ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠠᠷᠪᠠᠨ ᠳᠥᠷᠪᠡᠳᠦᠭᠡᠷ ᠲᠠᠪᠤᠨ ᠵᠢᠯ》 ᠎ᠤᠨ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠲᠥᠯᠦᠪᠵᠢᠭᠦᠯᠭᠡ᠎ᠳᠤ 9 ᠵᠦᠢ᠍ᠯ᠎ᠤᠨ ᠭᠣᠣᠯ ᠡᠭᠦᠷᠭᠡ 5 ᠵᠦᠢ᠍ᠯ᠎ᠤᠨ ᠭᠣᠣᠯᠳᠠᠯᠭ᠎ᠠ᠎ᠲᠠᠢ ᠢᠨᠵᠧᠨᠧᠷᠢᠩ᠎ᠢ ᠲᠣᠭᠲᠠᠭ᠋ᠠᠪᠠ
ᠨᠡᠶᠢᠲᠡᠯᠡᠭᠰᠡᠨ ᠴᠠᠭ᠄ 2022-05-23


        
   5 ᠰᠠᠷ᠎ᠠ ᠵᠢᠨ 18᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠠᠴᠠ ᠬᠤᠷᠠᠯᠳᠤᠭᠤᠯᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠲᠥᠯᠦᠪᠵᠢᠭᠦᠯᠭᠡ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠤᠢ᠌ᠯᠠᠭ᠋ᠠᠬᠰᠠᠨ ᠵᠶ᠋ᠡᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠲᠥᠯᠦᠪᠵᠢᠭᠦᠯᠭᠡ》  ᠵᠢ ᠨᠡᠢ᠌ᠲᠡᠯᠡᠨ ᠬᠡᠷᠡᠭᠵᠢᠭᠦᠯᠬᠦ᠎ᠨᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠎ᠬᠢ ᠥᠪᠥᠷ ᠮᠣᠩᠭᠣᠯ᠎ᠤᠨ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠪᠠ ᠪᠠᠲᠤ ᠪᠡᠬᠢ ᠪᠠᠲᠤᠯᠠᠭ᠎ᠠ ᠬᠠᠩᠭ᠋ᠠᠵᠤ᠂ ᠥᠪᠥᠷ ᠮᠣᠩᠭᠣᠯ᠎ᠤᠨ 《ᠬᠣᠶᠠᠷ ᠬᠠᠯᠬᠠᠪᠴᠢ》 《ᠬᠣᠶᠠᠷ ᠰᠠᠭᠤᠷᠢᠨ ᠭᠠᠵᠠᠷ》 ᠪᠠ 《ᠨᠢᠭᠡ ᠪᠡᠬᠢᠯᠡᠯᠲᠡ》 ᠪᠠᠶ᠋ᠢᠭᠤᠯᠬᠤ᠎ᠳᠤ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠪᠣᠯᠣᠨ᠎ᠠ᠃
   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠲᠥᠯᠦᠪᠵᠢᠭᠦᠯᠭᠡ》 ᠎ᠳᠤ ᠭᠠᠵᠠᠷ ᠬᠥᠳᠡᠯᠦᠯᠲᠡ ᠵᠢ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠭᠡᠵᠦ ᠲᠣᠳᠣᠷᠬᠠᠢ ᠲᠣᠭᠲᠠᠭ᠋ᠠᠵᠠᠢ᠃ ᠭᠠᠵᠠᠷ ᠬᠥᠳᠡᠯᠦᠯᠲᠡ ᠵᠢᠨ ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ᠂ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠴᠢᠳᠠᠪᠤᠷᠢ ᠵᠢ ᠳᠡᠭᠡᠭᠰᠢᠯᠡᠭᠦᠯᠬᠦ᠂ ᠭᠠᠵᠠᠷ ᠬᠥᠳᠡᠯᠦᠯᠲᠡ ᠵᠢᠨ ᠪᠠᠴᠢᠮ ᠎ᠢ  ᠠᠷᠭ᠋ᠠᠴᠠᠭ᠋ᠠᠵᠤ ᠠᠪᠤᠷᠠᠨ ᠲᠤᠰᠠᠯᠠᠬᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ ᠪᠠ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠬᠤ᠂ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠩᠭ᠋ᠠᠳᠬᠠᠬᠤ᠂ ᠭᠠᠵᠠᠷ ᠬᠥᠳᠡᠯᠦᠯᠲᠡ ᠵᠢᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠪᠠ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ 9 ᠵᠦᠢ᠍ᠯ᠎ᠤᠨ ᠭᠣᠣᠯ ᠡᠭᠦᠷᠭᠡ ᠪᠣᠯᠣᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠲᠥᠷᠥᠯ ᠵᠦᠢ᠍ᠯ ᠲᠣᠭᠲᠠᠭ᠋ᠠᠨ ᠬᠡᠷᠡᠭᠵᠢᠭᠦᠯᠬᠦ᠎ᠪᠠᠷ ᠪᠠᠢ᠌ᠭ᠎ᠠ ᠥᠪᠥᠷ ᠮᠣᠩᠭᠣᠯ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠲᠤᠷᠰᠢᠯᠲᠠ ᠵᠢᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠢ ᠳᠤᠷᠠᠳᠴᠤ᠂ ᠥᠪᠥᠷ ᠮᠣᠩᠭᠣᠯ᠎ᠤᠨ ᠭᠣᠣᠯᠳᠠᠯᠭ᠎ᠠ᠎ᠲᠠᠢ ᠭᠠᠵᠠᠷ ᠣᠷᠣᠨ᠎ᠤ ᠭᠠᠵᠠᠷ ᠬᠥᠳᠡᠯᠦᠯᠲᠡ ᠵᠢ ᠰᠡᠷᠡᠮᠵᠢᠯᠡᠭᠦᠯᠬᠦ ᠨᠡᠢ᠌ᠭᠡᠮ ᠎ᠤᠨ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠠᠮᠢᠳᠤ ᠵᠥᠷᠢᠭᠳᠡᠯ᠎ᠢ ᠬᠠᠢ᠌ᠨ ᠬᠡᠮᠵᠢᠬᠦ ᠲᠥᠷᠥᠯ ᠵᠦᠢ᠍ᠯ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠭᠠᠵᠠᠷ ᠬᠥᠳᠡᠯᠦᠯᠲᠡ ᠵᠢᠨ ᠭᠠᠮᠰᠢᠭ ᠎ᠤᠨ ᠲᠦᠭᠰᠢᠭᠦᠷᠢ ᠵᠢ ᠪᠠᠢ᠌ᠴᠠᠭ᠋ᠠᠬᠤ ᠪᠠ ᠭᠣᠣᠯᠳᠠᠯᠭ᠎ᠠ᠎ᠲᠠᠢ ᠭᠡᠮ ᠰᠤᠭᠤᠭ ᠎ᠢ ᠵᠢᠭᠰᠠᠭ᠋ᠠᠨ ᠪᠠᠢ᠌ᠴᠠᠭ᠋ᠠᠬᠤ ᠲᠥᠷᠥᠯ ᠵᠦᠢ᠍ᠯ ᠪᠣᠯᠣᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ᠎ᠠᠴᠠ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠦᠨᠳᠦᠰᠦᠨ ᠱᠠᠲᠤᠨ᠎ᠤ ᠰᠠᠭᠤᠷᠢ ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ ᠵᠡᠷᠭᠡ 5 ᠭᠣᠣᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠢ᠍ᠯ ᠪᠣᠯᠣᠨ᠎ᠠ᠃
    ᠮᠠᠨ᠎ᠤ ᠣᠷᠣᠨ ᠤᠯᠤᠰ᠎ᠤᠨ ᠭᠠᠵᠠᠷ ᠬᠥᠳᠡᠯᠦᠯᠲᠡ ᠵᠢᠨ ᠳᠣᠷᠭᠢᠴᠠ ᠵᠢ ᠲᠦᠷᠭᠡᠨ ᠮᠡᠳᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ᠂ ᠾᠢᠮᠠᠯᠠᠶ᠎ᠠ ᠵᠢᠨ ᠰᠢᠨᠵᠢᠯᠡᠬᠦ ᠤᠬᠠᠭ᠋ᠠᠨ᠎ᠤ ᠲᠠᠪᠴᠠᠩ ᠵᠡᠷᠭᠡ ᠨᠢᠭᠡ ᠪᠦᠯᠦᠭ ᠭᠣᠣᠯᠳᠠᠯᠭ᠎ᠠ ᠎ᠲᠠᠢ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢ ᠲᠦᠷᠭᠡᠨ ᠮᠡᠳᠡᠭᠦᠯᠬᠦ᠂ ᠭᠠᠮᠰᠢᠭ᠎ᠤᠨ ᠪᠠᠢ᠌ᠳᠠᠯ᠎ᠢ ᠲᠦᠷᠭᠡᠨ ᠵᠢᠱ᠌ᠢᠬᠦ᠂ ᠭᠠᠵᠠᠷ ᠬᠥᠳᠡᠯᠦᠯᠲᠡ ᠵᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠴᠢᠳᠠᠪᠤᠷᠢ ᠵᠢ ᠲᠤᠢ᠌ᠯ᠎ᠤᠨ ᠶᠡᠬᠡ᠎ᠪᠠᠷ ᠳᠡᠭᠡᠭᠰᠢᠯᠡᠭᠦᠯᠵᠦ᠂ ᠪᠥᠬᠥ ᠣᠷᠣᠨ᠎ᠳᠤ ᠨᠢᠭᠡᠨᠲᠡ ᠡᠯ᠎ᠡ ᠲᠥᠷᠥᠯ᠎ᠤᠨ ᠲᠤᠰᠬᠠᠢ ᠮᠡᠷᠭᠡᠵᠢᠯ᠎ᠤᠨ ᠭᠠᠵᠠᠷ ᠬᠥᠳᠡᠯᠦᠯᠲᠡ ᠵᠢᠨ ᠥᠷᠲᠡᠭᠡ ᠵᠢ 101 ᠪᠠᠢ᠌ᠭᠤᠯᠵᠤ᠂ ᠠᠵᠢᠭᠯᠠᠯᠲᠠ ᠵᠢᠨ ᠬᠡᠮᠵᠢᠬᠦᠷ᠎ᠢ 142 ᠢᠵᠢ ᠲᠣᠬᠢᠷᠠᠭᠤᠯᠤᠨ᠂ ᠬᠥᠬᠡᠬᠣᠲᠠ᠂ ᠪᠤᠭᠤᠲᠤ᠂ ᠣᠷᠳᠣᠰ ᠵᠡᠷᠭᠡ ᠠᠵᠤ ᠠᠬᠤᠢ᠂ ᠬᠥᠮᠥᠨ ᠠᠮᠠ ᠨᠢᠭᠲᠠᠷᠠᠭᠰᠠᠨ ᠭᠠᠵᠠᠷ ᠣᠷᠣᠨ᠎ᠤ ᠭᠠᠵᠠᠷ ᠬᠥᠳᠡᠯᠦᠯᠲᠡ ᠵᠢ ᠬᠡᠮᠵᠢᠬᠦ ᠴᠢᠳᠠᠪᠤᠷᠢ ᠵᠢ ML′1.0 ᠲᠠᠰ᠎ᠲᠤ ᠬᠦᠷᠦᠭᠦᠯᠵᠦ᠂ ᠪᠤᠰᠤᠳ ᠶᠡᠬᠡᠩᠬᠢ ᠭᠠᠵᠠᠷ ᠣᠷᠣᠨ᠎ᠤ ᠬᠡᠮᠵᠢᠯᠳᠡ ᠵᠢᠨ ᠴᠢᠳᠠᠪᠤᠷᠢ ᠵᠢ ML′1.5 ᠲᠠᠰ᠎ᠲᠤ ᠬᠦᠷᠦᠭᠦᠯᠦᠭᠰᠡᠨ ᠪᠠᠢ᠌ᠨ᠎ᠠ᠃ ᠭᠠᠵᠠᠷ ᠬᠥᠳᠡᠯᠦᠯᠲᠡ ᠵᠢ ᠲᠦᠷᠭᠡᠨ ᠮᠡᠳᠡᠭᠦᠯᠬᠦ᠎ᠳᠤ 2 ᠮᠢᠨᠦ᠋ᠲ᠎ᠤᠨ ᠦᠷ᠎ᠡ ᠳ᠋ᠦᠩ᠎ᠢ ᠠᠦ᠋ᠲ᠋ᠣ᠋ ᠲᠦᠷᠭᠡᠨ ᠮᠡᠳᠡᠭᠦᠯᠬᠦ ᠵᠢ ᠪᠡᠶᠡᠯᠡᠭᠦᠯᠵᠦ᠂ ᠬᠥᠮᠥᠨ᠎ᠤ ᠬᠦᠴᠦ᠎ᠪᠠᠷ ᠳᠠᠬᠢᠨ ᠬᠢᠨᠠᠭᠰᠠᠨ᠎ᠤ ᠳᠠᠷᠠᠭ᠎ᠠ 8 ᠮᠢᠨᠦ᠋ᠲ᠎ᠤᠨ ᠳᠣᠲᠣᠷ᠎ᠠ ᠪᠥᠬᠥ ᠣᠷᠣᠨ᠎ᠤ ᠬᠡᠪᠴᠢᠶᠡᠨ᠎ᠳᠤ ᠪᠠ ᠡᠷᠬᠢᠨ ᠲᠣᠭᠣᠷᠢᠨ᠎ᠤ ᠭᠠᠵᠠᠷ ᠣᠷᠣᠨ᠎ᠤ 3.0 ᠲᠠᠰ᠎ᠠᠴᠠ ᠳᠡᠭᠡᠭᠰᠢᠬᠢ ᠭᠠᠵᠠᠷ ᠬᠥᠳᠡᠯᠦᠯᠲᠡ ᠵᠢ ᠲᠦᠷᠭᠡᠨ ᠮᠡᠳᠡᠭᠦᠯᠬᠦ ᠪᠠ ᠪᠥᠬᠥ ᠤᠯᠤᠰ᠎ᠤᠨ ᠬᠡᠪᠴᠢᠶᠡᠨ᠎ᠳᠤ 4.0 ᠲᠠᠰ᠎ᠠᠴᠠ ᠳᠡᠭᠡᠭᠰᠢᠬᠢ ᠭᠠᠵᠠᠷ ᠬᠥᠳᠡᠯᠦᠯᠲᠡ ᠵᠢᠨ ᠭᠤᠷᠪᠠᠨ ᠬᠦᠴᠦᠨ ᠵᠦᠢ᠍ᠯ᠎ᠢ ᠠᠩᠬ᠎ᠠ ᠮᠡᠳᠡᠭᠦᠯᠬᠦ ᠡᠭᠦᠷᠭᠡ ᠵᠢᠨ ᠬᠠᠷᠠᠯᠲᠠ ᠵᠢ ᠪᠡᠶᠡᠯᠡᠭᠦᠯᠦᠨ᠎ᠡ᠃ ᠭᠠᠵᠠᠷ ᠬᠥᠳᠡᠯᠦᠯᠲᠡ ᠵᠢᠨ ᠪᠠᠢ᠌ᠷᠢ ᠲᠣᠭᠲᠠᠭ᠋ᠠᠯᠲᠠ ᠵᠢᠨ ᠨᠠᠷᠢᠯᠢᠭ᠎ᠤᠨ ᠬᠡᠮᠵᠢᠶ᠎ᠡ ᠵᠢ ᠳᠡᠭᠡᠭᠰᠢᠯᠡᠭᠦᠯᠵᠦ᠂ ᠭᠠᠵᠠᠷ ᠬᠥᠳᠡᠯᠦᠯᠲᠡ ᠵᠢᠨ ᠵᠢᠱ᠌ᠢᠯᠲᠡ ᠵᠢᠨ ᠤᠨᠤᠪᠴᠢ ᠵᠢ ᠲᠡᠭᠡᠭᠰᠢᠯᠡᠬᠦᠯᠬᠦ ᠪᠤᠯᠤᠨ᠎ᠠ᠃

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠤᠨ ᠪᠠᠢ᠌ᠭᠤᠯᠤᠯᠲᠠ ᠵᠢᠨ ᠤᠳᠤᠷᠢᠳᠬᠤ ᠳᠤᠭᠤᠢ᠌ᠯᠠᠩ ᠪᠦᠬᠦᠳᠡ ᠬᠤᠷᠠᠯ ᠬᠤᠷᠠᠯᠳᠤᠭᠤᠯᠵᠤ ᠴᠢ ᠪᠠᠲᠤ ᠣᠷᠣᠯᠴᠠᠪᠠ
ᠴᠢ ᠪᠠᠳᠤ ᠬᠥᠬᠡᠬᠣᠲᠠ ᠪᠠ ᠤᠯᠠᠭ᠋ᠠᠨᠴᠠᠪ ᠬᠣᠲᠠ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ ᠠᠵᠢᠯ ᠣᠯᠭᠣᠯᠲᠠ ᠵᠢ ᠲᠤᠬᠳᠠᠪᠤᠷᠢᠵᠢᠭᠤᠯᠬᠤ ᠵᠢ ᠣᠳᠣᠬᠠᠨ᠎ᠤ ᠠᠵᠢᠯ᠎ᠤᠨ ᠭᠣᠣᠯᠳᠠᠯᠭ᠎ᠠ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ
ᠪᠦᠬᠦ ᠤᠯᠤᠰ᠎ᠤᠨ ᠴᠠᠭ ᠠᠭᠤᠷ᠎ᠤᠨ ᠴᠢᠨᠠᠷᠯᠢᠭ ᠬᠥᠭᠵᠢᠯᠲᠡ ᠵᠢᠨ ᠠᠵᠢᠯ᠎ᠤᠨ ᠲᠧᠯᠸᠢᠰ ᠤᠲᠠᠰᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠪᠤᠯᠤᠨ 2022 ᠣᠨ᠎ᠤ ᠪᠦᠬᠦ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠬᠦ ᠠᠵᠢᠯ᠎ᠤᠨ ᠸᠢᠳᠢᠤ᠋ ᠬᠤᠷᠠᠯ ᠬᠤᠷᠠᠯᠳᠤᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠡᠬᠢᠯᠡᠵᠤ᠂ ᠴᠢ ᠪᠠᠳᠤ ᠣᠷᠣᠯᠴᠠᠪᠠ
ᠪᠦᠬᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠣᠨ 《ᠠᠶᠤᠯᠭᠦᠢ ᠦᠢ᠍ᠯᠡᠳᠪᠦᠷᠢᠯᠡᠯ᠎ᠤᠨ ᠲᠦᠮᠡᠨ ᠭᠠᠵᠠᠷ᠎ᠤᠨ ᠠᠶᠠᠯᠠᠯ》᠎ᠤᠨ ᠠᠵᠢᠯᠯᠠᠭ᠎ᠠ ᠡᠬᠢᠯᠡᠵᠤ᠂ ᠬᠤᠸᠠᠩ ᡁᠢ ᠴᠢᠶᠠᠩ ᠶᠠᠷᠢᠶ᠎ᠠ ᠲᠠᠯᠪᠢᠵᠠᠢ
 
            