᠢᠯᠡᠵᠤ᠂ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠮᠠᠨ᠎ᠤ ᠣᠷᠣᠨ 2022 ᠣᠨ᠎ᠤ 《6 · 5》᠎ᠤ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠶᠠᠪᠤᠬᠳᠠᠭᠤᠯᠪᠠ
 
            